ᠴᠢᠨᠠᠷ ᠰᠠᠢᠲᠠᠢ ᠲᠠᠷᠢᠶᠠᠯᠠᠩ ᠮᠠᠯ ᠠᠵᠦ ᠠᠬᠤᠢ᠎ᠶᠢᠨ ᠪᠦᠲᠦᠭᠡᠭᠳᠡᠬᠦᠨ ᠪᠠ ᠣᠨᠴᠠᠯᠢᠭ᠍ᠲᠤ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠳᠡᠯᠭᠡᠨ ᠪᠤᠷᠤᠯᠠᠭᠤᠯᠪᠠ
2026-08-10 10:01:34
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 8 ᠡᠴᠡ 9᠎ᠤ ᠡᠳᠦᠷ ᠪᠤᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠭᠤᠤᠯ ᠲᠠᠯᠠᠪᠤᠷ ᠪᠤᠯᠬᠤ ᠪᠤᠭᠤᠲᠤ ᠬᠣᠲᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠤᠷᠳᠤᠨ᠎ᠳᠦ ᠥᠪᠥᠷ ᠮᠣᠩᠭᠣᠯ᠎ᠤᠨ ᠴᠢᠨᠠᠷ ᠰᠠᠢᠲᠠᠢ ᠲᠠᠷᠢᠶᠠᠯᠠᠩ᠎ᠮᠠᠯ ᠠᠵᠦ ᠠᠬᠤᠢ᠎ᠶᠢᠨ ᠪᠦᠲᠦᠭᠡᠭᠳᠡᠬᠦᠨ ᠪᠠ ᠣᠨᠴᠠᠯᠢᠭ᠍ᠲᠤ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ ᠠᠵᠢᠯᠯᠠᠭ᠎ᠠ ᠶᠠᠪᠤᠭᠳᠠᠵᠦ᠂ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠣᠨᠴᠠᠯᠢᠭ᠍ᠲᠤ ᠠᠵᠤ ᠦᠢᠯᠡᠰ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠪᠠ᠃

ᠲᠤᠰ ᠤᠳᠠᠭ᠎ᠠ᠎ᠶᠢᠨ ᠳᠡᠯᠭᠡᠨ ᠪᠣᠷᠣᠯᠠᠭᠤᠯᠬᠤ ᠠᠵᠢᠯᠯᠠᠭ᠎ᠠ᠎ᠳᠦ ᠪᠦᠬᠦ ᠣᠷᠣᠨ᠎ᠤ 12 ᠠᠢᠮᠠᠭ ᠬᠤᠳᠠ᠎ᠶᠢᠨ 35 ᠰᠢᠯᠢᠳᠡᠭ ᠠᠵᠤ ᠠᠬᠤᠢᠯᠠᠯ ᠣᠷᠣᠯᠴᠠᠵᠤ᠂ 200 ᠭᠠᠷᠤᠢ ᠵᠦᠢᠯ᠎ᠦᠨ ᠪᠣᠬᠢᠷᠲᠤᠯ ᠦᠭᠡᠢ᠂ ᠠᠮᠢ ᠠᠬᠤᠢ᠎ᠶᠢᠨ ᠥᠪᠥᠷ ᠮᠣᠩᠭᠣᠯ᠎ᠤᠨ ᠣᠨᠴᠠᠯᠢᠭ᠍ᠲᠤ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠳᠦᠭᠡᠭᠳᠡᠬᠦᠨ ᠵᠢᠡᠨ ᠠᠪᠴᠢᠷᠠᠭᠰᠠᠨ᠎ᠢᠶᠠᠷ ᠪᠠᠷᠠᠬᠤ ᠦᠭᠡᠢ ᠪᠠᠰᠠ ᠨᠢᠭᠡ ᠪᠦᠯᠦᠭ ᠲᠠᠯ᠎ᠠ ᠨᠤᠲᠤᠭ᠎ᠤᠨ ᠭᠣᠣᠯ ᠰᠡᠳᠦᠪᠲᠦ ᠰᠣᠶᠣᠯ᠎ᠤᠨ ᠡᠭᠦᠳᠦᠯᠲᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠪᠦᠲᠦᠭᠡᠭᠳᠡᠬᠦᠨ᠂ ᠪᠡᠶ᠎ᠡ᠎ᠶᠢᠨ ᠲᠠᠮᠢᠷ᠎ᠤᠨ ᠭᠣᠣᠯ ᠰᠡᠳᠦᠪᠲᠦ ᠰᠣᠶᠣᠯ᠎ᠤᠨ ᠡᠭᠦᠳᠦᠯᠲᠡ᠂ ᠬᠤᠳᠠ᠎ᠶᠢᠨ ᠰᠣᠶᠣᠯ ᠵᠢᠭᠤᠯᠴᠢᠯᠠᠯ᠎ᠤᠨ ᠳᠤᠷᠠᠰᠬᠠᠯ᠎ᠤᠨ ᠪᠣᠳᠠᠰ ᠵᠡᠷᠭᠡ ᠣᠨᠴᠠᠯᠢᠭ᠍ᠲᠤ ᠪᠦᠲᠦᠭᠡᠭᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠪᠠ᠃ ᠰᠢᠨ᠎ᠡ ᠰᠡᠪᠡᠭᠦᠨ ᠡᠭᠦᠳᠦᠯᠲᠡ᠎ᠲᠠᠢ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠨᠦᠭᠦᠳ ᠨᠢ ᠲᠠᠯ᠎ᠠ ᠨᠤᠲᠤᠭ᠎ᠤᠨ ᠰᠣᠶᠣᠯ᠂ ᠦᠨᠳᠦᠰᠦᠲᠡᠨ᠎ᠦ ᠣᠨᠴᠠᠯᠢᠭ᠋ ᠬᠢᠭᠡᠳ ᠰᠢᠨ᠎ᠡ ᠴᠠᠭ ᠦᠶ᠎ᠡ᠎ᠶᠢᠨ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠤᠷᠠᠨ᠎ᠢᠶᠠᠷ ᠠᠭᠤᠰᠤᠯᠴᠠᠭᠤᠯᠤᠨ᠂ ᠰᠢᠨ᠎ᠡ ᠰᠡᠪᠡᠭᠦᠨ ᠳᠦᠷᠰᠦ ᠪᠦᠲᠦᠭᠡᠯᠲᠡ᠂ ᠡᠯᠪᠡᠭ ᠪᠠᠶᠠᠯᠢᠭ᠋ ᠠᠭᠤᠯᠤᠭᠳᠠᠬᠤᠨ᠎ᠲᠠᠢ ᠪᠣᠯᠭᠠᠵᠤ᠂ ᠥᠪᠥᠷ ᠮᠣᠩᠭᠣᠯ᠎ᠤᠨ ᠦᠨᠳᠦᠰᠦᠲᠡᠨ᠎ᠦ ᠰᠣᠶᠣᠯ᠎ᠤᠨ ᠭᠦᠨ ᠵᠤᠵᠠᠭᠠᠨ ᠠᠭᠤᠯᠬᠤᠨ ᠪᠠ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠦᠭᠰᠡᠨ ᠪᠠᠢᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭᠴᠢ ᠸᠠᠩ ᠭᠦᠸᠧ ᠶᠢᠩ᠄ 《ᠲᠣᠰ ᠤᠳᠠᠭ᠎ᠠ᠎ᠶᠢᠨ ᠴᠢᠨᠠᠷ ᠰᠠᠢᠳᠠᠢ ᠲᠠᠷᠢᠶᠠᠯᠠᠩ ᠮᠠᠯ᠎ᠠᠵᠦ ᠠᠬᠤᠢ᠎ᠶᠢᠨ ᠪᠦᠲᠦᠭᠡᠭᠳᠡᠬᠦᠨ ᠪᠠ ᠤᠨᠴᠠᠯᠢᠬᠳᠤ ᠰᠣᠶᠣᠯ᠎ᠤᠨ ᠡᠭᠦᠳᠦᠯᠳᠡ ᠵᠢᠨ ᠪᠦᠲᠦᠭᠡᠭᠳᠡᠭᠦᠨ᠎ᠢ ᠳᠡᠯᠭᠡᠨ ᠪᠣᠷᠣᠯᠠᠭᠤᠯᠬᠤ ᠠᠵᠢᠯᠯᠠᠭ᠎ᠠ ᠨᠢ ᠲᠣᠮᠣ᠌ ᠬᠡᠯᠪᠡᠷᠢ᠎ᠶᠢᠨ ᠤᠷᠤᠯᠳᠤᠭᠠᠨ᠎ᠤ ᠳᠠᠪᠠᠭᠤᠯᠢᠭ᠋᠎ᠲᠤ ᠲᠦᠰᠢᠭᠯᠡᠨ᠂ ᠰᠤᠶᠤᠯ ᠵᠢᠭᠤᠯᠴᠢᠯᠠᠯ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠪᠡᠶ᠎ᠡ᠎ᠶᠢᠨ ᠲᠠᠮᠢᠷ᠂ ᠠᠷᠠᠯᠵᠢᠶ᠎ᠠ ᠬᠤᠳᠠᠯᠳᠤᠭ᠎ᠠ ᠣᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠨᠢᠭᠡ ᠴᠣᠭᠴᠠᠵᠢᠭᠤᠯᠤᠨ ᠠᠭᠤᠰᠤᠯᠴᠠᠭᠤᠯᠤᠨ ᠬᠥᠭᠵᠢᠭᠦᠯᠵᠤ ᠠᠬᠢᠭᠤᠯᠬᠤ ᠵᠢ ᠵᠤᠷᠢᠭᠰᠠᠨ ᠶᠤᠮ》 ᠭᠡᠵᠦ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号