ᠴᠠᠭ ᠠᠭᠤᠷ ᠤ᠋ᠨ ᠡᠭᠦᠰᠦᠮᠡᠯ ᠭᠠᠮᠰᠢᠭ ᠢ᠋ ᠰᠡᠷᠭᠡᠢᠯᠡᠬᠦ ᠴᠢᠬᠤᠯᠠᠲᠠᠢ
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 8 ᠰᠠᠷ᠎ᠠ ᠢ᠋ᠢᠨ 10 —12 ᠤ᠋ᠨ ᠡᠳᠦᠷ ᠪᠤᠯᠳᠠᠯ᠎ᠠ ᠦᠪᠤᠷ ᠮᠤᠩᠭᠤᠯ ᠤ᠋ᠨ ᠶᠡᠬᠡᠩᠬᠢ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠵᠤ᠂ ᠤᠯᠠᠨ ᠭᠠᠵᠠᠷ ᠲᠦ᠍ ᠰᠢᠷᠤᠬᠦᠨ ᠪᠤᠷᠤᠭᠠᠨ ᠪᠤᠶᠤ ᠶᠡᠬᠡ ᠰᠢᠷᠤᠬᠦᠨ ᠪᠤᠷᠤᠭᠠᠨ ᠣᠷᠤᠨ᠎ᠠ᠃
8 ᠰᠠᠷ᠎ᠠ ᠢ᠋ᠢᠨ 10 — 12 ᠤ᠋ᠨ ᠡᠳᠦᠷ ᠪᠣᠯᠲᠠᠯ᠎ᠠ᠂ ᠦᠪᠦᠷ ᠮᠤᠡᠭᠭᠤᠯ ᠳ᠋ᠤ ᠨᠡᠢᠳᠡᠮ ᠪᠠᠭ᠎ᠠ ᠪᠣᠷᠣᠭᠠᠨ ᠪᠤᠶᠤ ᠵᠢᠷᠪᠢᠰᠬᠢᠨ ᠪᠣᠷᠣᠭᠠᠨ ᠤᠷᠤᠨ᠎ᠠ᠃ ᠡᠭᠦᠨ ᠳ᠋ᠤ᠂ ᠠᠯᠠᠱᠠ ᠠᠢᠮᠠᠭ ᠤ᠋ᠨ ᠵᠡᠭᠦᠨ ᠪᠡᠶ᠎ᠠ᠂ ᠪᠠᠶᠠᠨᠨᠠᠭᠤᠷ ᠬᠣᠲᠠ᠂ ᠦᠬᠠᠶ ᠬᠣᠲᠠ ᠢ᠋ᠢᠨ ᠶᠡᠬᠡᠩᠬᠢ ᠭᠠᠵᠠᠷ᠂ ᠣᠷᠳᠣᠰ ᠬᠣᠲᠠ ᠢ᠋ᠢᠨ ᠬᠣᠶ᠋ᠢᠲᠤ᠌ ᠪᠡᠶ᠎ᠠ ᠡᠴᠡ ᠠᠪᠤᠭᠠᠳ ᠤᠯᠠᠭᠠᠨᠬᠠᠳᠠ ᠬᠣᠲᠠ ᠢ᠋ᠢᠨ ᠶᠡᠬᠡᠩᠬᠢ ᠭᠠᠵᠠᠷ᠂ ᠲᠦᠩᠯᠢᠶᠣᠤ ᠬᠣᠲᠠ ᠢ᠋ᠢᠨ ᠬᠤᠢᠳᠤ ᠪᠡᠶ᠎ᠠ᠂ ᠬᠢᠩᠭᠠᠨ ᠠᠢᠮᠠᠭ ᠤ᠋ᠨ ᠡᠮᠦᠨ᠎ᠠ ᠪᠡᠶ᠎ᠠ ᠪᠤᠯᠤᠨ ᠵᠡᠭᠦᠨ ᠪᠡᠶ᠎ᠠ᠂ ᠬᠥᠯᠥᠨ ᠪᠣᠶ᠋ᠢᠷ ᠬᠣᠲᠠ ᠢ᠋ᠢᠨ ᠵᠡᠭᠦᠨ ᠪᠡᠶ᠎ᠠ ᠬᠦᠷᠳᠡᠯ᠎ᠠ ᠳᠤᠮᠳᠠ ᠡᠴᠡ ᠶᠡᠬᠡ ᠪᠣᠷᠣᠭᠠᠨ ᠣᠷᠣᠨ᠎ᠠ; ᠪᠠᠶᠠᠨᠨᠠᠭᠤᠷ ᠬᠣᠲᠠ ᠢ᠋ᠢᠨ ᠡᠮᠦᠨ᠎ᠠ ᠪᠡᠶ᠎ᠠ᠂ ᠣᠷᠳᠣᠰ ᠬᠣᠲᠠ ᠢ᠋ᠢᠨ ᠵᠡᠭᠦᠨ ᠬᠣᠶ᠋ᠢᠲᠤ᠌ ᠪᠡᠶ᠎ᠠ᠂ ᠪᠤᠭᠤᠲᠤ᠌ ᠬᠣᠲᠠ ᠢ᠋ᠢᠨ ᠳᠤᠮᠳᠠ ᠪᠡᠶ᠎ᠠ ᠪᠤᠯᠤᠨ ᠡᠮᠦᠨ᠎ᠡ ᠪᠡᠶ᠎ᠠ᠂ ᠬᠥᠬᠡᠬᠣᠲᠠ ᠢ᠋ᠢᠨ ᠪᠠᠷᠠᠭᠤᠨ ᠬᠣᠶ᠋ᠢᠲᠤ᠌ ᠪᠡᠶ᠎ᠠ᠂ ᠤᠯᠠᠭᠠᠨᠴᠠᠪ ᠬᠣᠲᠠ ᠢ᠋ᠢᠨ ᠳᠤᠮᠳᠠ ᠪᠡᠶ᠎ᠠ᠂ ᠰᠢᠯᠢ ᠢ᠋ᠢᠨ ᠭᠤᠤᠯ ᠠᠶ᠋ᠢᠮᠠᠭ ᠤ᠋ᠨ ᠳᠤᠮᠳᠠ ᠪᠡᠶ᠎ᠠ ᠪᠤᠯᠤᠨ ᠵᠡᠭᠦᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠳᠤᠮᠳᠠ ᠪᠡᠶ᠎ᠠ ᠳ᠋ᠤ ᠰᠢᠷᠦᠭᠦᠨ ᠪᠣᠷᠣᠭᠠᠨ ᠤᠷᠤᠵᠤ᠂ ᠬᠡᠰᠡᠭ ᠭᠠᠵᠠᠷ ᠲᠤ᠌ ᠶᠡᠬᠡ ᠰᠢᠷᠦᠭᠦᠨ ᠪᠣᠷᠣᠭᠠᠨ ᠤᠷᠤᠵᠤ᠂ ᠬᠠᠮᠤᠭ ᠤ᠋ᠨ ᠶᠡᠬᠡ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ 50 —120 ᠮᠢᠯᠢᠮᠧᠲ᠋ᠷ ᠬᠦᠷᠴᠤ᠂ ᠬᠡᠰᠡᠭ ᠭᠠᠵᠠᠷ ᠲᠤ᠌ 150 ᠮᠢᠯᠢᠮᠧᠲ᠋ᠷ ᠢ᠋ ᠳᠠᠪᠠᠵᠤ᠂ ᠣᠬᠣᠷ ᠬᠤᠭᠤᠴᠠᠭᠠᠨ ᠤ᠋ ᠰᠢᠷᠦᠭᠦᠨ ᠪᠣᠷᠣᠭᠠᠨ᠂ ᠠᠶᠤᠩᠭᠠᠲᠤ᠌ ᠪᠣᠷᠣᠭᠠᠨ ᠶᠡᠬᠡ ᠰᠠᠯᠬᠢ᠂ ᠮᠥᠨᠳᠥᠷ ᠵᠡᠷᠭᠡ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠳᠠᠭᠠᠯᠳᠤᠨ᠎ᠠ᠃ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠢ᠋ᠢᠨ ᠶᠡᠬᠡ ᠪᠤᠷᠤᠭᠠᠨ ᠭᠤᠤᠯᠳᠠᠭᠤ 10 — 11 ᠤ᠋ ᠡᠳᠦᠷ ᠲᠦ᠍ ᠲᠦᠪᠯᠡᠷᠡᠵᠤ᠂ ᠵᠡᠭᠦᠨ ᠪᠡᠶ᠎ᠠ ᠢ᠋ᠢᠨ ᠡᠮᠦᠨ᠎ᠠ ᠬᠡᠰᠡᠭ ᠤ᠋ᠨ ᠶᠡᠬᠡ ᠪᠤᠷᠤᠭᠠᠨ ᠭᠤᠤᠯᠳᠠᠭᠤ 12 ᠤ᠋ᠨ ᠡᠳᠦᠷ ᠲᠦ᠍ ᠲᠦᠪᠯᠡᠷᠡᠨᠠ᠃
ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ᠂ ᠲᠤᠰ ᠤᠳᠠᠭ᠎ᠠ ᠢ᠋ᠢᠨ ᠶᠡᠬᠡ ᠪᠤᠷᠤᠭᠠᠨ ᠪᠤᠶᠤ ᠰᠢᠷᠦᠭᠦᠨ ᠪᠤᠷᠤᠭᠠᠨ ᠤ᠋ ᠦᠷᠭᠦᠯᠵᠢᠯᠡᠬᠦ ᠴᠠᠭ ᠨᠢ ᠤᠷᠲᠤ ᠪᠤᠯᠬᠤᠷ ᠭᠠᠮᠰᠢᠭ ᠡᠭᠦᠰᠬᠦ ᠠᠶᠤᠯ ᠲᠠᠢ ᠪᠠᠢᠵᠤ᠂ ᠬᠠᠮᠢᠶ᠎ᠠ ᠪᠦᠬᠦᠢ ᠭᠠᠵᠠᠷ ᠤ᠋ᠨ ᠬᠢᠨ ᠬᠤᠲᠠ ᠢ᠋ᠢᠨ ᠦᠶᠡᠷ ᠤᠰᠤᠲᠤᠯ᠂ ᠠᠭᠤᠯᠠᠨ ᠦᠶᠠᠷ᠂ ᠳᠤᠮᠳᠠ ᠪᠠᠭ᠎ᠠ ᠭᠤᠤᠯ ᠮᠥᠷᠡᠨ ᠤ᠋ ᠦᠶᠡᠷ ᠵᠡᠷᠭᠡ ᠴᠠᠭ ᠠᠭᠤᠷ ᠤ᠋ᠨ ᠡᠭᠦᠰᠦᠮᠡᠯ ᠭᠠᠮᠰᠢᠭ ᠢ᠋ ᠰᠡᠷᠭᠡᠢᠯᠡᠬᠦ ᠴᠢᠬᠤᠯᠠᠲᠠᠢ᠃ ᠢᠯᠠᠩᠭᠤᠶ᠎ᠠ ᠨᠡᠯᠢᠶᠡᠳ ᠬᠦᠨᠳᠤ ᠰᠦᠷᠡᠬᠡᠢ ᠭᠠᠩᠳᠠᠵᠤ ᠪᠠᠢᠭᠰᠠᠨ ᠪᠠᠷᠠᠭᠤᠨ ᠪᠠᠶ᠎ᠠ ᠪᠤᠯᠤᠨ ᠲᠤᠮᠳᠠ ᠪᠠᠶ᠎ᠠ ᠵᠢᠨ ᠬᠤᠢᠳᠤ ᠬᠡᠰᠡᠭ ᠤ᠋ᠨ ᠭᠠᠵᠠᠷ ᠤᠷᠤᠨ ᠳ᠋ᠤ ᠬᠡᠨᠡᠳᠳᠡ ᠵᠢᠨ ᠦᠶᠡᠷ ᠤᠰᠤᠳᠤᠯ ᠡᠬᠦᠰᠬᠦ ᠵᠢ ᠴᠢᠩᠭ᠎ᠠ ᠰᠡᠷᠬᠡᠢᠯᠡᠬᠦ ᠴᠢᠬᠤᠯᠠᠳᠠᠢ ᠬᠡᠮᠡᠨ ᠰᠠᠨᠠᠭᠤᠯᠵᠤ ᠪᠠᠢᠨ᠎ᠠ᠃