ᠦᠪᠦᠷ ᠮᠤᠩᠭᠤᠯ ᠬᠢᠶᠠᠭ ᠡᠪᠡᠰᠦ ᠲᠠᠷᠢᠬᠤ ᠳ᠋ᠤ ᠥᠭᠬᠦ ᠨᠥᠬᠥᠪᠦᠷᠢ ᠵᠢᠨ ᠲᠥᠷᠥᠯ ᠵᠦᠢᠯ ᠢ᠋ ᠢᠳᠡᠪᠬᠢᠲᠡᠢ ᠠᠬᠢᠭᠤᠯᠵᠤ ᠪᠤᠢ
2026-08-10 09:51:05
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠦᠪᠦᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠠᠵᠢᠯ᠎ᠤᠨ ᠶᠡᠷᠦᠩᠬᠡᠢ ᠥᠷᠲᠡᠭᠡ ᠡᠴᠡ ᠠᠵᠢᠯᠯᠠᠬᠤ ᠳᠤᠭᠤᠢᠯᠠᠩ ᠲᠣᠮᠢᠯᠠᠨ᠂ 2025᠂ 2026 ᠣᠨ᠎ᠤ ᠬᠢᠶᠠᠭ ᠡᠪᠡᠰᠦ ᠲᠠᠷᠢᠬᠤ ᠳ᠋ᠤ ᠥᠭᠬᠦ ᠨᠥᠬᠥᠪᠦᠷᠢ ᠵᠢᠨ ᠲᠥᠷᠥᠯ ᠵᠦᠢᠯ ᠢ᠋ ᠠᠬᠢᠭᠤᠯᠬᠤ ᠠᠵᠢᠯ ᠢ᠋ ᠪᠦᠬᠦ ᠲᠠᠯ᠎ᠠ᠎ᠪᠠᠷ ᠥᠷᠨᠢᠭᠦᠯᠵᠤ᠂ ᠬᠢᠶᠠᠭ ᠡᠪᠡᠰᠦ ᠲᠠᠷᠢᠬᠤ ᠳ᠋ᠤ ᠥᠭᠬᠦ ᠨᠥᠬᠥᠪᠦᠷᠢ ᠵᠢᠨ ᠲᠥᠷᠥᠯ ᠵᠦᠢᠯ᠎ᠦᠨ ᠬᠠᠮᠢᠶᠠᠷᠤᠯᠲᠠ ᠶ᠋ᠢ ᠤᠯᠠᠮ ᠴᠢᠩᠭᠠᠳᠬᠠᠨ᠂ ᠲᠥᠷᠥᠯ ᠵᠦᠢᠯ ᠢ᠋ ᠪᠣᠳᠠᠲᠠᠢᠵᠢᠭᠤᠯᠤᠨ ᠬᠡᠷᠡᠭᠵᠢᠭᠦᠯᠬᠦ ᠶ᠋ᠢ ᠰᠢᠨᠵᠢᠯᠡᠬᠦ ᠤᠬᠠᠭᠠᠨᠴᠢ᠎ᠪᠠᠷ ᠠᠬᠢᠭᠤᠯᠵᠤ᠂ ᠲᠥᠷᠥᠯ ᠵᠦᠢᠯ ᠢ᠋ ᠬᠡᠷᠡᠭᠵᠢᠭᠦᠯᠬᠦ ᠶᠠᠪᠤᠴᠠ ᠳ᠋ᠤ ᠣᠷᠣᠰᠢᠵᠤ ᠪᠠᠢᠭ᠎ᠠ ᠠᠰᠠᠭᠤᠳᠠᠯ ᠪᠣᠯᠣᠨ ᠬᠦᠴᠢᠷᠳᠡᠯ ᠢ᠋ ᠦᠨᠡᠨ ᠬᠦ᠌ ᠡᠵᠡᠮᠰᠢᠨ᠂ ᠲᠥᠷᠥᠯ ᠵᠦᠢᠯ᠎ᠢ ᠰᠢᠯᠭᠠᠨ ᠠᠪᠬᠤ᠂ ᠨᠥᠬᠥᠪᠦᠷᠢ ᠪᠡᠯᠡ ᠮᠥᠩᠭᠥ ᠶ᠋ᠢ ᠪᠣᠳᠠᠲᠠᠢᠵᠢᠭᠤᠯᠬᠤ ᠵᠡᠷᠭᠡ ᠡᠯ᠎ᠡ ᠵᠦᠢᠯ᠎ᠦᠨ ᠠᠵᠢᠯ ᠢ᠋ ᠨᠢᠭᠡᠳᠦᠯᠲᠡᠢ ᠲᠥᠯᠥᠪᠯᠡᠨ ᠰᠠᠢᠲᠤᠷ ᠬᠢᠵᠦ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠮᠵᠢ ᠶ᠋ᠢ ᠪᠠᠲᠤᠯᠠᠬᠤ ᠶ᠋ᠢ ᠵᠤᠷᠢᠵᠤ ᠪᠠᠢᠨ᠎ᠠ᠃

ᠠᠵᠢᠯᠯᠠᠬᠤ ᠳᠤᠭᠤᠢᠯᠠᠩ ᠲᠤᠬᠠᠢ ᠶ᠋ᠢᠨ ᠭᠠᠵᠠᠷ ᠲᠤᠨᠢ ᠪᠠᠢᠴᠠᠭᠠᠬᠤ᠂ ᠯᠠᠪᠯᠠᠨ ᠠᠰᠠᠭᠤᠬᠤ ᠵᠡᠷᠭᠡ ᠠᠷᠭ᠎ᠠ ᠮᠠᠶᠢᠭ᠋ ᠵᠢᠡᠷ ᠳᠠᠮᠵᠢᠨ᠂ ᠲᠥᠷᠥᠯ ᠵᠦᠢᠯ ᠢ᠋ ᠬᠡᠷᠡᠭᠵᠢᠭᠦᠯᠵᠦ ᠪᠠᠢᠭ᠎ᠠ ᠪᠠᠢᠳᠠᠯ ᠢ᠋ ᠪᠥᠬᠥ ᠲᠠᠯ᠎ᠠ᠎ᠪᠠᠷ ᠣᠢᠯᠠᠭᠠᠵᠤ᠂ ᠭᠣᠣᠯᠳᠠᠭᠤ ᠲᠥᠷᠥᠯ ᠵᠦᠢᠯ᠎ᠦᠨ ᠭᠠᠵᠠᠷ᠎ᠤᠨ ᠬᠡᠰᠡᠭ᠂ ᠮᠡᠷᠭᠡᠵᠢᠯ᠎ᠦᠨ ᠠᠷᠭ᠎ᠠ ᠬᠡᠮᠵᠢᠶ᠎ᠡ᠂ ᠲᠥᠷᠥᠯ ᠵᠦᠢᠯ ᠢ᠋ ᠬᠠᠮᠢᠶᠠᠷᠴᠤ ᠬᠠᠮᠠᠭᠠᠯᠠᠬᠤ᠂ ᠬᠡᠷᠡᠭᠵᠢᠭᠦᠯᠵᠦ ᠪᠠᠢᠭ᠎ᠠ ᠦᠷ᠎ᠡ ᠪᠦᠲᠦᠮᠵᠢ ᠵᠡᠷᠭᠡ ᠪᠡᠷ ᠭᠣᠣᠯᠯᠠᠭᠤᠯᠤᠨ ᠲᠥᠷᠥᠯ ᠵᠦᠢᠯ ᠢ᠋ ᠬᠡᠷᠡᠭᠵᠢᠭᠦᠯᠬᠦ ᠶᠠᠪᠤᠴᠠ ᠳ᠋ᠤ ᠣᠷᠣᠰᠢᠵᠤ ᠪᠠᠢᠭ᠎ᠠ ᠠᠰᠠᠭᠤᠳᠠᠯ ᠪᠠ ᠬᠦᠴᠢᠷᠳᠡᠯ ᠢ᠋ ᠬᠢᠨᠠᠮᠠᠭᠠᠢ ᠡᠮᠬᠢᠯᠡᠬᠦ ᠶ᠋ᠢᠨ ᠬᠠᠮᠲᠤ᠂ ᠡᠯ᠎ᠡ ᠭᠠᠵᠠᠷ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ ᠵᠢᠯᠤᠭᠣᠳᠬᠤ ᠰᠠᠨᠠᠯ ᠳᠤᠷᠠᠳᠴᠠᠢ᠃ ᠡᠭᠦᠪᠠᠷ ᠳᠡᠮᠵᠢᠨ᠂ ᠬᠢᠶᠠᠭ ᠡᠪᠡᠰᠦ ᠳᠠᠷᠢᠬᠤ ᠨᠥᠬᠥᠪᠦᠷᠢ ᠶ᠋ᠢᠨ ᠲᠥᠷᠥᠯ ᠵᠦᠢᠯ ᠢ᠋ ᠬᠡᠷᠡᠭᠵᠢᠭᠦᠯᠵᠦ ᠪᠠᠢᠭ᠎ᠠ ᠣᠳᠣᠬᠢ ᠪᠠᠢᠳᠠᠯ ᠢ᠋ ᠲᠣᠳᠣᠷᠬᠠᠢ ᠣᠢᠯᠠᠭᠠᠵᠤ᠂ ᠲᠠᠷᠠᠭᠠᠴᠢ ᠶ᠋ᠢᠨ ᠠᠵᠢᠯ ᠢ᠋ ᠥᠷᠨᠢᠭᠦᠯᠬᠦ᠎ᠳᠦ ᠪᠠᠲᠤ ᠰᠠᠭᠤᠷᠢ ᠲᠠᠯᠪᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号