ᠶᠡᠬᠡ ᠳᠡᠭᠡᠳᠦ ᠰᠤᠷᠭᠠᠭᠤᠯᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠤᠷ᠎ᠠ ᠴᠢᠳᠠᠪᠤᠷᠢ᠎ᠶᠢᠨ ᠮᠥᠷᠥᠶ᠋ᠢᠴᠡᠭᠡᠨ ᠶᠠᠪᠤᠭᠳᠠᠵᠠᠢ
2026-08-10 10:52:13
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠪᠥᠬᠥ᠌ ᠣᠷᠣᠨ᠎ᠤ ᠬᠣᠶᠠᠳᠤᠭᠠᠷ ᠬᠤᠭᠤᠴᠠᠭᠠᠨ᠎ᠤ ᠶᠡᠬᠡ ᠳᠡᠭᠡᠳᠦ ᠰᠤᠷᠭᠠᠭᠤᠯᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠤ ᠤᠷ᠎ᠠ ᠴᠢᠳᠠᠪᠤᠷᠢ᠎ᠶᠢᠨ ᠮᠥᠷᠥᠶ᠋ᠢᠴᠡᠭᠡᠨ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠳᠤ ᠶᠠᠪᠤᠭᠳᠠᠪᠠ᠃ ᠪᠥᠬᠥ᠌ ᠣᠷᠣᠨ᠎ᠤ 34 ᠶᠡᠬᠡ ᠳᠡᠭᠡᠳᠦ ᠰᠤᠷᠭᠠᠭᠤᠯᠢ ᠵᠢᠨ 151 ᠪᠠᠭᠰᠢ ᠰᠤᠷᠤᠭᠴᠢᠳ ᠲᠤᠰ ᠤᠳᠠᠭᠠᠨ᠎ᠤ ᠠᠵᠢᠯᠯᠠᠭ᠎ᠠ ᠳ᠋ᠤ ᠤᠷᠤᠯᠴᠠᠵᠤ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠤ ᠤᠷ᠎ᠠ ᠴᠢᠳᠠᠪᠤᠷᠢ ᠵᠢ ᠭᠦᠢᠴᠡᠳ ᠢᠯᠡᠷᠡᠭᠦᠯᠪᠡ᠃

ᠦᠢᠯᠠᠭᠠᠭᠰᠠᠨ᠎ᠢᠶᠡᠷ᠂ ᠲᠣᠰ ᠤᠳᠠᠭᠠᠨ᠎ᠤ ᠤᠷᠤᠯᠳᠤᠭᠠᠨ᠎ᠳᠤ ᠵᠢᠷᠭᠤᠭᠠᠨ ᠶᠡᠬᠡ ᠲᠥᠷᠥᠯ ᠵᠦᠢᠯ ᠳᠣᠭᠢᠷᠠᠭᠤᠯᠵᠤ᠂ ᠠᠮᠤᠷ ᠲᠦᠪᠰᠢᠨ᠎ᠦ ᠮᠡᠳᠡᠯᠭᠡ᠎ᠶᠢᠨ ᠤᠷᠤᠯᠳᠤᠭᠠᠨ᠂ ᠪᠠᠴᠢᠮ ᠪᠠᠶ᠋ᠢᠳᠠᠯ᠎ᠢ ᠠᠷᠭᠠᠴᠠᠭᠠᠵᠤ ᠠᠮᠢ ᠵᠢᠭᠤᠲᠠᠬᠤ ᠰᠣᠷᠢᠯᠲᠠ᠂ ᠰᠠᠯᠪᠤᠷᠢ ᠥᠷᠲᠡᠭᠡᠨ᠎ᠤ ᠪᠠᠴᠢᠮ ᠪᠠᠢᠳᠠᠯ᠎ᠢ ᠰᠢᠢᠳᠪᠦᠷᠢᠯᠡᠬᠦ᠌᠂ ᠪᠦᠯᠬᠦᠮ ᠨᠡᠶ᠋ᠢᠲᠡ ᠬᠠᠮᠵᠢᠯᠴᠠᠨ ᠤᠷᠤᠯᠴᠠᠬᠤ᠂ ᠭᠠᠯ ᠰᠡᠷᠭᠡᠶ᠋ᠢᠯᠡᠬᠦ᠌ ᠲᠥᠬᠥᠭᠡᠷᠦᠮᠵᠢ᠎ᠵᠢ ᠪᠤᠳᠠᠳᠠᠢ ᠳ᠋ᠤ ᠬᠡᠷᠡᠭᠯᠡᠬᠦ᠂ ᠲᠤᠬᠠᠶ᠎ᠶᠢᠨ ᠲᠠᠯᠠᠪᠠᠶ᠎ᠳᠤ ᠵᠢᠷᠤᠭ ᠦᠵᠡᠵᠤ ᠠᠶᠤᠯ᠎ᠢ ᠢᠯᠭᠠᠨ ᠲᠠᠨᠢᠬᠤ᠂ ᠰᠤᠷᠭᠠᠭᠤᠯᠢ᠎ᠶᠢᠨ ᠬᠦᠷᠢᠶᠡᠨ᠎ᠦ ᠡᠳᠦᠷ ᠲᠤᠲᠤᠮ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠪᠥᠬᠥ᠌ ᠶᠠᠪᠤᠴᠠ ᠵᠢ ᠪᠦᠷᠢᠨ ᠬᠠᠮᠤᠷᠤᠭᠰᠠᠨ ᠪᠠᠢᠨ᠎ᠠ᠃

ᠬᠤᠷᠴᠠ ᠰᠢᠷᠦᠭᠦᠨ ᠦᠷᠢᠰᠦᠯᠳᠦᠭᠡᠨ᠎ᠢᠶᠡᠷ ᠳᠠᠮᠵᠢᠨ ᠤᠯᠠᠭᠠᠨᠬᠠᠳᠠ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠬᠥᠯᠥᠨ ᠪᠤᠢ᠌ᠷ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠨᠡᠭᠡᠭᠡᠯᠲᠡᠲᠦ᠍ ᠶᠡᠬᠡ ᠰᠤᠷᠭᠠᠭᠤᠯᠢ᠂ ᠤᠷᠳᠤᠰ᠎ᠤᠨ ᠬᠡᠷᠡᠭᠯᠡᠭᠡᠨ᠎ᠦ ᠮᠡᠷᠭᠡᠵᠢᠯ᠎ᠦᠨ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠲᠦᠩᠯᠢᠶᠣᠤ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ 8 ᠰᠤᠷᠭᠠᠭᠤᠯᠢ  ᠰᠢᠯᠢᠳᠡᠭ ᠵᠣᠬᠢᠶᠠᠨ ᠪᠠᠶ᠋ᠢᠭᠤᠯᠤᠯᠳᠠ ᠵᠢᠨ ᠱᠠᠩᠨᠠᠯ᠎ᠢ ᠬᠦᠷᠳᠡᠵᠡᠢ᠃  ᠤᠷᠤᠯᠳᠤᠭᠠᠨ᠎ᠳ᠋ᠤ ᠪᠠᠰᠠ ᠪᠦᠯᠬᠦᠮ᠎ᠦᠨ ᠲᠡᠷᠢᠬᠦᠨ ᠲᠡᠳ᠋ ᠭᠤᠳᠠᠭᠠᠷ ᠳᠡᠰ᠎ᠤᠨ ᠱᠠᠩᠨᠠᠯ ᠵᠢᠴᠢ ᠡᠯ᠎ᠡ ᠲᠠᠩ ᠲᠦᠷᠦᠯ᠎ᠦᠨ ᠱᠠᠩᠨᠠᠯ ᠵᠡᠷᠭᠡ ᠵᠢ ᠰᠢᠯᠭᠠᠷᠠᠭᠤᠯᠵᠤ᠂ ᠲᠤᠬᠠᠶ᠋ᠢᠯᠠᠭᠰᠠᠨ ᠠᠵᠢᠯ᠎ᠳᠠᠭᠠᠨ ᠴᠠᠭᠠᠷᠠᠭᠰᠠᠨ᠂ ᠤᠷ᠎ᠠ ᠴᠢᠳᠠᠪᠤᠷᠢ ᠲᠤᠪᠤᠢ᠌ᠮ᠎ᠠ᠂ ᠬᠡᠪ ᠪᠤᠯᠪᠠᠰᠤᠷᠠᠯ ᠰᠢᠯᠢᠳᠡᠭ ᠨᠢᠭᠡ ᠪᠦᠯᠦᠭ ᠶᠡᠬᠡ ᠳᠡᠭᠡᠳᠦ ᠰᠤᠷᠭᠠᠭᠤᠯᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠭᠣᠣᠯᠯᠠᠭᠴᠢ ᠬᠦᠴᠦᠨ ᠪᠣᠯᠤᠨ ᠤᠶᠤᠲᠠᠳ  ᠴᠣᠯᠭᠣᠷᠠᠨ ᠭᠠᠷᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ᠂ ᠡᠯ᠎ᠡ ᠶᠡᠬᠡ ᠳᠡᠭᠡᠳᠦ ᠰᠤᠷᠭᠠᠭᠤᠯᠢ ᠠᠮᠤᠷ ᠲᠦᠪᠰᠢᠨ᠎ᠦ ᠬᠠᠮᠢᠶᠠᠷᠤᠯᠲᠠ᠎ᠶᠢᠨ ᠲᠦᠷᠢᠮ᠎ᠢᠶᠡᠨ ᠲᠠᠰᠤᠷᠠᠯᠲᠠ ᠥᠬᠡᠶ ᠪᠦᠷᠢᠨᠰᠢᠬᠦᠯᠵᠦ᠍᠂  ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠠᠮᠢᠶᠠᠷᠤᠨ ᠡᠵᠡᠮᠳᠡᠬᠦ᠌ ᠲᠣᠭᠲᠠᠴᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠣᠶᠤᠨᠴᠢ ᠠᠮᠤᠷ ᠲᠦᠪᠰᠢᠨ᠎ᠦ ᠰᠡᠷᠭᠡᠶ᠋ᠢᠯᠡᠯᠲᠡ᠂ ᠣᠶᠤᠨᠴᠢ ᠭᠠᠯ ᠰᠡᠷᠭᠡᠶ᠋ᠢᠯᠡᠯᠲᠡ᠌ ᠵᠡᠷᠭᠡ ᠲᠣᠭᠠᠴᠢᠯᠠᠭᠰᠠᠨ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠰᠢᠰᠲ᠋ᠧᠮ᠎ᠢ ᠪᠠᠶ᠋ᠢᠭᠤᠯᠵᠤ᠂ ᠰᠤᠷᠭᠠᠭᠤᠯᠢ ᠴᠠᠭᠳᠠᠭ᠎ᠠ ᠬᠣᠯᠪᠣᠭᠠᠯᠠᠨ ᠬᠥᠳᠡᠯᠦᠯᠴᠡᠵᠦ᠍ ᠬᠠᠮᠲᠤ᠎ᠪᠠᠷ ᠪᠠᠶ᠋ᠢᠭᠤᠯᠬᠤ᠎ᠶᠢ ᠭᠦᠨᠵᠡᠭᠡᠶ᠋ᠢᠷᠡᠭᠦᠯᠦᠨ᠂ ᠪᠠᠴᠢᠮ ᠪᠠᠶ᠋ᠢᠳᠠᠯ᠎ᠢ ᠠᠷᠭᠠᠴᠠᠭᠠᠬᠤ ᠰᠣᠷᠢᠯᠲᠠ᠂ ᠠᠮᠤᠷ ᠲᠦᠪᠰᠢᠨ᠎ᠦ ᠪᠣᠯᠪᠠᠰᠤᠷᠠᠯ ᠪᠠ ᠳᠠᠯᠳᠠ ᠬᠡᠮ᠎ᠢ ᠵᠢᠭᠰᠠᠭᠠᠨ ᠪᠠᠶ᠋ᠢᠴᠠᠭᠠᠬᠤ᠎ᠶᠢ ᠪᠠᠶ᠋ᠢᠩᠭᠤᠵᠢᠭᠤᠯᠤᠨ ᠥᠷᠨᠢᠭᠦᠯᠵᠦ᠍᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠤᠤᠷ᠎ᠢ ᠪᠥᠬᠥ᠌ ᠲᠠᠯ᠎ᠠ᠎ᠪᠠᠷ ᠨᠢᠭᠲᠠ ᠰᠦᠯᠵᠢᠬᠦ ᠬᠡᠷᠡᠭᠲᠡᠶ᠃ ᠲᠣᠰ ᠤᠳᠠᠭᠠᠨ᠎ᠤ ᠮᠥᠷᠥᠶ᠋ᠢᠴᠡᠭᠡᠨ᠎ᠢᠶᠡᠷ ᠰᠢᠨ᠎ᠡ ᠭᠠᠷᠤᠭ᠎ᠠ ᠪᠣᠯᠭᠠᠵᠤ᠂ ᠪᠥᠬᠥ᠌ ᠪᠠᠭᠰᠢ ᠰᠤᠷᠤᠭᠴᠢᠳ᠎ᠢ ᠳᠠᠶ᠋ᠢᠴᠢᠯᠠᠨ ᠠᠮᠤᠷ ᠲᠦᠪᠰᠢᠨ᠎ᠦ ᠬᠥᠪᠴᠢ᠎ᠵᠢ ᠴᠢᠨᠭᠭᠠᠷᠠᠭᠤᠯᠵᠤ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠮᠠᠨ᠎ᠤ ᠣᠷᠣᠨ᠎ᠤ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠌ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠶ ᠬᠡᠵᠤ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号