ᠳᠥᠷᠪᠡᠳᠦᠭᠡᠷ ᠬᠤᠭᠤᠴᠠᠭᠠᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ ᠠᠵᠢᠯ᠎ᠤ᠋ᠨ ᠬᠠᠮᠵᠢᠯᠴᠠᠨ ᠭᠦᠭᠵᠢᠬᠦ ᠵᠢ ᠠᠬᠢᠭᠤᠯᠬᠤ ᠠᠵᠢᠯᠯᠠᠭ᠎ᠠ ᠶᠠᠪᠤᠬᠳᠠᠪᠠ
2026-08-10 10:11:46
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠳᠥᠷᠪᠡᠳᠦᠭᠡᠷ ᠬᠤᠭᠤᠴᠠᠭᠠᠨ ᠎ᠤ  ᠬᠠᠲᠤᠨ ᠭᠣᠣᠯ᠎ᠤᠨ ᠰᠠᠪᠠ ᠭᠠᠵᠠᠷ᠎ᠤᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠎ᠤᠨ ᠠᠵᠢᠯ ᠣᠯᠵᠤ ᠦᠢᠯᠡᠰ ᠪᠣᠰᠬᠠᠬᠤ ᠠᠵᠢᠯ᠎ᠤ᠋ᠨ ᠬᠠᠮᠵᠢᠯᠴᠠᠨ ᠭᠦᠭᠵᠢᠬᠦ ᠵᠢ ᠠᠬᠢᠭᠤᠯᠬᠤ ᠠᠵᠢᠯᠯᠠᠭ᠎ᠠ ᠣᠷᠳᠣᠰ ᠬᠣᠲᠠ᠎ᠶᠢᠨ ᠣᠯᠠᠨ ᠤᠯᠤᠰ᠎ᠤᠨ ᠬᠤᠷᠠᠯ ᠦᠵᠡᠰᠬᠦᠯᠡᠩ ᠎ᠦᠨ ᠲᠥᠪ᠎ᠲᠦ ᠡᠬᠢᠯᠡᠪᠡ᠃

ᠡᠬᠢᠯᠡᠯᠲᠡ᠎ᠶᠢᠨ ᠶᠣᠰᠣᠯᠠᠯ ᠎ᠤᠨ ᠳᠠᠷᠠᠭ᠎ᠠ᠂ ᠡᠯ᠎ᠡ ᠵᠦᠢᠯ᠎ᠦᠨ ᠠᠵᠢᠯᠯᠠᠭ᠎ᠠ ᠡᠮᠬᠢ ᠵᠢᠷᠤᠮ᠎ᠲᠠᠢ ᠶᠠᠪᠤᠭᠳᠠᠪᠠ᠃ ᠪᠡᠭᠡᠵᠢᠩ᠂ ᠭᠤᠸᠠᠩᠳᠦ᠋ᠩ ᠵᠡᠷᠭᠡ ᠮᠤᠵᠢ ᠬᠤᠳᠠ ᠲᠡᠷᠢᠭᠦᠨ᠎ᠦ ᠬᠥᠭᠵᠢᠯᠲᠡ᠎ᠶᠢᠨ ᠣᠢᠯᠠᠭᠠᠭᠳᠠᠬᠤᠨ ᠪᠠ ᠬᠣᠰᠢᠭᠤᠷᠠᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠭᠠᠨ᠎ᠤ ᠦᠷ᠎ᠡ ᠪᠦᠲᠦᠭᠡᠯ᠎ᠢ ᠠᠪᠴᠢᠷᠠᠵᠤ᠂ ᠣᠷᠣᠨ ᠪᠦᠰᠡ᠎ᠶᠢᠨ ᠬᠠᠮᠵᠢᠯᠴᠠᠨ ᠠᠵᠢᠯᠯᠠᠬᠤ ᠠᠷᠭ᠎ᠠ ᠵᠠᠮ᠎ᠢ ᠥᠷᠭᠡᠳᠬᠡᠪᠡ᠃ ᠴᠡᠷᠢᠭ᠎ᠦᠨ ᠠᠯᠪᠠ ᠡᠴᠨ ᠬᠠᠯᠠᠬᠳᠠᠬᠰᠠᠳ ᠤ᠋ᠨ ᠡᠭᠦᠳᠦᠨ ᠪᠠᠢᠭᠤᠯᠤᠬᠰᠠᠨ ᠠᠵᠤ ᠠᠬᠤᠢᠯᠠᠯ᠎ᠤᠨ ᠲᠥᠷᠥᠯ ᠵᠦᠢᠯ᠎ᠦᠨ ᠲᠡᠯᠭᠡᠨ ᠦᠵᠡᠬᠦᠯᠭᠡ᠎ᠳᠤ᠂ ᠪᠥᠬᠥ ᠤᠯᠤᠰ᠎ᠤᠨ 10 ᠮᠤᠵᠢ ᠣᠷᠣᠨ ᠬᠣᠲᠠ᠎ᠵᠢᠨ  ᠴᠡᠷᠢᠭ᠎ᠦᠨ ᠠᠯᠪᠠ ᠡᠴᠨ ᠬᠠᠯᠠᠬᠳᠠᠬᠰᠠᠳ ᠤ᠋ᠨ ᠡᠭᠦᠳᠦᠨ ᠪᠠᠢᠭᠤᠯᠤᠬᠰᠠᠨ 25 ᠠᠵᠤ ᠠᠬᠤᠢᠯᠠᠯ ᠦᠢᠯᠡᠰ ᠪᠤᠰᠬᠠᠭᠰᠠᠨ ᠦᠷ᠎ᠡ ᠪᠦᠲᠦᠭᠡᠯ᠎ᠵᠢᠡᠨ ᠲᠠᠨᠢᠯᠴᠠᠭᠤᠯᠵᠤ᠂ ᠴᠡᠷᠢᠭ᠎ᠦᠨ ᠠᠯᠪᠠ᠎ᠡᠴᠡ ᠬᠠᠯᠠᠬᠳᠠᠬᠰᠠᠳ᠎ᠤᠨ ᠰᠢᠨ᠎ᠡ᠎ᠶᠢ ᠡᠭᠦᠳᠬᠦ ᠪᠠ ᠦᠢᠯᠡᠰ ᠪᠤᠰᠬᠠᠬᠤ ᠬᠦᠷᠢᠶ᠎ᠠ ᠴᠠᠷᠠᠭᠠᠨ᠎ᠳᠡᠬᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ; ᠰᠢᠭᠤᠳ ᠨᠡᠪᠲᠡᠷᠡᠭᠦᠯᠭᠡ᠎ᠪᠡᠷ ᠠᠵᠢᠯ ᠎ᠤᠨ ᠪᠠᠢᠷᠢ ᠲᠠᠨᠢᠯᠴᠠᠭᠤᠯᠬᠤ ᠲᠠᠯ᠎ᠠ᠎ᠪᠠᠷ᠂ 10 ᠮᠤᠵᠢ ᠣᠷᠣᠨ᠎ᠤ 119  ᠠᠵᠤ ᠠᠬᠤᠢᠯᠠᠯ ᠡᠴᠨ 2000 ᠭᠠᠷᠤᠢ ᠠᠵᠢᠯ ᠎ᠤᠨ ᠪᠠᠢᠷᠢ ᠬᠠᠩᠭᠠᠵᠤ᠂ ᠠᠵᠢᠯᠯᠠᠭ᠎ᠠ ᠨᠢ ᠨᠢᠭᠡ ᠰᠠᠷ᠎ᠠ ᠶᠠᠪᠤᠭᠳᠠᠨ᠎ᠠ; ᠦᠢᠯᠡᠳᠬᠦᠨ ᠎ᠢ ᠤᠬᠠᠭᠤᠯᠤᠨ ᠲᠠᠨᠢᠯᠴᠠᠭᠤᠯᠬᠤ ᠲᠠᠯ᠎ᠠ ᠎ᠪᠠᠷ᠂ 9 ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ᠎ᠶᠢᠨ 32 ᠠᠵᠤ ᠠᠬᠤᠢᠯᠠᠯ ᠎ᠢ ᠵᠣᠬᠢᠶᠠᠨ ᠪᠠᠢᠭᠤᠯᠵᠤ ᠰᠦᠯᠵᠢᠶᠡᠨ ᠳᠡᠭᠡᠷᠡᠬᠢ ᠦᠢᠯᠡᠳᠬᠦᠨ᠎ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠰᠢᠨ᠎ᠡ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠪᠣᠳᠠᠰ᠎ᠤᠨ ᠪᠤᠰᠤ ᠰᠣᠶᠣᠯ ᠎ᠤᠨ ᠥᠪ ᠎ᠤᠨ  ᠡᠭᠦᠳᠦᠯᠲᠡ᠂ ᠳᠡᠭᠡᠳᠦ ᠲᠡᠰ᠎ᠤᠨ ᠦᠢᠯᠡᠳᠬᠦ ᠦᠢᠯᠡᠰ᠂ ᠣᠨᠴᠠᠯᠢᠭ᠍ᠲᠤ ᠲᠠᠷᠢᠶᠠᠯᠠᠩ ᠮᠠᠯ ᠠᠵᠤ ᠠᠬᠤᠢ ᠵᠡᠷᠭᠡ ᠤᠯᠠᠨ ᠬᠦᠷᠢᠶ᠎ᠡ ᠴᠠᠷᠠᠭ᠎ᠠ᠎ᠶᠢ ᠬᠠᠮᠤᠷᠴᠤ᠂ ᠠᠵᠢᠯᠯᠠᠭ᠎ᠠ ᠨᠢ  ᠨᠢᠭᠡ ᠭᠠᠷᠠᠭ ᠦᠷᠭᠦᠯᠵᠢᠯᠡᠨ᠎ᠠ; ᠠᠵᠢᠯ ᠣᠯᠵᠤ ᠦᠢᠯᠡᠰ ᠪᠣᠰᠬᠠᠬᠤ ᠦᠷ᠎ᠡ ᠪᠦᠲᠦᠭᠡᠯ ᠎ᠦᠨ ᠰᠣᠯᠢᠯᠴᠠᠭᠠᠨ᠎ᠤ ᠲᠠᠯ᠎ᠠ ᠎ᠪᠠᠷ᠂ ᠲᠤᠬᠠᠢ᠎ᠶᠢᠨ ᠲᠠᠯᠠᠪᠠᠢ ᠳ᠋ᠤ ᠦᠢᠯᠡᠳᠬᠦᠨ ᠵᠢᠡᠨ ᠲᠠᠨᠢᠯᠴᠠᠭᠤᠯᠬᠤ᠂ ᠠᠵᠢᠯ ᠲᠦᠷᠦᠯ ᠬᠤᠪᠢᠶᠠᠨ ᠡᠬᠢ ᠪᠠᠶᠠᠯᠢᠭ᠋᠎ᠢ ᠵᠣᠯᠭᠠᠭᠤᠯᠬᠤ᠂ ᠲᠦᠷᠦᠯ ᠵᠦᠢᠯ ᠎ᠢ ᠵᠥᠪᠳᠡᠨ ᠶᠠᠷᠢᠯᠴᠠᠬᠤ ᠵᠡᠷᠭᠡ ᠬᠡᠯᠪᠡᠷᠢ ᠎ᠪᠡᠷ ᠲᠠᠮᠵᠢᠨ᠂ ᠤᠯᠠᠨ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠰᠠᠨᠠᠮᠵᠢ ᠲᠣᠭᠲᠠᠬᠤ᠎ᠶᠢ ᠠᠬᠢᠭᠤᠯᠪᠠ᠃

ᠲᠤᠰ ᠤᠳᠠᠭᠠᠨ ᠤ᠋ ᠠᠵᠢᠯᠯᠠᠭ᠎ᠠ ᠨᠢ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠤᠯᠤᠰ᠎ᠤᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠬᠤ᠎ᠪᠠᠷ ᠪᠠᠷᠠᠬᠤ ᠦᠭᠡᠢ᠂ ᠪᠠᠰᠠ ᠴᠤ᠌  ᠬᠠᠲᠤᠨ ᠭᠣᠣᠯ ᠎ᠤᠨ ᠰᠠᠪᠠ ᠭᠠᠵᠠᠷ᠎ᠤᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠠᠵᠢᠯ ᠎ᠤᠨ ᠬᠠᠮᠵᠢᠯᠴᠠᠨ ᠭᠦᠭᠵᠢᠬᠦ ᠵᠢ ᠲᠠᠰ ᠳᠠᠪᠰᠢᠬᠦᠯᠦᠭᠰᠡᠨ ᠶᠠᠪᠤᠳᠠᠯ ᠪᠣᠯᠣᠨ᠎ᠠ᠂ ᠡᠨᠡ ᠨᠢ ᠴᠡᠷᠢᠭ ᠎ᠦᠨ ᠠᠯᠪᠠ᠎ᠡᠴᠡ ᠬᠠᠯᠠᠭᠳᠠᠭᠰᠠᠳ ᠎ᠤᠨ ᠠᠵᠢᠯ ᠣᠯᠵᠤ ᠦᠢᠯᠡᠰ ᠪᠣᠰᠬᠠᠬᠤ ᠣᠷᠣᠨ ᠪᠦᠰᠡ ᠠᠯᠤᠰᠯᠠᠭᠰᠠᠨ ᠬᠠᠮᠵᠢᠯᠴᠠᠭᠠᠨ᠎ᠤ ᠵᠠᠮ ᠎ᠢ ᠥᠷᠭᠡᠳᠬᠡᠵᠦ᠂ ᠴᠡᠷᠢᠭ᠎ᠦᠨ ᠠᠯᠪᠠ᠎ᠡᠴᠡ ᠬᠠᠯᠠᠭᠳᠠᠭᠰᠠᠳ ᠎ᠢ ᠠᠵᠢᠯ ᠬᠢᠵᠦ ᠦᠢᠯᠡᠰ ᠪᠣᠰᠬᠠᠬᠤ ᠳ᠋ᠤ ᠨᠡᠡᠭ ᠥᠷᠭᠡᠨ ᠠᠭᠤᠳᠠᠮ ᠲᠠᠪᠴᠠᠩ᠎ᠬᠠᠡᠭᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号