ᠥᠪᠥᠷ ᠮᠣᠩᠭᠣᠯ ᠦᠶᠡᠷ ᠤ᠋ᠨ ᠬᠤᠭᠤᠴᠠᠭᠠᠨ ᠤ᠋ ᠵᠠᠰᠠᠮᠠᠯ ᠵᠠᠮ ᠤ᠋ᠨ ᠠᠮᠤᠷ ᠲᠦᠪᠰᠢᠨ ᠤ᠋ ᠲᠦᠭᠰᠢᠭᠦᠷᠢ ᠢ᠋ᠢ ᠬᠠᠮᠢᠶᠠᠷᠤᠨ ᠡᠵᠡᠮᠳᠡᠬᠦ᠌ ᠰᠣᠷᠢᠯᠲᠠ ᠥᠷᠨᠢᠭᠦᠯᠪᠡ
2026-08-10 09:45:12
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤᠢᠷ᠎ᠠ ᠳ᠋ᠤ 2026 ᠣᠨ ᠤ᠋ ᠦᠶᠡᠷ ᠤ᠋ᠨ ᠬᠤᠭᠤᠴᠠᠭᠠᠨ ᠤ᠋ ᠵᠠᠰᠠᠮᠠᠯ ᠵᠠᠮ ᠤ᠋ᠨ ᠠᠮᠤᠷ ᠲᠦᠪᠰᠢᠨ ᠤ᠋ ᠲᠦᠭᠰᠢᠭᠦᠷᠢ ᠢ᠋ᠢ ᠬᠠᠮᠢᠶᠠᠷᠤᠨ ᠡᠵᠡᠮᠳᠡᠬᠦ᠌ ᠰᠣᠷᠢᠯᠲᠠ ᠥᠷᠨᠢᠭᠦᠯᠵᠤ᠂ ᠲᠦᠷᠭᠡᠨ ᠤ᠋ ᠵᠠᠰᠠᠮᠠᠯ ᠵᠠᠮ ᠤ᠋ᠨ ᠬᠥᠭᠥᠷᠭᠡ ᠢ᠋ᠢᠨ ᠰᠠᠭᠤᠷᠢ ᠤᠰᠤᠨ ᠳ᠋ᠤ ᠠᠪᠲᠠᠬᠤ᠂ ᠬᠣᠲᠣᠭᠣᠷ ᠵᠠᠮ ᠤ᠋ᠨ ᠬᠡᠰᠡᠭ ᠲᠦ᠍ ᠤᠰᠤ ᠬᠤᠷᠠᠬᠤ᠂ ᠬᠥᠭᠥᠷᠭᠡ ᠢ᠋ᠢᠨ ᠪᠦᠲᠦᠴᠡ ᠲᠡᠡᠭᠴᠡᠭᠦᠷᠢ ᠪᠡᠨ ᠲᠥᠪᠯᠡᠷᠡᠭᠦᠯᠵᠦ᠍᠂ ᠬᠥᠮᠦᠨ ᠪᠠ ᠮᠠᠰᠢᠨ ᠪᠣᠰᠣᠭ᠎ᠠ ᠴᠣᠭᠴᠠ ᠪᠠᠷ ᠲᠣᠭᠣᠷᠢᠨ ᠪᠠᠶ᠋ᠢᠴᠠᠭᠠᠬᠤ᠂ ᠤᠰᠤ ᠲᠠᠲᠠᠷᠠᠭᠤᠯᠵᠤ ᠠᠶᠤᠯ ᠡᠴᠡ ᠠᠪᠤᠷᠠᠬᠤ᠂ ᠬᠥᠭᠥᠷᠭᠡ ᠢ᠋ᠢᠨ ᠰᠠᠭᠤᠷᠢ ᠢ᠋ᠢ ᠪᠡᠬᠢᠵᠢᠭᠦᠯᠬᠦ᠌ ᠵᠡᠷᠭᠡ ᠪᠥᠬᠥ᠌ ᠬᠡᠯᠬᠢᠶ᠎ᠠ ᠢ᠋ᠢᠨ ᠪᠣᠳᠠᠲᠤ᠌ ᠳᠠᠶ᠋ᠢᠯᠠᠯᠳᠤᠭᠠᠨ ᠶᠠᠪᠤᠭᠤᠯᠵᠤ᠂ ᠪᠠᠴᠢᠮ ᠪᠠᠶ᠋ᠢᠳᠠᠯ ᠢ᠋ ᠠᠷᠭᠠᠴᠠᠭᠠᠬᠤ ᠴᠢᠳᠠᠪᠤᠷᠢ ᠢ᠋ᠢ ᠪᠦᠬᠦ ᠲᠠᠯ᠎ᠠ ᠪᠡᠷ ᠰᠢᠯᠭᠠᠨ ᠪᠠᠢᠴᠠᠭᠠᠪᠠ᠃

ᠡᠨᠡ ᠵᠢᠯ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ  《1 + 1 + N》 ᠦᠶᠡᠷ ᠢ᠋ ᠰᠡᠷᠭᠡᠶ᠋ᠢᠯᠡᠬᠦ᠌ ᠠᠵᠢᠯ ᠤ᠋ᠨ ᠰᠢᠰᠲ᠋ᠧᠮ ᠪᠤᠯᠤᠨ 《133》 ᠠᠵᠢᠯ ᠤ᠋ᠨ ᠠᠷᠭ᠎ᠠ ᠬᠡᠮᠵᠢᠶ᠎ᠡ ᠢ᠋ᠢ ᠴᠢᠩᠭ᠎ᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠵᠦ᠍ ᠰᠤᠳᠤᠯᠤᠨ ᠮᠠᠭᠠᠳᠯᠠᠬᠤ ᠪᠠ ᠰᠠᠨᠠᠭᠠᠴᠢᠯᠠᠭ᠎ᠠ ᠡᠴᠡ ᠪᠠᠨ ᠲᠣᠭᠣᠷᠢᠨ ᠪᠠᠶ᠋ᠢᠴᠠᠭᠠᠵᠤ ᠰᠡᠷᠭᠡᠶ᠋ᠢᠯᠡᠨ ᠬᠣᠷᠢᠭᠯᠠᠬᠤ ᠢ᠋ᠢ ᠴᠢᠩᠭᠠᠳᠬᠠᠨ᠂ ᠲᠦᠭᠰᠢᠭᠦᠷᠢ ᠢ᠋ᠢ ᠤᠷᠢᠳᠴᠢᠯᠠᠨ ᠰᠡᠷᠡᠮᠵᠢᠯᠡᠭᠦᠯᠵᠦ᠍ ᠡᠷᠲᠡ ᠡᠴᠡ ᠮᠠᠭᠠᠳᠯᠠᠬᠤ ᠠᠵᠢᠯ ᠢ᠋ ᠰᠠᠢᠲᠤᠷ ᠬᠢᠪᠠ; ᠪᠠᠴᠢᠮ ᠪᠠᠶ᠋ᠢᠳᠠᠯ ᠢ᠋ ᠠᠷᠭᠠᠴᠠᠭᠠᠬᠤ ᠬᠦᠴᠦᠨ ᠢ᠋ ᠤᠷᠢᠳᠴᠢᠯᠡᠨ ᠪᠠᠶ᠋ᠢᠷᠢᠯᠠᠭᠤᠯᠵᠤ᠂ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠲᠥᠬᠥᠭᠡᠷᠦᠮᠵᠢ ᠢ᠋ᠢ ᠰᠠᠶ᠋ᠢᠲᠤᠷ ᠬᠡᠷᠡᠭᠯᠡᠨ᠂ ᠦᠶᠡᠷ ᠢ᠋ ᠰᠡᠷᠭᠡᠶ᠋ᠢᠯᠡᠬᠦ᠌ ᠪᠡᠯᠡᠳᠬᠡᠯ ᠬᠦᠴᠦᠨ ᠢ᠋ ᠰᠠᠢᠲᠤᠷ ᠲᠤᠬᠢᠷᠠᠭᠤᠯᠪᠠ; ᠤᠰᠤᠨ ᠳ᠋ᠤ ᠡᠪᠳᠡᠭᠳᠡᠭᠰᠡᠨ ᠵᠠᠰᠠᠮᠠᠯ ᠵᠠᠮ ᠤ᠋ᠨ ᠬᠡᠰᠡᠭ ᠢ᠋ ᠱᠠᠯᠠᠪᠳᠠᠨ ᠨᠡᠪᠲᠡᠷᠡᠭᠦᠯᠬᠦ᠌ ᠠᠵᠢᠯ ᠢ᠋ ᠴᠠᠭ ᠲᠤᠬᠠᠶ ᠳ᠋ᠤᠨᠢ ᠥᠷᠨᠢᠭᠦᠯᠵᠦ᠍᠂ ᠵᠠᠮ ᠤ᠋ᠨ ᠠᠮᠤᠷ ᠲᠦᠪᠰᠢᠨ ᠤ᠋  《ᠬᠣᠷᠢᠭ᠎ᠠ ᠱᠤᠭᠤᠮ》 ᠢ᠋ ᠴᠢᠩᠭ᠎ᠠ ᠰᠠᠬᠢᠵᠤ᠂ ᠲᠦᠭᠰᠢᠭᠦᠷᠢ ᠢ᠋ᠢ ᠤᠷᠢᠳᠴᠢᠯᠠᠨ ᠮᠠᠭᠠᠳᠯᠠᠭᠰᠠᠨ᠎ᠨᠢ ᠣᠨᠣᠪᠴᠢ ᠥᠬᠡᠶ᠂ ᠪᠡᠯᠡᠳᠬᠡᠯ ᠬᠦᠴᠦᠨ ᠭᠦᠢᠴᠡᠳ ᠪᠢᠰᠢ᠂ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠭᠰᠡᠨ ᠦᠷ᠎ᠡ ᠪᠦᠲᠦᠮᠵᠢ ᠠᠨᠠᠢ ᠵᠡᠷᠭᠡ ᠠᠰᠠᠭᠤᠳᠠᠯ ᠢ᠋ ᠬᠦᠴᠦᠯᠡᠨ ᠰᠢᠢᠳᠪᠦᠷᠢᠯᠡᠵᠤ᠂ ᠦᠶᠡᠷ ᠤ᠋ᠨ ᠬᠤᠭᠤᠴᠠᠭᠠᠨ ᠳ᠋ᠠᠬᠢ ᠵᠠᠰᠠᠮᠠᠯ ᠵᠠᠮ ᠤ᠋ᠨ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠪᠠᠲᠤ᠌ ᠰᠠᠬᠢᠵᠤ᠂ ᠣᠯᠠᠨ ᠲᠦᠮᠡᠨ ᠤ᠋ ᠶᠠᠪᠤᠵᠤ ᠰᠠᠭᠤᠬᠤ ᠠᠮᠤᠷ ᠲᠦᠪᠰᠢᠨ ᠢ᠋ ᠪᠥᠬᠥ᠌ ᠬᠦᠴᠦᠨ ᠢ᠋ᠢᠡᠷ ᠢ᠋ᠢᠡᠨ ᠪᠠᠲᠤᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号