ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠠᠢ
2026-08-11 09:54:06
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

 8 ᠰᠠᠷ᠎ᠠ᠎ᠶᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ ᠤ᠋ᠨ ᠲᠦᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠣᠯᠪᠣᠭᠳᠠᠯ ᠪᠦᠬᠦᠢ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠳᠠᠷᠠᠭᠠᠴᠢ᠎ᠶᠢᠨ ᠠᠯᠬᠤᠮ᠎ᠤᠨ ᠭᠣᠣᠯᠳᠠᠯᠭ᠎ᠠ᠎ᠲᠠᠶ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃

ᠬᠤᠷᠠᠯ᠎ᠡᠴᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠣᠳᠣᠬᠠᠨ᠎ᠤ ᠠᠵᠤ ᠠᠬᠤᠢ᠎ᠶᠢᠨ ᠪᠠᠶ᠋ᠢᠳᠠᠯ᠎ᠤᠨ ᠲᠤᠬᠠᠢ ᠵᠠᠳᠠᠯᠤᠯᠲᠠ ᠮᠠᠭᠠᠳᠯᠠᠯᠲᠠ ᠪᠠ ᠠᠵᠤ ᠠᠬᠤᠢ᠎ᠶᠢᠨ ᠠᠵᠢᠯ᠎ᠤᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠬᠣᠶᠠᠳᠤᠭᠠᠷ ᠤᠳᠠᠭ᠎ᠠ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠠᠵᠤ ᠠᠬᠤᠢ᠎ᠶᠢᠨ ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠢᠰᠢ ᠬᠥᠭᠵᠢᠬᠦ᠌᠎ᠶᠢ ᠠᠬᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠡᠯᠡᠰᠦᠨ ᠴᠦᠯ᠎ᠭᠤᠪᠢ ᠴᠦᠯᠯᠡᠷᠭᠡᠭ ᠤᠷᠤᠨ ᠤ᠋ ᠶᠡᠬᠡ ᠰᠠᠭᠤᠷᠢᠨ᠂ ᠤᠰᠤᠲᠥᠶ᠋ᠷᠥᠭᠴᠢ ᠡᠨᠧᠷᠭᠢ᠎ᠨᠦᠭᠡᠴᠡᠯᠡᠬᠦ᠂ ᠪᠣᠬᠢᠷᠲᠤᠯ ᠦᠭᠡᠢ ᠪᠤᠳᠤᠯᠳᠠ ᠵᠢᠨ ᠬᠦᠴᠤᠨ ᠵᠡᠷᠭᠡ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢ ᠲᠦᠷᠭᠡᠳᠬᠡᠵᠦ᠍᠂ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠪᠠ ᠲᠦᠷᠦᠯ ᠵᠦᠢᠯ᠎ᠦᠨ ᠪᠡᠯᠡ ᠣᠷᠣᠭᠤᠯᠤᠯᠲᠠ᠎ᠶᠢ ᠪᠣᠳᠠᠲᠠᠢ ᠳ᠋ᠤ ᠨᠠᠶ᠋ᠢᠳᠠᠪᠤᠷᠢᠵᠢᠭᠤᠯᠬᠤ ᠬᠡᠷᠡᠭᠲᠡᠢ; ᠬᠡᠷᠡᠭᠯᠡᠭᠡ᠎ᠶᠢ ᠬᠥᠭᠵᠢᠭᠡᠬᠦ᠌ ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠰᠠᠶ᠋ᠢᠲᠤᠷ ᠬᠡᠷᠡᠭᠵᠢᠭᠦᠯᠵᠦ᠍᠂ ᠤᠷᠤᠯᠳᠤᠭᠠᠨ᠎ᠲᠣᠭᠯᠠᠯᠲᠠ᠂ ᠪᠢᠯᠧᠲ᠎ᠢᠶᠡᠷ ᠰᠠᠭᠤᠷᠢ ᠪᠤᠯᠭᠠᠬᠰᠠᠨ ᠠᠵᠤ ᠠᠬᠤᠢ᠂ ᠠᠮᠠᠷᠠᠯᠲᠠ᠎ᠶᠢᠨ ᠡᠳᠦᠷ᠎ᠦᠨ ᠠᠵᠤ ᠠᠬᠤᠢ ᠵᠡᠷᠭᠡ ᠴᠢᠨᠠᠷ ᠰᠠᠶ᠋ᠢᠲᠠᠢ ᠬᠠᠩᠭᠠᠯᠭ᠎ᠠ᠎ᠶᠢ ᠥᠷᠭᠡᠳᠬᠡᠵᠦ᠍᠂ ᠪᠦᠬᠦ᠌ ᠣᠷᠣᠨ ᠪᠦᠰᠡ ᠪᠦᠬᠦ᠌ ᠤᠯᠠᠷᠢᠯ᠎ᠳᠤ ᠦᠢᠯᠡᠴᠢᠯᠡᠭᠡᠨ᠎ᠦ ᠬᠡᠷᠡᠭᠯᠡᠭᠡ ᠵᠢᠨ ᠳᠠᠯᠳᠠ ᠬᠦᠴᠦᠨ᠎ᠢ ᠠᠭᠤᠳᠠᠯᠠᠬᠤ ᠬᠡᠷᠡᠭᠲᠡᠢ; ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠴᠢᠨᠠᠷ ᠰᠠᠶ᠋ᠢᠲᠠᠢ ᠪᠡᠶᠡᠯᠡᠭᠦᠯᠵᠦ᠍᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠂ ᠵᠠᠬ᠎ᠠ᠎ᠶᠢᠨ ᠠᠷᠠᠯᠵᠢᠶᠠᠨ᠎ᠤ ᠣᠷᠣᠨ᠂ ᠬᠢᠯᠢ᠎ᠶᠢᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠤ ᠲᠡᠰ᠎ᠢ ᠳᠡᠭᠡᠭᠰᠢᠯᠡᠭᠦᠯᠵᠦ᠍᠂ ᠨᠡᠩ ᠥᠨᠳᠥᠷ ᠲᠦᠪᠰᠢᠨ ᠪᠦᠬᠦᠢ ᠭᠠᠳᠠᠷ ᠭᠠᠵᠠᠷ ᠤᠷᠤᠨ ᠯᠤᠭ᠎ᠠ ᠵᠢᠨ ᠠᠵᠤ ᠠᠬᠤᠢ᠎ᠶᠢ ᠬᠥᠭᠵᠢᠭᠦᠯᠬᠦ᠌ ᠬᠡᠷᠡᠭᠲᠡᠢ; ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠵᠤ᠂ ᠭᠣᠣᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶᠢ ᠳᠡᠮᠵᠢᠬᠦ᠌᠎ᠪᠡᠨ ᠴᠢᠩᠭᠠᠳᠬᠠᠵᠤ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠨᠠᠷᠢᠯᠢᠬᠵᠢᠭᠤᠯᠬᠤ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ᠌ ᠬᠡᠷᠡᠭᠲᠡᠢ; ᠲᠥᠪ᠎ᠦᠨ ᠡᠯ᠎ᠡ ᠲᠥᠷᠥᠯ᠎ᠦᠨ ᠬᠢᠨᠠᠯᠲᠠ ᠪᠠᠶ᠋ᠢᠴᠠᠭᠠᠯᠲᠠ᠎ᠡᠴᠡ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠶᠢ ᠡᠷᠡᠰ ᠬᠦᠴᠦᠲᠡᠶ ᠠᠬᠢᠭᠤᠯᠵᠤ᠂ ᠠᠶᠤᠯᠭᠦᠶ ᠦᠢᠯᠡᠳᠪᠦᠷᠢᠯᠡᠯ ᠪᠠ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠵᠦ᠍ ᠭᠠᠮᠰᠢᠭ᠎ᠢ ᠪᠠᠭᠠᠰᠬᠠᠬᠤ ᠠᠵᠢᠯ᠎ᠢ ᠤᠬᠳᠤ ᠰᠤᠯᠠᠷᠠᠭᠤᠯᠤᠯ ᠥᠬᠡᠶ ᠰᠠᠶ᠋ᠢᠲᠤᠷ ᠠᠳᠬᠤᠵᠤ᠂ ᠵᠠᠰᠠᠭ᠎ᠤᠨ ᠣᠷᠳᠣᠨ᠎ᠤ ᠥᠷᠢ ᠥᠭᠴᠡᠭᠡ᠎ᠶᠢ ᠠᠷᠢᠯᠭᠠᠬᠤ᠂ ᠠᠵᠤ ᠠᠬᠤᠶ᠋ᠢᠯᠠᠯ᠎ᠳᠤ ᠥᠷᠢᠲᠦᠵᠦ᠍ ᠪᠠᠶ᠋ᠢᠭ᠎ᠠ ᠵᠣᠭᠣᠰ᠎ᠢ ᠳᠥᠯᠥᠵᠦ᠍ ᠳᠠᠭᠤᠰᠬᠠᠬᠤ᠂ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ᠎ᠶᠢᠨ ᠥᠭᠡᠷᠡᠴᠢᠯᠡᠯᠲᠡ᠎ᠶᠢ ᠠᠬᠢᠭᠤᠯᠬᠤ ᠡᠭᠦᠷᠭᠡ᠎ᠶᠢ ᠴᠠᠭ ᠲᠤᠬᠠᠶ᠎ᠳᠤᠨᠢ ᠴᠢᠨᠠᠷ᠎ᠢ ᠪᠠᠲᠤᠯᠠᠨ ᠪᠡᠶᠡᠯᠡᠭᠦᠯᠬᠦ᠌ ᠬᠡᠷᠡᠭᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ ᠪᠥᠬᠥ ᠣᠷᠣᠨ᠎ᠤ 《ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠬᠦᠯᠦᠯᠳᠡ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠴᠢᠳᠠᠪᠤᠷᠢ》 ᠵᠢᠨ ᠪᠦᠲᠦᠭᠡᠨ ᠪᠠᠢᠭᠤᠯᠤᠯᠲᠠ᠂ 《ᠬᠣᠶᠠᠷ᠎ᠢ ᠰᠢᠨᠡᠳᠭᠡᠬᠦ》ᠠᠵᠢᠯ ᠪᠠ 《ᠵᠢᠷᠭᠤᠭᠠᠨ ᠲᠤᠤᠷ》᠎ᠤ᠋ᠨ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠤᠳᠤᠷᠢᠳᠤᠮᠵᠢ᠎ᠳᠤ ᠰᠠᠭᠤᠷᠢᠯᠠᠨ 《ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠬᠦᠯᠦᠯᠳᠡ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠴᠢᠳᠠᠪᠤᠷ》ᠪᠠ 《ᠵᠢᠷᠭᠤᠭᠠᠨ ᠲᠤᠤᠷ》᠎ᠤ᠋ᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠰᠦᠪᠡᠭᠴᠢᠯᠡᠵᠦ᠂ ᠴᠢᠬᠤᠯᠠ ᠶᠡᠬᠡ ᠲᠥᠷᠥᠯ ᠵᠦᠢᠯ᠎ᠦᠨ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠣᠭᠲᠡᠴᠡ᠎ᠶᠢ ᠰᠠᠢᠲᠤᠷ ᠬᠡᠷᠡᠭᠯᠡᠵᠦ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢ ᠴᠢᠩᠭᠠᠳᠬᠠᠨ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠲᠣᠭᠠᠴᠡᠭ᠎ᠠ ᠬᠢᠬᠦ ᠪᠠ ᠵᠢᠭᠡᠯᠡᠯᠭᠡ᠎ᠶᠢᠨ ᠲᠡᠮᠳᠡᠭᠲᠦ᠎ᠶᠢᠨ ᠪᠡᠯᠡ ᠮᠥᠩᠭᠥ᠎ᠶᠢ ᠬᠡᠷᠡᠭᠯᠡᠬᠦ ᠠᠬᠢᠴᠠ᠎ᠶᠢ ᠲᠦᠷᠭᠡᠳᠬᠡᠵᠦ᠂ ᠰᠢᠨ᠎ᠡ ᠲᠥᠷᠥᠯ ᠵᠦᠢᠯ᠎ᠦᠨ ᠡᠷᠲᠡᠬᠡᠨ ᠪᠠᠷᠢᠯᠭ᠎ᠠ ᠡᠬᠢᠯᠡᠬᠦᠯᠵᠦ᠂ ᠪᠦᠳᠦᠬᠡᠨ ᠪᠠᠢᠭᠤᠯᠵᠤ ᠪᠠᠢᠭ᠎ᠠ ᠲᠥᠷᠥᠯ ᠵᠦᠢᠯ ᠢ᠋ ᠲᠦᠷᠭᠡᠳᠬᠡᠨ ᠪᠦᠲᠦᠭᠡᠨ ᠪᠠᠶ᠋ᠢᠭᠤᠯᠬᠤ᠎ᠶᠢ ᠪᠠᠲᠤᠯᠠᠬᠤ ᠬᠡᠷᠡᠭᠲᠡᠢ᠃ ᠬᠠᠳᠠᠭᠠᠯᠠᠯᠳᠠ ᠵᠢᠨ ᠬᠡᠮᠵᠢᠶ᠎ᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠨᠡᠮᠡᠭᠳᠡᠯ᠎ᠤᠨ ᠬᠡᠮᠵᠢᠶ᠎ᠡ ᠵᠢ ᠦᠷᠭᠡᠳᠭᠡᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠠᠮᠤ ᠪᠤᠳᠠᠭᠠᠨ᠎ᠤ ᠠᠮᠤᠷ ᠲᠦᠪᠰᠢᠨ᠂ ᠡᠨᠧᠷᠭᠢ᠎ᠶᠢᠨ ᠠᠮᠤᠷ ᠲᠦᠪᠰᠢᠨ᠂ ᠠᠵᠤ ᠦᠢᠯᠡᠰ᠎ᠦᠨ ᠬᠡᠯᠬᠢᠶ᠎ᠡ᠎ᠶᠢᠨ ᠠᠮᠤᠷ ᠲᠦᠪᠰᠢᠨ᠂ ᠬᠤᠳᠠ᠎ᠶᠢ ᠰᠢᠨᠡᠳᠬᠡᠬᠦ᠂ ᠠᠮᠢ ᠠᠬᠤᠢ᠎ᠶᠢ ᠰᠡᠷᠭᠦᠭᠡᠬᠦ ᠵᠡᠷᠭᠡ ᠬᠦᠷᠢᠶ᠎ᠡ ᠴᠠᠷᠠᠭ᠎ᠠ ᠵᠢᠨ ᠲᠤᠭᠤᠷᠢᠨ ᠳ᠋ᠤ ᠨᠢᠭᠡ ᠪᠦᠯᠦᠭ ᠴᠢᠨᠠᠷ ᠰᠠᠢᠲᠠᠢ ᠲᠦᠷᠦᠯ ᠵᠦᠢᠯ᠎ᠢ ᠲᠥᠰᠥᠪᠯᠡᠨ ᠨᠥᠭᠡᠴᠡᠯᠡᠵᠦ᠂ ᠤᠯᠠᠨ ᠲᠣᠣᠷ᠎ᠤᠨ ᠭᠦᠨᠵᠡᠭᠡᠢ ᠡᠪᠴᠠᠯᠳᠤᠯ᠂ ᠬᠠᠮᠵᠢᠯᠴᠠᠨ ᠡᠨ᠋ᠸᠷᠬᠢ ᠣᠯᠭᠣᠬᠤ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠂ ᠬᠤᠳᠠ᠎ᠶᠢᠨ ᠴᠢᠳᠠᠮᠵᠢ᠎ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠪᠠ ᠬᠤᠳᠠ ᠬᠥᠳᠡᠭᠡ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠪᠦᠬᠦ ᠲᠠᠯ᠎ᠠ᠎ᠪᠠᠷ ᠲᠤᠯᠭᠠᠭᠤᠷᠢᠯᠠᠬᠤ ᠬᠡᠷᠡᠭᠲᠡᠢ᠃ ᠲᠦᠷᠦ᠎ᠶᠢᠨ ᠪᠣᠳᠣᠯᠭ᠎ᠠ᠎ᠶᠢᠨ ᠦᠢᠯᠡᠳᠦᠯ ᠴᠢᠳᠠᠪᠤᠷᠢ᠎ᠶᠢ ᠭᠦᠢᠴᠡᠳ ᠪᠠᠳᠠᠷᠠᠭᠤᠯᠵᠤ᠂ ᠡᠮ ᠡᠮᠨᠡᠯᠭᠡ ᠪᠠ ᠠᠵᠤ ᠦᠢᠯᠡᠳᠪᠦᠷᠢ᠎ᠶᠢᠨ ᠲᠤᠨᠤᠭ ᠲᠥᠬᠦᠭᠡᠷᠦᠮᠵᠢ᠎ᠶᠢ ᠰᠢᠨᠡᠳᠬᠡᠬᠦ᠎ᠶᠢ ᠶᠡᠬᠡ᠎ᠪᠡᠷ ᠥᠷᠨᠢᠭᠦᠯᠵᠦ᠂ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠵᠡᠷᠭᠡ ᠲᠦᠷᠦ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ ᠨᠠᠢᠳᠠᠪᠤᠷᠢᠵᠢᠭᠤᠯᠵᠤ᠂ ᠨᠦᠬᠦᠪᠦᠷᠢ᠎ᠵᠢ ᠮᠡᠬᠡᠯᠡᠨ ᠠᠪᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠡ ᠡᠴᠡ ᠠᠵᠤ ᠠᠬᠤᠢ᠎ᠳᠤ ᠦᠵᠡᠭᠦᠯᠬᠦ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ᠎ᠡᠴᠡ ᠪᠠᠰᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠥᠪ᠎ᠦᠨ ᠬᠡᠷᠡᠭᠵᠢᠭᠦᠯᠦᠯᠲᠡ ᠪᠠ ᠪᠤᠰᠤᠳ ᠡᠳ᠋᠎ᠦᠨ ᠵᠠᠰᠠᠭ᠎ᠤᠨ ᠣᠷᠣᠯᠭ᠎ᠠ ᠵᠠᠷᠤᠯᠭ᠎ᠠ᠎ᠶᠢᠨ ᠬᠢᠨᠠᠨ ᠪᠣᠳᠣᠯᠲᠠ᠎ᠳᠤ ᠪᠠᠢᠴᠠᠭᠠᠨ ᠭᠠᠷᠭᠠᠭᠰᠠᠨ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠰᠤᠳᠤᠯᠵᠤ᠂ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠬᠢᠨᠠᠨ ᠵᠢᠯᠤᠭᠣᠳᠬᠤ᠎ᠪᠠᠨ ᠴᠢᠩᠭᠠᠳᠬᠠᠵᠤ᠂ ᠠᠰᠠᠭᠤᠳᠠᠯ᠎ᠢ ᠦᠨᠡᠨ ᠪᠣᠳᠠᠲᠠᠢ ᠴᠡᠭᠴᠡᠯᠡᠨ ᠰᠠᠢᠵᠢᠷᠠᠭᠤᠯᠬᠤ᠎ᠶᠢ ᠪᠠᠲᠤᠯᠠᠬᠤ ᠬᠡᠷᠡᠭᠲᠡᠢ᠃ ᠬᠢᠨᠠᠨ ᠪᠣᠳᠣᠯᠲᠠ᠎ᠶᠢᠨ ᠦᠷ᠎ᠡ ᠪᠦᠲᠦᠭᠡᠯ᠎ᠦᠨ ᠬᠡᠷᠡᠭᠯᠡᠯᠲᠡ᠎ᠶᠢ ᠴᠢᠩᠭᠠᠳᠬᠠᠵᠤ᠂ ᠬᠢᠨᠠᠨ ᠪᠣᠳᠣᠯᠲᠠ᠎ᠪᠠᠷ ᠬᠢᠨᠠᠯᠲᠠ ᠲᠠᠯᠪᠢᠬᠤ ᠪᠠ ᠡᠯ᠎ᠡ ᠲᠥᠷᠥᠯ᠎ᠦᠨ ᠬᠢᠨᠠᠯᠲᠠ ᠲᠠᠯᠪᠢᠬᠤ᠎ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠲᠣᠭᠲᠡᠴᠡ᠎ᠶᠢ ᠪᠦᠷᠢᠨᠰᠢᠭᠦᠯᠵᠦ᠂ ᠨᠢᠭᠡ᠎ᠡᠴᠡ ᠨᠥᠭᠥᠭᠡ᠎ᠶᠢ ᠵᠦᠢᠴᠢᠯᠡᠨ ᠮᠡᠳᠡᠬᠦ᠂ ᠳᠦᠷᠢᠮ ᠲᠣᠭᠲᠠᠭᠠᠯ ᠲᠣᠭᠲᠠᠭᠠᠬᠤ ᠠᠵᠢᠯ᠎ᠢ ᠵᠡᠷᠭᠡ᠎ᠪᠡᠷ ᠰᠠᠢᠲᠤᠷ ᠬᠢᠵᠦ᠂ ᠬᠢᠨᠠᠨ ᠪᠣᠳᠣᠯᠲᠠ᠎ᠵᠢ ᠴᠡᠭᠴᠡᠯᠡᠨ ᠰᠠᠢᠵᠢᠷᠠᠭᠤᠯᠬᠤ 《ᠰᠡᠬᠦᠯᠴᠢ ᠵᠢᠨ ᠬᠠᠭᠠᠰ ᠠᠵᠢᠯ》 ᠢ᠋ ᠯᠠᠪᠳᠠᠭᠤᠨ ᠪᠠᠲᠤᠲᠠᠢ ᠰᠠᠢᠲᠤᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号