ᠪᠦᠦ ᠭᠠᠩ ᠪᠤᠭᠤᠲᠤ᠌ ᠬᠤᠳᠠ᠎ᠳᠤ ᠪᠠᠶ᠋ᠢᠴᠠᠭᠠᠨ ᠰᠤᠳᠤᠯᠪᠠ
2026-08-10 09:40:57
ᠵᠣᠬᠢᠶᠠᠭ᠍ᠴᠢ᠄
​ᠰᠦᠩ ᠱᠤᠸᠠᠩ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 8 ᠡᠴᠡ 9 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠪᠤᠭᠤᠲᠤ᠌ ᠬᠣᠲᠠ᠎ᠳᠤ 《ᠬᠣᠪᠣᠷ ᠰᠢᠷᠣᠶ᠎ᠶᠢᠨ ᠬᠤᠶᠡᠷ ᠰᠠᠭᠤᠷᠢᠨ》 ᠤ᠋ ᠪᠥᠲᠥᠭᠡᠨ ᠪᠠᠶ᠋ᠢᠭᠤᠯᠤᠯᠲᠠ᠂ ᠴᠢᠬᠤᠯᠠ ᠶᠡᠬᠡ ᠲᠥᠷᠥᠯ ᠵᠦᠢᠯ᠎ᠦᠨ ᠪᠠᠷᠢᠯᠭ᠎ᠠ ᠵᠢᠨ ᠠᠵᠢᠯ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ᠋ ᠪᠠᠶ᠋ᠢᠴᠠᠭᠠᠨ ᠰᠤᠳᠤᠯᠵᠤ᠂ ᠤᠯᠤᠰ᠎ᠤᠨ 《ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠬᠦᠯᠦᠯᠳᠡ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠴᠢᠳᠠᠪᠤᠷᠢ ᠵᠢᠨ ᠪᠠᠢᠭᠤᠯᠤᠯᠳᠠ》᠂ 《ᠬᠣᠶᠠᠷ ᠎ᠢ ᠰᠢᠨᠡᠳᠭᠡᠬᠦ》ᠲᠥᠷᠥ᠎ᠶᠢᠨ ᠪᠣᠳᠣᠯᠭ᠎ᠠ ᠪᠣᠯᠤᠨ 《ᠵᠢᠷᠭᠤᠭᠠᠨ ᠲᠤᠤᠷ》ᠤ᠋ᠨ ᠪᠥᠲᠥᠭᠡᠨ ᠪᠠᠶ᠋ᠢᠭᠤᠯᠤᠯᠲᠠ᠎ᠶᠢᠨ ᠠᠵᠠ ᠲᠣᠬᠢᠶᠠᠯ᠎ᠢ ᠠᠮᠵᠢᠵᠤ᠂ ᠠᠵᠤ ᠠᠬᠤᠶ᠎ᠶᠢᠨ ᠡᠷᠭᠢᠯᠲᠡ ᠳᠤᠮᠳᠠᠬᠢ ᠬᠦᠴᠢᠷᠳᠡᠯ ᠠᠰᠠᠭᠤᠳᠠᠯ᠎ᠢ ᠴᠠᠭ ᠲᠤᠬᠠᠶ᠎ᠳᠤᠨᠢ ᠰᠢᠢᠳᠪᠦᠷᠢᠯᠡᠵᠦ᠍᠂ ᠭᠤᠷᠪᠠᠳᠤᠭᠠᠷ ᠤᠯᠠᠷᠢᠯ᠎ᠳᠤ ᠡᠷᠡᠮᠡᠬᠡᠶ᠋ᠢᠯᠡᠨ ᠲᠡᠮᠡᠴᠡᠵᠦ᠍᠂ ᠳᠤᠤᠷ᠎ᠠ ᠬᠠᠭᠠᠰ ᠵᠢᠯ᠎ᠤᠨ ᠰᠢᠢᠳᠪᠦᠷᠢᠲᠦ᠍ ᠢᠯᠠᠯᠲᠠ᠎ᠶᠢ ᠲᠡᠮᠡᠴᠡᠨ ᠣᠯᠵᠤ᠂ ᠠᠵᠤ ᠠᠬᠤᠶ᠎ᠶᠢᠨ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠶ᠋ᠢᠰᠢ ᠬᠦᠭᠵᠢᠬᠦ ᠵᠢ ᠠᠬᠢᠭᠤᠯᠬᠤ ᠬᠡᠷᠡᠭᠲᠡᠶ ᠭᠡᠵᠦ᠍ ᠴᠢᠬᠤᠯᠠᠴᠢᠯᠠᠪᠠ᠃

ᠪᠦᠦ ᠭᠠᠩ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠥᠪ᠂ ᠵᠢᠩ ᠲᠤᠤ ᠼᠢᠷᠺᠤᠨ᠎ᠤ ᠦᠢᠯᠡᠰ᠎ᠦᠨ ᠺᠣᠮᠫᠠᠨᠢ᠂ ᠲᠢᠶᠠᠨ ᠵᠢᠶᠤᠤ ᠴᠢᠩ ᠮᠧᠶ ᠺᠣᠮᠫᠠᠨᠢ᠎ᠳᠤ ᠭᠦᠨᠵᠡᠭᠡᠶ᠋ᠢᠷᠡᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠬᠠᠶ᠋ᠢᠨ ᠰᠢᠨᠵᠢᠯᠡᠬᠦ᠌ ᠣᠷᠣᠭᠤᠯᠤᠯᠲᠠ᠎ᠪᠠᠨ ᠨᠡᠮᠡᠭᠳᠡᠭᠦᠯᠵᠦ᠍᠂ ᠬᠣᠪᠣᠷ ᠰᠢᠷᠣᠶ᠎ᠶᠢᠨ ᠰᠤᠳᠤᠯᠤᠨ ᠨᠡᠭᠡᠭᠡᠬᠦ᠌ ᠲᠥᠪ ᠪᠣᠯᠤᠨ ᠶᠡᠭᠡ ᠬᠡᠪᠴᠢᠶ᠎ᠡ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠰᠢᠯᠲᠠ᠎ᠶᠢᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ᠎ᠢ ᠨᠡᠭᠡᠭᠡᠨ ᠬᠥᠭᠵᠢᠭᠦᠯᠵᠦ᠍ ᠬᠡᠷᠡᠭᠯᠡᠬᠦ᠌ ᠬᠦᠷᠢᠶ᠎ᠡ᠎ᠴᠠᠷᠠᠭ᠎ᠠ ᠵᠢ ᠥᠷᠭᠡᠳᠬᠡᠵᠦ᠍᠂ ᠬᠠᠷ᠎ᠠ ᠳᠡᠮᠦᠷᠯᠢᠭ᠂ ᠥᠩᠭᠡᠲᠦ᠍ ᠲᠡᠮᠦᠷᠯᠢᠭ᠎ᠦᠨ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ᠎ᠶᠢ ᠨᠢᠭᠡᠳᠦᠯᠲᠡᠶ ᠲᠥᠯᠥᠪᠵᠢᠭᠦᠯᠵᠦ᠍᠂ ᠬᠥᠩᠭᠡᠨ ᠳᠤᠮᠳᠠ ᠬᠦᠨᠳᠦ ᠬᠡᠯᠪᠡᠷᠢ ᠵᠢᠨ ᠬᠣᠪᠣᠷ ᠰᠢᠷᠣᠶ᠎ᠶᠢᠨ ᠠᠵᠤ ᠦᠢᠯᠡᠰ᠎ᠦᠨ ᠪᠥᠬᠥ᠌ ᠡᠯᠧᠮᠧᠨ᠋ᠲ᠂ ᠪᠥᠬᠥ᠌ ᠲᠥᠷᠥᠯ ᠵᠦᠢᠯ᠂ ᠪᠥᠬᠥ᠌ ᠬᠡᠯᠬᠢᠶ᠎ᠡ᠎ᠶᠢᠨ ᠬᠥᠭᠵᠢᠯᠲᠡ᠎ᠶᠢ ᠪᠡᠶᠡᠯᠡᠭᠦᠯᠬᠦ᠌ ᠬᠡᠷᠡᠭᠲᠡᠶ ᠭᠡᠵᠦ᠍ ᠴᠢᠬᠤᠯᠠᠴᠢᠯᠠᠪᠠ᠃

ᠤᠯᠤᠰ᠎ᠤᠨ ᠡᠨᠧᠷᠭᠢ᠎ᠶᠢᠨ ᠪᠦᠯᠦᠭᠯᠡᠯ ᠤ᠋ᠨ ᠪᠤᠭᠤᠲᠤ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠂ ᠲᠦᠩ ᠸᠧᠢ ᠴᠠᠬᠢᠭᠤᠷ ᠤ᠋ᠨ ᠡᠨᠧᠷᠭᠢ᠎ᠶᠢᠨ ᠺᠣᠮᠫᠠᠨᠢ ᠪᠣᠯᠤᠨ ᠪᠤᠭᠤᠲᠤ᠎ᠶᠢᠨ ᠪᠤᠯᠤᠳ ᠲᠡᠮᠤᠷ᠎ᠦᠨ ᠬᠤᠪᠢᠴᠠᠭᠠᠳᠤ ᠬᠢᠵᠠᠭᠠᠷᠳᠤ ᠪᠦᠯᠦᠭᠯᠡᠯ ᠺᠤᠮᠫᠠᠨᠢ ᠵᠢᠨ ᠵᠠᠮ ᠲᠡᠮᠦᠷ᠎ᠤᠨ ᠨᠢᠷᠤᠭᠤᠪᠴᠢ ᠵᠢᠨ ᠦᠢᠯᠡᠳᠪᠦᠷᠢ᠂ ᠬᠠᠪᠲᠠᠰᠤ ᠵᠢᠨ ᠦᠢᠯᠡᠳᠪᠦᠷᠢ᠎ᠳᠦ᠂ ᠪᠦᠦ ᠭᠠᠩ ᠬᠣᠴᠣᠷᠤᠩᠭᠤᠢ ᠠᠵᠤ ᠦᠢᠯᠡᠰ ᠭᠡᠵᠦ᠍ ᠪᠠᠶ᠋ᠢᠬᠤ ᠦᠭᠡᠢ᠂ ᠵᠦᠪᠬᠡᠨ ᠬᠣᠴᠣᠷᠤᠩᠭᠤᠢ ᠤᠷ᠎ᠠ ᠮᠡᠷᠭᠡᠰᠢᠯ ᠯᠡ ᠪᠠᠶ᠋ᠢᠨ᠎ᠠ᠂ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠬᠦ᠌᠎ᠶᠢ ᠰᠠᠶ᠋ᠢᠲᠤᠷ ᠬᠢᠵᠦ᠍᠂ ᠪᠣᠬᠢᠷᠲᠤᠯ ᠦᠭᠡᠢ ᠴᠠᠬᠢᠯᠭᠠᠨ ᠬᠡᠷᠡᠭᠯᠡᠬᠦ᠌ ᠬᠠᠷᠢᠴᠠᠯ᠎ᠢ ᠳᠡᠭᠡᠭᠰᠢᠯᠡᠭᠦᠯᠵᠦ᠍᠂ ᠤᠰᠤᠲᠥ᠋ᠷᠥᠭᠴᠢ᠎ᠪᠡᠷ ᠲᠡᠮᠦᠷᠯᠢᠭ ᠬᠠᠢᠯᠤᠭᠤᠯᠬᠤ᠂ ᠤᠰᠤᠲᠥ᠋ᠷᠥᠭᠴᠢ ᠬᠢᠮᠢ᠎ᠶᠢᠨ ᠠᠵᠤ ᠦᠢᠯᠡᠳᠪᠦᠷᠢ᠎ᠶᠢᠨ ᠨᠡᠭᠦᠷᠡᠰᠦᠲᠦ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠠᠰᠬᠠᠬᠤ ᠠᠷᠭ᠎ᠠ ᠵᠠᠮ᠎ᠢ ᠰᠦᠪᠡᠭᠴᠢᠯᠡᠬᠦ᠌ ᠬᠡᠷᠡᠭᠲᠡᠢ ᠭᠡᠵᠦ᠍ ᠴᠢᠬᠤᠯᠠᠴᠢᠯᠠᠪᠠ᠃ ᠪᠠᠶ᠋ᠢᠴᠠᠭᠠᠨ ᠰᠤᠳᠤᠯᠤᠯᠲᠠ᠎ᠶᠢᠨ ᠳᠤᠮᠳᠠ᠂ ᠲᠡᠷᠡ ᠲᠦᠷᠦᠯ ᠵᠦᠢᠯ᠎ᠦᠨ ᠪᠠᠷᠢᠯᠭ᠎ᠠ᠎ᠶᠢᠨ ᠠᠮᠤᠷ ᠲᠦᠪᠰᠢᠨ ᠪᠣᠯᠤᠨ ᠠᠵᠤ ᠠᠬᠤᠶ᠋ᠢᠯᠠᠯ᠎ᠤᠨ ᠠᠶᠤᠯᠭᠦᠢ ᠦᠢᠯᠡᠳᠪᠦᠷᠢᠯᠡᠯ᠎ᠢ ᠰᠠᠶ᠋ᠢᠲᠤᠷ ᠠᠳᠬᠤᠵᠤ᠂ ᠠᠬᠢᠴᠠ᠎ᠶᠢ ᠱᠠᠯᠠᠪᠳᠠᠭᠤᠯᠵᠤ᠂ ᠦᠢᠯᠡᠳᠪᠦᠷᠢᠯᠡᠯ᠎ᠦᠨ ᠴᠢᠳᠠᠪᠦᠷᠢ ᠡᠴᠡ ᠬᠡᠳᠦᠷᠡᠭᠦᠯᠦᠨ ᠦᠢᠯᠡᠳᠪᠦᠷᠢᠯᠡᠬᠦ᠎ᠶᠢ ᠴᠢᠩᠭ᠎ᠠ ᠰᠡᠷᠭᠡᠶ᠋ᠢᠯᠡᠬᠦ᠌ ᠬᠡᠷᠡᠭᠲᠡᠢ; ᠠᠵᠤ ᠠᠬᠤᠶ᠋ᠢᠯᠠᠯ᠎ᠤᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠠᠶᠤᠯᠭᠦᠢ ᠦᠢᠯᠡᠳᠪᠦᠷᠢᠯᠡᠯ᠎ᠦᠨ ᠲᠤᠬᠠᠢ ᠪᠣᠯᠪᠠᠰᠤᠷᠠᠯ ᠪᠣᠯᠤᠨ ᠠᠮᠤᠷ ᠲᠦᠪᠰᠢᠨ᠎ᠦ ᠲᠦᠷᠢᠮ ᠲᠣᠭᠲᠠᠭᠠᠯ᠎ᠤᠨ ᠬᠢᠵᠠᠭᠠᠷᠯᠠᠯ᠎ᠢ ᠴᠢᠩᠭᠠᠳᠬᠠᠵᠤ᠂ ᠲᠦᠷᠢᠮ ᠲᠣᠭᠲᠠᠭᠠᠯ ᠪᠠ ᠬᠠᠤᠯᠢ ᠡᠴᠡ ᠵᠥᠷᠢᠴᠡᠭᠰᠡᠨ ᠠᠵᠢᠯᠯᠠᠭ᠎ᠠ᠎ᠶᠢ ᠰᠢ᠌ᠳᠬᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠥᠮᠦᠨ᠎ᠦ ᠠᠮᠢ ᠨᠠᠰᠤ᠎ᠶᠢ ᠦᠷᠡᠭᠳᠡᠭᠦᠯᠬᠦ᠌᠎ᠪᠡᠷ ᠨᠢᠭᠡ ᠴᠠᠭ᠎ᠤᠨ ᠠᠵᠤ ᠠᠬᠤᠢ᠎ᠶᠢᠨ ᠬᠥᠭᠵᠢᠯᠲᠡ᠎ᠶᠢ ᠰᠣᠯᠢᠵᠤ ᠶᠠᠭᠠᠬᠢᠭᠰᠠᠨ ᠴᠤ᠌ ᠪᠣᠯᠬᠤ ᠦᠭᠡᠢ ᠭᠡᠵᠤ ᠤᠨᠴᠠᠭᠠᠢᠯᠠᠨ ᠴᠢᠬᠤᠯᠠᠴᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号