ᠬᠥᠯᠥᠨ ᠪᠣᠶ᠋ᠢᠷ ᠬᠢᠯᠢ ᠬᠢᠵᠠᠭᠠᠷ ᠤᠷᠤᠨ᠎ᠤ ᠤᠨᠴᠠᠯᠢᠬᠳᠤ ᠰᠤᠷᠭᠠᠨ ᠬᠥᠮᠦᠵᠢᠯ᠎ᠦᠨ ᠬᠡᠪ ᠵᠠᠭᠪᠤᠷ᠎ᠢ ᠴᠤᠭᠴᠠᠯᠠᠨ᠎ᠠ
2026-08-10 10:24:01
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠬᠦᠯᠦᠨ ᠪᠤᠢᠷ ᠬᠤᠳᠠ ᠮᠤᠩᠭᠤᠯ ᠤᠷᠤᠰ ᠳᠠᠢ 1733 ᠺᠢᠯᠤᠮᠧᠲᠷ᠎ᠤᠨ ᠬᠢᠯᠢ ᠵᠢᠨ ᠱᠤᠭᠤᠮ ᠵᠢᠡᠷ ᠬᠦᠷᠰᠢᠯᠡᠵᠦ ᠪᠠᠢᠳᠠᠭ᠃ ᠥᠪᠥᠷ ᠮᠣᠩᠭᠣᠯ᠎ᠤᠨ ᠤᠯᠤᠰ᠎ᠤᠨ ᠡᠭᠦᠳᠡᠨ᠎ᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠭᠠᠵᠠᠷ ᠣᠷᠣᠨ ᠪᠣᠯᠤᠭᠰᠠᠨ᠎ᠤ ᠬᠤᠪᠢ᠎ᠳᠤ ᠬᠦᠯᠦᠨ ᠪᠤᠢᠷ ᠬᠤᠳᠠ ᠣᠢᠷ᠎ᠠ᠎ᠶᠢᠨ ᠵᠢᠯ᠎ᠦᠳ᠎ᠲᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠰᠢᠵᠢᠮ᠎ᠢ  ᠪᠠᠲᠤ ᠡᠵᠡᠮᠳᠡᠨ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ  ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠬᠢᠯᠢ ᠬᠢᠵᠠᠭᠠᠷ᠎ᠤᠨ ᠰᠤᠷᠭᠠᠨ ᠬᠥᠮᠦᠵᠢᠯ᠎ᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠬᠢᠯᠢ ᠬᠢᠵᠠᠭᠠᠷ᠎ᠢ ᠲᠣᠭᠲᠠᠪᠤᠷᠢᠵᠢᠭᠤᠯᠤᠨ ᠬᠢᠯᠢ ᠬᠢᠵᠠᠭᠠᠷ᠎ᠢ ᠪᠡᠬᠢᠵᠢᠭᠦᠯᠬᠦ ᠢᠨᠵᠧᠨᠧᠷᠢᠩ᠎ᠯᠤᠭᠡ ᠨᠢᠭᠡ ᠴᠣᠭᠴᠠᠵᠢᠭᠤᠯᠤᠨ ᠠᠬᠢᠭᠤᠯᠵᠤ᠂ ᠴᠢᠨᠠᠷ ᠰᠠᠢᠲᠠᠢ ᠰᠤᠷᠭᠠᠨ ᠬᠥᠮᠦᠵᠢᠯ᠎ᠵᠢᠡᠷ ᠬᠢᠯᠢ ᠬᠢᠵᠠᠭᠠᠷ ᠢ᠋ ᠬᠡᠢᠬᠦᠯᠦᠨ᠎ᠡ᠃

ᠬᠡᠷ᠎ᠤᠨ ᠡᠬᠦᠳᠡᠨ ᠳ᠋ᠤᠨᠢ ᠰᠢᠯᠢᠳᠡᠭ ᠰᠤᠷᠭᠠᠨ ᠬᠦᠮᠦᠵᠢᠯ ᠬᠦᠷᠳᠡᠬᠡᠨ᠎ᠡ

ᠬᠢᠯᠢ ᠬᠢᠵᠠᠭᠠᠷ ᠣᠷᠣᠨ᠎ᠤ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ᠂ ᠰᠤᠷᠭᠠᠭᠤᠯᠢ ᠵᠢᠨ ᠪᠠᠢᠷᠢᠰᠢᠯ ᠨᠢ ᠲᠠᠷᠠᠬᠠᠢ ᠪᠤᠲᠠᠷᠬᠠᠢ᠂ ᠰᠤᠷᠭᠠᠭᠤᠯᠢ ᠡᠷᠬᠢᠯᠡᠬᠦ ᠰᠠᠭᠤᠷᠢ ᠪᠠᠭᠤᠷᠠᠢ ᠪᠠᠢᠬᠤ ᠨᠢ ᠨᠢᠭᠡ ᠦᠶ᠎ᠡ ᠰᠤᠷᠭᠠᠨ ᠬᠥᠮᠦᠵᠢᠯ᠎ᠦᠨ ᠬᠦᠭᠵᠢᠯᠳᠡ ᠵᠢ ᠬᠢᠵᠠᠭᠠᠷᠯᠠᠬᠤ ᠪᠣᠭᠣᠮᠢ ᠪᠤᠯᠵᠤ ᠪᠠᠢᠵᠠᠢ᠃ ᠬᠥᠯᠥᠨ ᠪᠣᠶ᠋ᠢᠷ ᠬᠣᠲᠠ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠤᠷᠭᠠᠨ ᠬᠥᠮᠦᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ ᠳ᠋ᠤ ᠬᠠᠷᠠᠯᠲᠠ᠎ᠪᠠᠨ ᠪᠠᠳᠤ ᠳᠤᠭᠳᠠᠭᠠᠵᠤ᠂ ᠨᠡᠶ᠋ᠢᠲᠡ 1.09 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠡᠷᠭᠦᠨ᠎ᠡ ᠬᠣᠲᠠ᠂ ᠰᠢᠨ᠎ᠡ ᠪᠠᠷᠭᠤ ᠪᠠᠷᠠᠭᠤᠨ ᠬᠣᠰᠢᠭᠤ ᠵᠡᠷᠭᠡ ᠬᠢᠯᠢ ᠬᠢᠵᠠᠭᠠᠷ ᠣᠷᠣᠨ᠎ᠤ ᠤᠯᠤᠰ᠎ᠤᠨ ᠡᠭᠦᠳᠡᠨ᠎ᠦ ᠰᠤᠷᠭᠠᠭᠤᠯᠢ ᠪᠣᠯᠣᠨ ᠪᠠᠭᠤᠷᠠᠢ ᠰᠤᠷᠭᠠᠭᠤᠯᠢ ᠳᠠᠢᠰᠢ ᠭᠣᠣᠯᠳᠠᠯᠭ᠎ᠠ᠎ᠲᠠᠢ ᠬᠡᠯᠪᠡᠢᠯᠭᠡᠵᠦ᠂ ᠬᠠᠲᠠᠭᠤ ᠲᠤᠨᠤᠭ ᠲᠦᠬᠦᠬᠡᠷᠦᠮᠵᠢ ᠵᠢᠨ ᠳᠤᠲᠠᠭᠤᠳᠠᠯ᠎ᠢ ᠪᠥᠬᠥ ᠬᠦᠴᠦᠨ᠎ᠢᠶᠡᠷ᠎ᠢᠶᠡᠨ ᠨᠥᠬᠥᠪᠦᠷᠢᠯᠡᠪᠡ᠃

ᠬᠢᠯᠢ᠎ᠶᠢᠨ ᠬᠣᠰᠢᠭᠤ ᠬᠣᠲᠠ ᠪᠣᠯᠤᠭᠰᠠᠨ ᠰᠢᠨ᠎ᠡ ᠪᠠᠷᠭᠤ ᠪᠠᠷᠠᠭᠤᠨ ᠬᠣᠰᠢᠭᠤ ᠡᠩ ᠲᠡᠷᠢᠭᠦᠨ᠎ᠳᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠪᠠᠷᠢᠮᠵᠢᠶᠠᠵᠢᠭᠤᠯᠬᠤ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠵᠦ᠂ ᠤᠷᠢᠳ ᠬᠣᠵᠢᠳ ᠪᠥᠬᠥ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢᠨ ᠬᠣᠰᠢᠭᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ᠎ᠦᠵᠡᠬᠦᠯᠬᠦ ᠬᠣᠰᠢᠭᠤ ᠵᠢᠨ ᠬᠢᠨᠠᠨ ᠲᠣᠭᠲᠠᠭᠠᠯᠲᠠ᠎ᠵᠢ ᠦᠩᠬᠡᠷᠡᠭᠡᠨ᠂ ᠥᠪᠥᠷ ᠮᠣᠩᠭᠣᠯ᠎ᠤᠨ ᠠᠩᠬᠠᠳᠠᠭ᠍ᠴᠢ ᠪᠦᠯᠦᠭ ᠤᠯᠤᠰ᠎ᠤᠨ 《ᠬᠣᠶᠠᠷ ᠵᠦᠢᠯ᠎ᠦᠨ ᠡᠭᠦᠳᠦᠨ ᠪᠠᠢᠭᠤᠯᠤᠯᠲᠠ》 ᠵᠢ ᠦᠩᠬᠡᠷᠡᠭᠡᠭᠰᠡᠨ ᠬᠣᠰᠢᠭᠤ ᠰᠢᠶᠠᠨ ᠪᠣᠯᠤᠭᠰᠠᠨ ᠪᠠᠢᠨ᠎ᠠ ᠃

ᠰᠢᠨ᠎ᠡ ᠪᠠᠷᠭᠤ ᠪᠠᠷᠠᠭᠤᠨ ᠬᠣᠰᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ ᠵᠢ ᠬᠤᠯᠠ ᠡᠴᠡ ᠬᠠᠷᠠᠬᠤ᠎ᠳᠤ ᠶᠠᠭᠠᠨ ᠤᠷᠤᠢ᠂ ᠰᠢᠷ᠎ᠠ ᠦᠩᠬᠡ ᠵᠢᠨ ᠬᠡᠷᠡᠮ᠎ᠲᠠᠢ ᠵᠢᠭᠠᠨ ᠰᠤᠷᠭᠠᠯᠲᠠ᠎ᠶᠢᠨ ᠠᠰᠠᠷ᠂ ᠪᠠᠷᠢᠮᠵᠢᠶᠠᠵᠢᠭᠰᠠᠨ ᠨᠣᠭᠣᠭᠠᠨ ᠵᠦᠯᠭᠡᠨ ᠲᠠᠯᠠᠪᠠᠢ᠂ ᠰᠣᠯᠣᠩᠭᠠᠨ ᠥᠩᠭᠡᠲᠦ ᠤᠷᠤᠯᠳᠤᠭᠠᠨ᠎ᠤ ᠲᠠᠪᠴᠠᠩ ᠨᠢ ᠵᠢᠭᠳᠡ ᠰᠠᠢᠬᠠᠨ ᠪᠠᠢᠷᠢᠯᠠᠵᠤ᠂ ᠠᠭᠤᠳᠠᠮ ᠳᠠᠯ᠎ᠠ ᠳ᠋ᠤ ᠳᠡᠯᠭᠡᠭᠳᠡᠭᠰᠡᠨ ᠦᠵᠡᠰᠬᠦᠯᠡᠩᠳᠦ ᠰᠠᠢᠬᠠᠨ ᠵᠢᠷᠤᠭ ᠬᠡᠮᠡᠷᠬᠡᠨ ᠬᠦᠮᠦᠰ᠎ᠤᠨ ᠬᠠᠷᠠᠭ᠎ᠠ ᠵᠢ ᠪᠤᠯᠢᠶᠠᠨ᠎ᠠ᠃ ᠰᠤᠷᠭᠠᠭᠤᠯᠢ᠎ᠶᠢᠨ ᠪᠠᠢᠷᠢ᠎ᠶᠢᠨ ᠳᠦᠷᠰᠦ ᠪᠠᠢᠳᠠᠯ ᠴᠣ᠌ ᠴᠤ᠋ ᠰᠢᠨ᠎ᠡ ᠪᠣᠯᠤᠭᠰᠠᠨ᠎ᠢᠶᠠᠷ ᠪᠠᠷᠠᠬᠤ ᠦᠭᠡᠢ᠂ ᠴᠢᠨᠠᠷ ᠰᠠᠢᠲᠠᠢ ᠲᠡᠩᠴᠡᠭᠦᠷᠢᠲᠡᠢ  ᠪᠦᠳᠦᠭᠡᠨ ᠪᠠᠶ᠋ᠢᠭᠤᠯᠤᠯᠳᠠ᠎ᠶᠢ ᠳᠠᠭᠠᠯᠳᠤᠨ᠂ ᠰᠤᠷᠭᠠᠭᠤᠯᠢ᠎ᠶᠢᠨ ᠨᠣᠮ᠎ᠤᠨ ᠥᠷᠥᠭᠡ᠎ᠶᠢᠨ ᠨᠣᠮ ᠬᠠᠳᠠᠭᠠᠯᠠᠬᠤ ᠬᠡᠮᠵᠢᠶ᠎ᠡ ᠴᠤ᠌ ᠳᠠᠬᠢᠨ᠎ᠢᠶᠠᠷ ᠨᠡᠮᠡᠭᠳᠡᠵᠦ᠂ ᠤᠩᠰᠢᠯᠭ᠎ᠠ᠎ᠶᠢᠨ ᠣᠷᠴᠢᠨ ᠨᠥᠬᠥᠴᠡᠯ ᠪᠥᠬᠥ ᠲᠠᠯ᠎ᠠ᠎ᠪᠠᠷ ᠲᠠᠰ ᠳᠠᠪᠰᠢᠵᠤ᠂ ᠬᠡᠦᠬᠡᠳ᠎ᠦᠳ᠎ᠦᠨ ᠬᠠᠮᠤᠭ᠎ᠤᠨ ᠳᠤᠷᠠᠲᠠᠢ ᠬᠢᠴᠢᠶᠡᠯ᠎ᠦᠨ ᠵᠠᠪᠰᠠᠷᠯᠠᠭ᠎ᠠ᠎ᠶᠢᠨ ᠬᠥᠳᠡᠯᠭᠡᠭᠡᠨ᠎ᠦ ᠣᠷᠣᠨ ᠵᠠᠢ ᠪᠣᠯᠤᠭᠰᠠᠨ ᠪᠠᠢᠨ᠎ᠠ᠃ 《ᠥᠩᠭᠡᠷᠡᠭᠰᠡᠨ᠎ᠳᠦ ᠰᠤᠷᠭᠠᠭᠤᠯᠢ᠎ᠶᠢᠨ ᠬᠢᠴᠢᠶᠡᠯ᠎ᠦᠨ ᠭᠠᠳᠠᠭᠤᠷᠬᠢ ᠨᠣᠮ ᠴᠥᠭᠡᠨ ᠪᠠᠢᠵᠤ᠂ ᠲᠦᠷᠦᠯ ᠵᠦᠢᠯ ᠨᠢ ᠴᠦ᠍ ᠲᠠᠩ ᠴᠤᠯᠭᠤᠢ᠂ ᠤᠳᠤ ᠬᠡᠦᠬᠡᠳ ᠵᠠᠪ ᠴᠢᠯᠦᠭᠡ᠎ᠲᠠᠢ ᠪᠣᠯᠣᠭᠰᠠᠭᠠᠷ ᠨᠣᠮ᠎ᠤᠨ ᠰᠠᠩ᠎ᠳᠤ ᠰᠠᠭᠤᠵᠤ᠂ ᠡᠯ᠎ᠡ ᠵᠦᠢᠯ᠎ᠦᠨ ᠨᠣᠮ ᠪᠢᠴᠢᠭ᠎ᠢ ᠣᠯᠵᠤ ᠤᠩᠰᠢᠬᠤ ᠪᠤᠯᠵᠤ᠂ ᠭᠡᠷ᠎ᠦᠨ ᠡᠭᠦᠳᠡᠨ᠎ᠳᠡᠬᠢ ᠰᠢᠯᠢᠳᠡᠭ ᠰᠤᠷᠭᠠᠨ ᠬᠥᠮᠦᠵᠢᠯ᠎ᠢ ᠦᠨᠡᠨ ᠪᠣᠳᠠᠲᠠᠢ ᠣᠯᠵᠤ ᠬᠠᠷᠠᠭᠰᠠᠨ ᠪᠠᠢᠨ᠎ᠠ》 ᠭᠡᠵᠦ ᠰᠤᠷᠤᠭᠴᠢ ᠵᠢᠨ ᠬᠡᠷ ᠤ᠋ᠨ ᠠᠬᠠᠮᠠᠳ ᠠᠰᠤᠷᠤ ᠶᠠᠷᠢᠵᠤ ᠪᠠᠢᠯ᠎ᠠ᠃

ᠨᠢᠭᠡᠨᠲᠡ ᠲᠣᠭᠲᠠᠭᠠᠭᠰᠠᠨ ᠠᠬᠢᠭᠤᠯᠬᠤ ᠲᠥᠯᠥᠪᠯᠡᠭᠡ ᠶᠣᠰᠣᠭᠠᠷ 2028 ᠣᠨ ᠠ᠋ᠴᠠ ᠡᠮᠦᠨ᠎ᠡ ᠬᠥᠯᠥᠨ ᠪᠣᠶ᠋ᠢᠷ ᠬᠣᠲᠠ᠎ᠶᠢᠨ ᠪᠤᠰᠤᠳ ᠬᠢᠯᠢ ᠬᠢᠵᠠᠭᠠᠷ᠎ᠤᠨ ᠬᠣᠰᠢᠭᠤ ᠬᠣᠲᠠ ᠲᠣᠭᠣᠷᠢᠭ᠋᠎ᠤᠨ ᠬᠢᠨ ᠤᠯᠤᠰ᠎ᠤᠨ 《ᠬᠣᠶᠠᠷ ᠵᠦᠢᠯ᠎ᠦᠨ ᠡᠭᠦᠳᠦᠨ ᠪᠠᠢᠭᠤᠯᠤᠯᠲᠠ》 ᠵᠢᠨ ᠬᠢᠨᠠᠨ ᠲᠣᠭᠲᠠᠭᠠᠯᠳᠠ᠎ᠶᠢ ᠪᠦᠯᠦᠭ ᠬᠤᠪᠢᠶᠠᠨ ᠪᠡᠶᠡᠯᠡᠭᠦᠯᠵᠦ᠂ ᠬᠢᠯᠢ ᠬᠢᠵᠠᠭᠠᠷ ᠣᠷᠣᠨ᠎ᠤ ᠰᠤᠷᠭᠠᠭᠤᠯᠢ ᠡᠷᠭᠢᠯᠡᠬᠦ ᠶᠠᠰᠤ ᠴᠢᠨᠠᠷ᠎ᠢ ᠪᠦᠬᠦᠯᠢ ᠴᠣᠭᠴᠠ ᠪᠡᠷ ᠨᠢ ᠲᠡᠭᠡᠭᠰᠢᠯᠡᠬᠦᠯᠬᠦ ᠪᠤᠯᠤᠨ᠎ᠠ᠃

ᠪᠠᠭ᠍ᠰᠢ ᠨᠠᠷ᠎ᠢ ᠰᠠᠨᠠᠭ᠎ᠠ ᠠᠮᠤᠷ ᠬᠢᠯᠢ ᠬᠢᠵᠠᠭᠠᠷ᠎ᠲᠤ ᠦᠨᠳᠦᠰᠦᠯᠡᠭᠦᠯᠦᠨ᠎ᠡ

ᠬᠢᠯᠢ ᠬᠢᠵᠠᠭᠠᠷ᠎ᠤᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠎ᠶᠢᠨ ᠵᠠᠩᠭᠢᠯᠠᠭ᠎ᠠ ᠨᠢ ᠪᠠᠭ᠍ᠰᠢ ᠵᠢᠨ ᠡᠩᠨᠡᠬᠡ ᠳ᠋ᠤ ᠪᠠᠢᠭ᠎ᠠ ᠶᠤᠮ᠃ ᠬᠥᠯᠥᠨ ᠪᠣᠶ᠋ᠢᠷ ᠬᠣᠲᠠ᠎ᠶᠢᠨ ᠬᠢᠨ 《ᠣᠷᠣᠭᠤᠯᠵᠤ ᠠᠪᠴᠢᠷᠠᠬᠤ᠂ ᠦᠯᠡᠳᠡᠭᠡᠵᠦ ᠳᠡᠶ᠋ᠢᠯᠬᠦ᠂ ᠰᠠᠢᠳᠤᠷ ᠵᠢᠭᠠᠬᠤ》 ᠶ᠋ᠢ ᠵᠡᠷᠭᠡ᠎ᠪᠡᠷ ᠴᠢᠬᠤᠯᠠᠴᠢᠯᠠᠵᠤ᠂ 《ᠲᠥᠷᠥ᠎ᠶᠢᠨ ᠪᠣᠳᠣᠯᠭ᠎ᠠ᠎ᠶᠢᠨ ᠪᠠᠲᠤᠯᠠᠭ᠎ᠠ + ᠴᠢᠳᠠᠪᠤᠷᠢ᠎ᠵᠢ ᠲᠡᠭᠡᠭᠰᠢᠯᠡᠬᠦᠯᠬᠦ》 ᠬᠠᠮ ᠠᠷᠭ᠎ᠠ ᠪᠠᠷᠢᠯ᠎ᠵᠢᠡᠷ ᠬᠢᠯᠢ ᠬᠢᠵᠠᠭᠠᠷ᠎ᠤᠨ ᠰᠤᠷᠭᠠᠨ ᠬᠥᠮᠦᠵᠢᠯ᠎ᠳᠦ ᠴᠢᠳᠠᠪᠤᠷᠢᠲᠠᠨ᠎ᠤ ᠰᠠᠭᠤᠷᠢ ᠬᠠᠩᠭᠠᠨ᠎ᠠ᠃

ᠴᠢᠳᠠᠪᠤᠷᠢᠲᠠᠨ᠎ᠢ ᠤᠷᠤᠭᠤᠯᠤᠨ ᠠᠪᠴᠢᠷᠠᠬᠤ ᠪᠠ ᠦᠯᠡᠳᠡᠭᠡᠨ ᠬᠡᠷᠡᠭᠯᠡᠬᠦ ᠪᠠᠲᠤᠯᠠᠭ᠎ᠠ᠎ᠶᠢᠨ ᠲᠠᠯ᠎ᠠ᠎ᠪᠠᠷ  ᠲᠤᠬᠠᠢ᠎ᠶᠢᠨ ᠭᠠᠵᠠᠷ᠎ᠤᠨ ᠬᠢᠨ ᠢᠯᠡ᠎ᠪᠡᠷ ᠠᠵᠢᠯᠲᠠᠨ ᠤᠷᠢᠵᠤ ᠡᠯᠰᠡᠬᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠣᠯᠠᠨ ᠠᠷᠭ᠎ᠠ ᠵᠠᠮ᠎ᠢᠶᠠᠷ ᠪᠠᠭ᠍ᠰᠢ᠎ᠶᠢᠨ ᠬᠦᠴᠦᠨ᠎ᠢ ᠨᠥᠬᠥᠪᠦᠷᠢᠯᠡᠵᠦ᠂ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠬᠤᠪᠢᠶᠠᠷᠢᠯᠠᠯᠲᠠ᠎ᠶᠢ ᠵᠢᠭᠠᠨ ᠰᠤᠷᠭᠠᠯᠲᠠ᠎ᠶᠢᠨ ᠨᠢᠭᠡᠳᠦᠭᠡᠷ ᠹᠷᠣᠨᠲ᠂ ᠬᠢᠯᠢ ᠬᠢᠵᠠᠭᠠᠷ᠎ᠤᠨ ᠠᠵᠢᠯ᠎ᠤᠨ ᠪᠠᠢᠷᠢ ᠳᠠᠢᠰᠢ ᠬᠡᠯᠪᠡᠢᠯᠭᠡᠬᠦ᠎ᠶᠢ ᠪᠠᠷᠢᠮᠲᠠᠯᠠᠵᠤ᠂ ᠠᠵᠢᠯ᠎ᠤᠨ ᠪᠠᠢᠷᠢ᠎ᠳᠤ ᠭᠠᠷᠤᠭᠠᠳ ᠪᠦᠬᠦᠯᠢ 30 ᠵᠢᠯ ᠪᠣᠯᠤᠭᠰᠠᠨ ᠰᠢᠯᠢᠳᠡᠭ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠱᠠᠲᠤ ᠠᠯᠭᠠᠰᠠᠨ ᠣᠷᠣᠯᠴᠠᠵᠤ ᠪᠤᠯᠤᠨ᠎ᠠ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠦᠨᠳᠦᠰᠦᠨ ᠱᠠᠲᠤᠨ᠎ᠳ᠋ᠤ ᠦᠢᠯᠡᠴᠢᠯᠡᠬᠦ ᠬᠤᠭᠤᠴᠠᠭ᠎ᠠ ᠵᠢ ᠪᠦᠬᠦᠯᠢ 2 — 4 ᠵᠢᠯ ᠪᠣᠯᠭᠠᠵᠤ᠂ ᠬᠢᠨᠠᠨ ᠰᠢᠯᠭᠠᠯᠲᠠ᠎ᠳᠤ ᠬᠢᠷᠢ ᠲᠡᠩᠴᠡᠪᠡᠯ ᠳᠤᠮᠳᠠ ᠵᠡᠷᠭᠡ᠎ᠶᠢᠨ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠰᠢᠭᠤᠳ ᠣᠷᠣᠯᠴᠠᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠨ᠂ ᠪᠠᠭᠰᠢ ᠨᠠᠷ ᠲᠸ᠋ ᠦᠨᠡᠨ ᠪᠣᠳᠠᠲᠠᠢ ᠲᠥᠷᠥ᠎ᠶᠢᠨ ᠪᠣᠳᠣᠯᠭ᠎ᠠ᠎ᠶᠢᠨ ᠬᠠᠷᠠᠭᠠᠯᠵᠠᠯ ᠦᠵᠡᠬᠦᠯᠵᠦ᠂ ᠨᠢᠭᠡ ᠰᠡᠳᠬᠢᠯ᠎ᠢᠶᠡᠷ ᠬᠥᠮᠥᠨ᠎ᠢ ᠬᠥᠮᠥᠵᠢᠭᠦᠯᠬᠦ ᠳ᠋ᠤ ᠬᠦᠴᠦᠨ ᠨᠡᠮᠡᠷᠢᠯᠡᠪᠡ᠃

《ᠰᠤᠷᠭᠠᠭᠤᠯᠢ᠎ᠳᠤ ᠢᠷᠡᠵᠤ ᠲᠤᠰᠢᠶᠠᠯ ᠡᠭᠦᠷᠭᠡᠯᠡᠬᠦ ᠦᠶ᠎ᠡ᠎ᠳᠦ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋ ᠳᠤᠲᠠᠭᠳᠠᠵᠤ᠂ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠣᠢᠯᠠᠭᠠᠭᠳᠠᠬᠤᠨ ᠨᠢ ᠤᠯᠠᠮᠵᠢᠯᠠᠯᠳᠤ ᠬᠡᠯᠪᠡᠷᠢ ᠳ᠋ᠤ ᠪᠠᠷᠢᠭᠳᠠᠵᠤ᠂ ᠰᠤᠷᠭᠠᠭᠤᠯᠢ ᠡᠷᠬᠢᠯᠡᠬᠦ ᠬᠥᠭᠵᠢᠯᠲᠡ᠎ᠳᠦ ᠪᠠᠭ᠎ᠠ ᠪᠤᠰᠤ ᠵᠢᠨ ᠪᠣᠭᠣᠮᠢ ᠲᠤᠯᠭᠠᠷᠠᠵᠤ ᠪᠠᠢᠵᠠᠢ᠃ ᠡᠨᠡ ᠬᠡᠳᠦᠨ ᠵᠢᠯ᠎ᠳᠦ ᠦᠨᠳᠦᠰᠦᠨ ᠱᠠᠲᠤᠨ᠎ᠤ ᠰᠤᠷᠭᠠᠨ ᠬᠥᠮᠦᠵᠢᠯ᠎ᠦᠨ ᠲᠥᠷᠥ ᠶ᠋ᠢᠨ ᠪᠣᠳᠣᠯᠭ᠎ᠠ  ᠶ᠋ᠢᠨ ᠬᠠᠷᠠᠭᠠᠯᠵᠠᠯ ᠲᠠᠰᠤᠷᠠᠯᠲᠠ ᠦᠭᠡᠢ ᠨᠡᠮᠡᠭᠳᠡᠵᠦ᠂ ᠤᠯᠠᠮ ᠠ᠋ᠴᠠ ᠤᠯᠠᠮ ᠣᠯᠠᠨ ᠪᠠᠭ᠍ᠰᠢ ᠨᠠᠷ ᠬᠢᠯᠢ ᠬᠢᠵᠠᠭᠠᠷ ᠣᠷᠣᠨ᠎ᠳᠤ ᠨᠤᠲᠤᠭᠰᠢᠬᠤ ᠪᠣᠯᠵᠠᠢ᠃ ᠣᠳᠣᠬᠠᠨ᠎ᠳᠤ ᠰᠤᠷᠭᠠᠭᠤᠯᠢ ᠶ᠋ᠢᠨ ᠪᠡᠶ᠎ᠡ ᠵᠢᠨ ᠲᠠᠮᠢᠷ᠂ ᠰᠡᠳᠬᠢᠴᠡ  ᠶ᠋ᠢᠨ ᠡᠷᠡᠭᠦᠯ ᠮᠡᠨᠳᠦ ᠵᠡᠷᠭᠡ ᠬᠢᠴᠢᠶᠡᠯ ᠲᠥᠷᠥᠯ᠎ᠳᠦ ᠴᠥᠮ ᠲᠤᠰᠬᠠᠢ ᠲᠤᠰᠢᠶᠠᠯᠲᠤ ᠪᠠᠭ᠍ᠰᠢ ᠶ᠋ᠢ ᠲᠣᠬᠢᠷᠠᠭᠤᠯᠤᠭᠰᠠᠨ ᠪᠠᠢᠨ᠎ᠠ》 ᠬᠡᠵᠦ ᠪᠠᠭᠰᠢᠯᠠᠭᠠᠳ ᠤᠯᠠᠨ ᠵᠢᠯ ᠪᠣᠯᠵᠤ ᠪᠠᠢᠭ᠎ᠠ ᠰᠢᠨ᠎ᠡ ᠪᠠᠷᠭᠤ ᠵᠡᠭᠦᠨ ᠬᠣᠰᠢᠭᠤᠨ᠎ᠤ ᠠᠮᠤᠭᠤᠯᠠᠩ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠳᠡᠳ᠋ ᠵᠠᠬᠢᠷᠤᠯ ᠱᠢ ᠺᠦᠢ ᠬᠣᠩ ᠡᠭᠦᠨ᠎ᠦ ᠲᠤᠬᠠᠢ ᠭᠦᠨ ᠲᠥᠷᠥᠭᠳᠡᠯ᠎ᠲᠠᠢ ᠶᠠᠷᠢᠪᠠ᠃

ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ ᠬᠥᠯᠥᠨ ᠪᠤᠢ᠍ᠢᠷ ᠬᠤᠳᠠ᠎ᠶᠢᠨ ᠬᠢᠨ ᠬᠢᠯᠢ᠎ᠬᠢᠵᠠᠭᠠᠷ᠎ᠤᠨ ᠪᠠᠭ᠍ᠰᠢ᠎ᠨᠠᠷ ᠲᠸ᠋ ᠪᠤᠯᠪᠠᠰᠤᠷᠠᠯ ᠬᠦᠷᠳᠡᠬᠡᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ 2025 ᠣᠨ᠎ᠠᠴᠠ ᠨᠠᠭᠠᠰᠢ 736 ᠬᠢᠯᠢ ᠬᠢᠵᠠᠭᠠᠷ᠎ᠤᠨ ᠰᠤᠷᠭᠠᠭᠤᠯᠢ᠎ᠶᠢᠨ ᠵᠠᠬᠢᠷᠤᠯ᠂ ᠪᠠᠭ᠍ᠰᠢ ᠵᠢᠴᠢ ᠵᠢᠭᠠᠬᠤ ᠵᠢ ᠰᠤᠳᠤᠯᠤᠭ᠍ᠴᠢ᠎ᠶᠢ ᠵᠣᠬᠢᠶᠠᠨ ᠪᠠᠢᠭᠤᠯᠤᠨ ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠂ ᠵᠡᠭᠦᠨ ᠬᠣᠢᠲᠤ᠎ᠶᠢᠨ ᠪᠠᠭ᠍ᠰᠢ᠎ᠶᠢᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠳᠤ ᠲᠥᠪᠯᠡᠷᠡᠭᠦᠯᠦᠨ ᠰᠤᠳᠤᠯᠤᠨ ᠰᠤᠷᠤᠯᠴᠠᠭᠤᠯᠵᠤ᠂ ᠪᠠᠭ᠍ᠰᠢ᠎ᠶᠢᠨ ᠡᠩᠨᠡᠭᠡᠨ᠎ᠦ ᠲᠤᠰᠬᠠᠢ ᠮᠡᠷᠭᠡᠵᠢᠯ᠎ᠦᠨ ᠪᠣᠯᠪᠠᠰᠤᠷᠠᠯ ᠪᠣᠯᠣᠨ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠲᠣᠭᠲᠠᠭᠤᠨ᠎ᠢᠶᠠᠷ ᠳᠡᠭᠡᠭᠰᠢᠯᠡᠭᠦᠯᠪᠡ᠃

ᠲᠣᠭᠠᠴᠢᠯᠠᠯᠳᠠ ᠪᠡᠷ ᠬᠢᠯᠢ ᠬᠢᠵᠠᠭᠠᠷ᠎ᠤᠨ ᠰᠤᠷᠭᠠᠨ ᠬᠥᠮᠦᠵᠢᠯ᠎ᠳᠦ ᠴᠢᠳᠠᠪᠤᠷᠢ ᠤᠯᠭᠤᠨ᠎ᠠ

ᠬᠥᠯᠥᠨ ᠪᠣᠶ᠋ᠢᠷ ᠬᠣᠲᠠ ᠰᠤᠷᠭᠠᠨ ᠬᠥᠮᠦᠵᠢᠯ᠎ᠢ ᠲᠤᠭᠠᠴᠢᠯᠠᠭᠤᠯᠬᠤ ᠪᠡᠷ ᠭᠠᠷᠳᠠᠴᠠ ᠪᠣᠯᠭᠠᠵᠤ᠂ 《ᠲᠣᠭᠠᠴᠢᠯᠠᠯᠲᠠ᠎ᠶᠢᠨ ᠠᠩ ᠵᠠᠭᠠᠭ》 ᠢ᠋ 《ᠲᠣᠭᠠᠴᠢᠯᠠᠯᠲᠠ᠎ᠶᠢᠨ ᠠᠰᠢᠭ᠋》 ᠪᠣᠯᠭᠠᠨ ᠬᠤᠪᠢᠷᠠᠭᠤᠯᠬᠤ᠎ᠪᠠᠷ  ᠬᠦᠴᠦᠯᠡᠨ ᠴᠢᠷᠮᠠᠢᠨ᠎ᠠ᠃

ᠣᠳᠣᠬᠠᠨ᠎ᠳᠤ᠂ ᠬᠢᠯᠢ ᠬᠢᠵᠠᠭᠠᠷ ᠣᠷᠣᠨ᠎ᠤ ᠪᠥᠬᠥ ᠣᠷᠣᠨ ᠪᠦᠰᠡ᠎ᠶᠢ ᠬᠠᠮᠤᠷᠤᠭᠰᠠᠨ ᠰᠤᠷᠭᠠᠨ ᠬᠥᠮᠦᠵᠢᠯ᠎ᠦᠨ  ᠰᠦᠯᠵᠢᠶ᠎ᠡ᠎ᠶᠢ  ᠪᠥᠬᠥ ᠲᠠᠯ᠎ᠠ᠎ᠪᠠᠷ  ᠪᠠᠢᠭᠤᠯᠤᠨ ᠳᠠᠭᠤᠰᠬᠠᠵᠤ ᠨᠡᠢᠳᠡᠮ ᠪᠦᠷᠬᠦᠬᠦᠯᠵᠡᠢ᠃ ᠡᠭᠦᠨ᠎ᠦ ᠰᠠᠭᠤᠷᠢᠨ ᠳᠡᠭᠡᠷ᠎ᠡ ᠲᠣᠭᠠᠴᠢᠯᠠᠭᠰᠠᠨ ᠵᠢᠭᠠᠨ ᠰᠤᠷᠭᠠᠯᠲᠠ᠎ᠶᠢᠨ ᠬᠡᠷᠡᠭᠯᠡᠭᠡ᠎ᠶᠢ ᠭᠦᠨᠵᠡᠭᠡᠢ ᠥᠷᠨᠢᠭᠦᠯᠪᠡ᠃ ᠮᠠᠨᠵᠤᠤᠷ ᠬᠣᠲᠠ᠎ᠳᠤ 《AI + ᠣᠶᠤᠨᠲᠤ ᠰᠤᠷᠭᠠᠭᠤᠯᠢ᠎ᠶᠢᠨ ᠬᠦᠷᠢᠶ᠎ᠡ》 ᠵᠢᠨ ᠵᠢᠭ᠍ᠰᠠᠭᠠᠯ᠎ᠢ ᠪᠣᠶ ᠪᠤᠯᠭᠠᠵᠤ᠂ ᠡᠷᠭᠦᠨ᠎ᠡ ᠬᠣᠲᠠ᠂ ᠰᠢᠨ᠎ᠡ ᠪᠠᠷᠭᠤ ᠵᠡᠭᠦᠨ ᠬᠣᠰᠢᠭᠤᠨ᠎ᠤ ᠬᠢᠨ AI ᠵᠢᠨ ᠲᠠᠰ ᠬᠤᠪᠢᠶᠠᠭᠰᠠᠨ ᠵᠢᠭᠠᠨ ᠰᠤᠷᠭᠠᠯᠲᠠ᠎ᠶᠢᠨ ᠵᠠᠭᠪᠤᠷ᠎ᠢ ᠲᠤᠷᠰᠢᠨ ᠬᠡᠷᠡᠭᠵᠢᠭᠦᠯᠵᠦ᠂ 350 ᠭᠠᠷᠤᠢ ᠰᠣᠷᠣᠭ᠍ᠴᠢ᠎ᠳᠤ ᠥᠪᠡᠷᠮᠢᠴᠡ ᠳᠡᠮᠵᠢᠯᠭᠡ ᠬᠠᠩᠭᠠᠪᠠ; ᠵᠣᠬᠢᠶᠠᠮᠠᠯ ᠣᠶᠤᠨ ᠴᠢᠳᠠᠪᠤᠷᠢ ᠵᠢᠨ ᠰᠢᠨ᠎ᠡ᠎ᠶᠢ ᠡᠭᠦᠳᠦᠭᠴᠢ᠎ᠶᠢᠨ ᠲᠤᠷᠰᠢᠯᠲᠠ᠎ᠶᠢᠨ ᠲᠠᠰᠤᠭ ᠬᠢᠯᠢ ᠬᠢᠵᠠᠭᠠᠷ᠎ᠤᠨ 10 ᠰᠤᠷᠭᠠᠭᠤᠯᠢ᠎ᠶᠢ ᠬᠠᠮᠤᠷᠴᠤ᠂ 5000 ᠭᠠᠷᠤᠢ ᠰᠤᠷᠤᠭ᠍ᠴᠢᠳ᠎ᠲᠤ ᠠᠰᠢᠭ᠋ ᠬᠦᠷᠲᠡᠭᠡᠵᠡᠢ᠃ 《ᠳᠤᠭᠠᠴᠢᠯᠠᠯᠳᠠ ᠨᠢ ᠪᠠᠭ᠍ᠰᠢ᠎ᠶᠢᠨ ᠳᠤᠲᠠᠭᠤᠳᠠᠯ᠎ᠢ ᠨᠥᠬᠥᠪᠦᠷᠢᠯᠡᠭᠰᠡᠨ᠎ᠢᠶᠡᠷ ᠪᠠᠷᠠᠬᠤ ᠦᠭᠡᠢ ᠬᠢᠯᠢ ᠬᠢᠵᠠᠭᠠᠷ᠎ᠤᠨ ᠬᠡᠦᠬᠡᠳ᠎ᠦᠨ ᠬᠠᠷᠠᠭ᠎ᠠ᠎ᠶᠢ ᠥᠷᠭᠡᠳᠭᠡᠨ᠂ ᠨᠢᠳᠤᠨᠤᠨ ᠰᠤᠷᠭᠠᠭᠤᠯᠢ᠎ᠶᠢᠨ ᠰᠤᠷᠤᠭ᠍ᠴᠢᠳ ᠪᠠᠰᠠ ᠪᠦᠬᠦ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ᠎ᠳᠤ ᠱᠠᠩᠨᠠᠯ ᠭᠥᠷᠳᠡᠭᠰᠡᠨ ᠪᠠᠢᠨ᠎ᠠ》 ᠬᠡᠵᠦ ᠮᠠᠨᠵᠤᠤᠷ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠵᠠᠬᠢᠷᠤᠯ ᠢᠦᠢ ᠰᠢᠶᠣᠣ ᠯᠢ᠎ᠳᠠᠨᠢᠯᠴᠠᠭᠤᠯᠵᠤ ᠪᠠᠢᠯ᠎ᠠ᠃

《ᠪᠢᠳᠡ ᠤᠯᠤᠰ᠎ᠤᠨ ᠡᠭᠦᠳᠡᠨ᠎ᠦ ᠰᠤᠷᠭᠠᠨ ᠬᠥᠮᠦᠵᠢᠯ᠎ᠦᠨ ᠵᠢᠭ᠍ᠰᠠᠭᠠᠯ᠎ᠤᠨ ᠭᠠᠵᠠᠷ᠎ᠢ ᠦᠷᠭᠦᠯᠵᠢᠯᠡᠨ ᠪᠡᠬᠢᠵᠢᠬᠦᠯᠵᠦ᠂ ᠥᠩᠭᠡᠪᠴᠢ ᠠᠵᠢᠯ ᠳᠦᠷᠢ ᠲᠥᠷᠬᠦ᠎ᠶᠢᠨ ᠢᠨᠵᠧᠨᠧᠷᠢᠩ᠎ᠢ ᠬᠢᠬᠦ ᠦᠭᠡᠢ᠂ ᠥᠪᠥᠷ ᠮᠣᠩᠭᠣᠯ᠎ᠤᠨ ᠣᠨᠴᠠᠯᠢᠭ᠋᠎ᠲᠠᠢ ᠤᠯᠤᠰ᠎ᠤᠨ ᠡᠭᠦᠳᠡᠨ᠎ᠦ ᠰᠤᠷᠭᠠᠨ ᠬᠥᠮᠦᠵᠢᠯ᠎ᠦᠨ ᠬᠡᠪ ᠵᠠᠭᠪᠤᠷ᠎ᠢ ᠪᠥᠬᠥ ᠬᠦᠴᠦᠨ᠎ᠢᠶᠡᠷ᠎ᠢᠶᠡᠨ ᠪᠣᠶ ᠪᠣᠯᠭᠠᠵᠤ᠂ ᠬᠢᠯᠢ ᠬᠢᠵᠠᠭᠠᠷ᠎ᠤᠨ ᠬᠡᠦᠬᠡᠳ ᠨᠢᠭᠡᠪᠦᠷᠢ᠎ᠳᠦ ᠴᠥᠮ ᠡᠷᠬᠡ ᠲᠡᠭᠰᠢ ᠪᠥᠭᠡᠳ ᠴᠢᠨᠠᠷ ᠰᠠᠢᠲᠠᠢ ᠰᠤᠷᠭᠠᠨ ᠬᠥᠮᠦᠵᠢᠯ ᠬᠦᠷᠲᠡᠭᠡᠵᠦ᠂ ᠤᠯᠤᠰ᠎ᠤᠨ ᠡᠭᠦᠳᠡᠨ᠎ᠦ ᠰᠤᠷᠭᠠᠭᠤᠯᠢ᠎ᠶᠢ ᠡᠬᠡ ᠤᠯᠤᠰ᠎ᠤᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠪᠠᠲᠤ ᠪᠡᠬᠢ ᠪᠡᠬᠢᠯᠡᠯᠲᠡ ᠪᠣᠯᠭᠠᠨ᠎ᠠ》 ᠭᠡᠵᠦ ᠬᠥᠯᠥᠨ ᠪᠣᠶ᠋ᠢᠷ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠳᠠᠷᠤᠭ᠎ᠠ ᠶᠠᠩ ᠵᠥᠩ ᠵᠧᠨ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号