ᠰᠠᠢᠨ ᠲᠤᠷ᠎ᠠ ᠵᠢᠨ ᠦᠢᠯᠡᠴᠢᠯᠡᠭᠡ ᠨᠡᠢᠭᠡᠮ ᠲᠤᠭᠤᠷᠢᠭ᠎ᠤᠨ ᠵᠠᠰᠠᠯᠳᠠ ᠳ᠋ᠤ ᠬᠦᠴᠦᠨ ᠨᠡᠮᠡᠷᠢᠯᠡᠨ᠎ᠡ
2026-08-11 10:54:09
ᠵᠣᠬᠢᠶᠠᠭ᠍ᠴᠢ᠄
​ᠪᠥᠸᠧ ᠵᠢᠨ ᠹᠧᠩ
ᠣᠩᠱᠢᠭ᠍ᠰᠠᠨ ᠣᠳᠠᠭ᠎ᠠ᠄
★★★☆☆

《ᠮᠢᠨᠤ ᠡᠪᠦᠭᠡᠨ ᠬᠣᠶᠠᠷ ᠰᠠᠷ᠎ᠠ᠎ᠶᠢᠨ ᠡᠮᠦᠨ᠎ᠡ ᠨᠠᠰᠤ ᠪᠠᠷᠠᠵᠠᠢ᠂ ᠶᠡᠬᠡ ᠬᠦᠦ ᠮᠢᠨᠢ ᠪᠠᠰᠠ ᠶᠠᠪᠤᠴᠢᠬᠠᠵᠠᠢ᠂ ᠣᠳᠣ᠌ ᠪᠢ ᠭᠠᠭᠴᠠᠭᠠᠷ᠎ᠢᠶᠠᠨ ᠦᠯᠡᠳᠡᠯ᠎ᠡ᠃》 82 ᠨᠠᠰᠤᠲᠠᠢ ᠯᠠᠨ ᠹᠧᠩ ᠴᠢᠶᠣᠤ ᠨᠠᠰᠤᠲᠠᠨ ᠨᠢᠳᠦᠨ᠎ᠳᠦ ᠪᠠᠨ ᠨᠢᠯᠪᠤᠰᠤ ᠮᠡᠯᠲᠡᠭᠡᠨᠡᠬᠦᠯᠦᠨ᠂ 《ᠪᠢ ᠡᠢᠨᠬᠦ ᠬᠠᠯᠠᠭᠤᠨ ᠪᠦᠯᠢᠶᠡᠨ ᠬᠤᠭᠤᠯᠠ ᠤᠯᠵᠤ ᠢᠳᠡᠵᠦ ᠪᠠᠢᠭ᠎ᠠ ᠳ᠋ᠠᠭᠠᠨ ᠮᠠᠰᠢ ᠰᠡᠳᠬᠢᠯ ᠬᠠᠨᠤᠮᠵᠢᠳᠠᠢ ᠪᠠᠢᠨ᠎ᠠ》 ᠭᠡᠯ᠎ᠡ ᠃

8 ᠰᠠᠷ᠎ᠠ᠎ᠶᠢᠨ 3 ᠎ᠤ᠋ ᠦᠳᠡ᠎ᠳᠦ᠂ ᠪᠠᠶᠠᠨᠨᠠᠭᠤᠷ ᠬᠤᠳᠠ᠎ᠶᠢᠨ ᠯᠢᠨ ᠾᠧ ᠲᠣᠭᠣᠷᠢᠭ᠋᠎ᠤᠨ ᠨᠦᠬᠦᠷᠯᠡᠯ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠨ ᠨᠡᠢᠭᠡᠮ ᠲᠣᠭᠣᠷᠢᠭ᠋᠎ᠤᠨ ᠬᠥᠪᠡᠭᠦᠳ ᠥᠬᠢᠳ᠎ᠦᠨ ᠦᠢᠯᠡᠴᠢᠯᠡᠭᠡᠨ᠎ᠦ ᠦᠷᠳᠡᠭᠡ᠎ᠳᠦ ᠬᠣᠭᠣᠯᠠ ᠪᠤᠳᠠᠭᠠᠨ᠎ᠤ ᠠᠮᠲᠠᠲᠤ ᠦᠨᠦᠷ ᠬᠠᠩᠬᠤᠯᠵᠤ ᠪᠠᠢᠯ᠎ᠠ᠃ ᠨᠠᠰᠤᠲᠠᠨ ᠬᠠᠯᠠᠭᠤᠨ ᠠᠭᠤᠷ ᠪᠠᠭᠠᠭᠢᠭ᠍ᠰᠠᠨ ᠦᠳᠡ᠎ᠶᠢᠨ ᠬᠣᠭᠣᠯᠠ᠎ᠪᠠᠨ ᠪᠠᠷᠢᠵᠤ᠂ ᠨᠢᠯᠪᠤᠰᠤ ᠪᠠᠨ ᠠᠷᠴᠢᠨ ᠢᠨᠢᠶᠡᠮᠰᠦᠭᠯᠡᠯ ᠲᠤᠳᠤᠷᠠᠭᠤᠯᠤᠯ᠎ᠠ᠃

ᠬᠠᠵᠠᠭᠤ ᠭᠡᠷ᠎ᠲᠦ ᠨᠢ᠂ ᠰᠠᠢᠨ ᠳᠤᠷᠠᠴᠤᠳ ᠬᠣᠭᠣᠯᠠ ᠪᠤᠳᠠᠭ᠎ᠠ ᠰᠠᠪᠠᠯᠠᠬᠰᠠᠨ ᠬᠠᠯᠠᠭᠤᠨ ᠰᠠᠪᠠ ᠵᠢ ᠳᠡᠭᠦᠵᠢᠯᠡᠵᠦ ᠲᠣᠭᠣᠭᠠᠨ ᠭᠡᠷ᠎ᠡᠴᠡ ᠭᠠᠷᠴᠤ᠂ ᠬᠥᠳᠡᠯᠵᠦ ᠪᠠᠷᠢᠬᠤ᠎ᠳᠤ ᠳᠥᠭᠥᠮ ᠦᠭᠡᠢ ᠨᠠᠰᠤᠲᠠᠳ᠎ᠤᠨ ᠭᠡᠷ ᠲᠦ᠍ᠨᠢ ᠬᠦᠷᠭᠡᠵᠦ ᠥᠭᠬᠦ ᠪᠡᠷ ᠶᠠᠪᠤᠵᠠᠭᠠᠨ᠎ᠠ᠃

ᠡᠨᠡ ᠪᠣᠯ ᠪᠠᠶᠠᠨᠨᠠᠭᠤᠷ ᠬᠤᠳᠠ᠎ᠶᠢᠨ ᠬᠡᠷᠡᠭᠵᠢᠭᠦᠯᠵᠦ ᠪᠦᠬᠦᠢ 《ᠡᠶᠡᠯᠳᠡᠭ ᠬᠥᠷᠰᠢ ᠵᠢᠨ ᠴᠢᠳᠠᠮᠠᠭᠠᠢ ᠵᠠᠰᠠᠯᠲᠠ》 ᠢ᠋ᠢᠨ ᠠᠵᠢᠯᠯᠠᠭ᠎ᠠ᠎ᠶᠢᠨ ᠬᠤᠷᠢᠶᠠᠩᠭᠤᠢ ᠳᠦᠷᠰᠦ ᠪᠣᠯᠣᠨ᠎ᠠ᠃ ᠬᠥᠷᠰᠢ ᠵᠡᠷᠭᠡᠯᠡᠳᠡᠭᠡ᠎ᠶᠢᠨ ᠬᠠᠷᠢᠴᠠᠭ᠎ᠠ᠎ᠶᠢ ᠲᠠᠬᠢᠨ ᠱᠤᠭᠤᠬᠤ ᠨᠢᠭᠡᠨ ᠤᠳᠠᠭᠠᠨ᠎ᠤ ᠬᠤᠪᠢᠰᠤᠯᠲᠠ ᠶᠠᠭ ᠡᠨᠡ ᠬᠤᠳᠠᠨ᠎ᠠ ᠰᠡᠮᠬᠡᠨ ᠶᠠᠪᠤᠬᠲᠠᠵᠦ ᠪᠤᠢ᠃

ᠵᠢᠨ ᠿᠢ ᠨᠡᠢᠭᠡᠮ ᠲᠤᠭᠤᠷᠢᠭ᠎ᠤᠨ ᠵᠢᠶᠠᠨ ᠺᠠᠩ ᠰᠠᠭᠤᠭᠠᠯᠢ ᠠᠷᠠᠳ᠎ᠤᠨ ᠲᠣᠭᠣᠷᠢᠭ᠋᠎ᠲᠤ᠂ ᠭᠠᠭᠴᠠᠭᠠᠷ ᠰᠠᠭᠤᠭ᠎ᠠ ᠨᠠᠰᠤᠲᠠᠨ ᠯᠢ ᠷᠦᠨ ᠮᠧᠢ᠎ᠶᠢᠨ ᠣᠷᠣ᠌᠎ᠶᠢᠨ ᠲᠡᠷᠬᠡᠲᠡ ᠨᠢᠭᠡᠨ ᠲᠥᠬᠦᠭᠡᠷᠦᠮᠵᠢ ᠤᠭᠰᠠᠷᠠᠵᠤ ᠪᠤᠢ᠃ ᠨᠡᠢᠭᠡᠮ ᠲᠣᠭᠣᠷᠢᠭ᠋᠎ᠤᠨ ᠠᠵᠢᠯᠲᠠᠳ ᠲᠡᠭᠦᠨ᠎ᠳᠦ ᠳᠡᠷᠡᠬᠦ ᠪᠠᠴᠢᠮ ᠠᠪᠤᠷᠠᠯᠲᠠ᠎ᠶᠢᠨ ᠪᠠᠭᠠᠵᠢ ᠬᠡᠷᠡᠭᠰᠡᠯ᠎ᠢ ᠶᠠᠭᠠᠬᠢᠵᠦ ᠬᠡᠷᠡᠭᠯᠡᠬᠦ ᠲᠤᠬᠠᠢ ᠨᠠᠷᠢᠨ ᠨᠢᠮᠪᠠᠢ ᠵᠢᠭᠠᠨ ᠦᠭᠴᠦ ᠪᠠᠢᠯ᠎ᠠ᠃ ᠯᠢ ᠷᠦᠨ ᠮᠧᠶ ᠬᠠᠷᠰᠢᠮᠠᠲᠠᠭᠠᠢ ᠴᠢᠨᠠᠷᠲᠠᠢ ᠬᠢᠷᠬᠢᠷ᠎ᠡ᠂ ᠬᠠᠮᠠᠷ᠎ᠤᠨ ᠦᠷᠪᠢᠰᠦᠯ᠎ᠲᠠᠢ ᠪᠣᠯᠬᠣᠷ ᠠᠮᠠᠷᠬᠠᠨ ᠬᠦᠴᠢᠯᠲᠥ᠋ᠷᠥᠭᠴᠢ ᠳᠤᠲᠠᠵᠤ ᠲᠣᠯᠣᠭᠠᠢ ᠡᠷᠭᠢᠵᠦ ᠨᠢᠳᠦ ᠡᠷᠢᠶᠡᠯᠵᠡᠳᠡᠭ᠃ ᠬᠡᠦᠬᠡᠳ᠎ᠦᠳ ᠨᠢ ᠭᠠᠳᠠᠨ᠎ᠠ ᠭᠠᠵᠠᠷ ᠬᠥᠯᠥᠰᠦᠨ ᠠᠵᠢᠯ ᠬᠢᠵᠦ ᠪᠠᠢᠬᠤ᠎ᠪᠤᠯᠬᠤᠷ ᠠᠯᠢ ᠨᠢᠭᠡ ᠡᠳᠦᠷ ᠮᠠᠨᠠᠷᠠᠵᠤ ᠤᠨᠠᠭᠠᠳ ᠮᠡᠳᠡᠬᠦ ᠬᠥᠮᠥᠨ ᠦᠭᠡᠢ ᠪᠣᠯᠬᠤ ᠡᠴᠡ ᠲᠡᠷᠡ ᠶᠡᠷᠦ ᠨᠢ ᠰᠠᠨᠠᠭ᠎ᠠ ᠵᠣᠪᠠᠨᠢᠳᠠᠭ ᠪᠠᠢᠵᠠᠢ᠃ 《ᠨᠡᠢᠭᠡᠮ ᠲᠣᠭᠣᠷᠢᠭ᠋᠎ᠤᠨ ᠬᠢᠨ ᠦᠷᠭᠦᠯᠵᠢ ᠬᠦᠮᠦᠨ ᠲᠤᠮᠢᠯᠠᠵᠤ ᠬᠠᠷᠠᠵᠤ ᠬᠠᠷᠠᠭᠠᠯᠵᠠᠵᠤ ᠪᠠᠢᠨ᠎ᠠ᠃ ᠡᠨᠡ ᠬᠦ᠌ ᠪᠠᠭᠠᠵᠢ ᠵᠢ ᠲᠠᠭᠠᠷᠠᠭᠤᠯᠪᠠᠯ ᠪᠠᠴᠢᠮ ᠪᠠᠢᠳᠠᠯ ᠭᠠᠷᠪᠠᠯ ᠴᠠᠭ ᠲᠤᠬᠠᠢ ᠳ᠋ᠤᠨᠢ ᠮᠡᠲᠡᠭᠲᠡᠵᠦ ᠪᠣᠯᠣᠨ᠎ᠠ》 ᠭᠡᠵᠦ ᠲᠡᠷᠡ ᠬᠡᠯᠡᠪᠡ᠃

ᠳᠡᠷᠡ ᠬᠦ᠌ ᠲᠥᠬᠦᠭᠡᠷᠦᠮᠵᠢ ᠨᠢ ᠭᠡᠷ᠎ᠲᠡᠬᠡᠨ ᠤᠨᠲᠠᠵᠦ ᠪᠠᠢᠭ᠎ᠠ ᠦᠶ᠎ᠡ᠎ᠳᠤ ᠬᠢᠨᠠᠨ ᠬᠡᠮᠵᠢᠯᠳᠡ ᠬᠢᠵᠦ ᠪᠤᠯᠳᠠᠭ ᠪᠠᠭᠠᠵᠢ ᠪᠤᠯᠤᠨ᠎ᠠ᠂ 24 ᠴᠠᠭ ᠢ᠋ᠢᠡᠷ ᠨᠠᠰᠤᠲᠠᠨ᠎ᠤ ᠵᠢᠷᠦᠬᠡᠨ ᠴᠣᠬᠢᠯᠭ᠎ᠠ᠂ ᠠᠮᠢᠰᠬᠤᠯ᠎ᠢ ᠬᠢᠨᠠᠨ ᠬᠡᠮᠵᠢᠵᠦ᠂ ᠬᠡᠪ᠎ᠦᠨ ᠪᠤᠰᠤ ᠪᠠᠢᠲᠠᠯ ᠢᠯᠡᠷᠡᠮᠡᠭᠴᠡ ᠠᠶᠠᠨᠳᠠᠭᠠᠨ ᠮᠡᠲᠡᠭᠲᠡᠲᠡᠭ ᠠᠵᠢ᠃ ᠨᠠᠰᠤᠵᠢᠯ᠎ᠤᠨ ᠠᠰᠠᠷᠠᠮᠵᠢ᠎ᠶᠢᠨ ᠬᠠᠮᠢᠶᠠᠷᠤᠭ᠍ᠴᠢ ᠦ᠋ ᠸᠸᠨ ᠶᠠᠨ ᠺᠣᠮᠫᠢᠦ᠋ᠲᠧᠷ᠎ᠦᠨ ᠳᠡᠯᠭᠡᠴᠡ᠎ᠶᠢ ᠰᠢᠷᠲᠡᠨ᠂ ᠠᠷᠪᠠᠨ ᠬᠡᠳᠦᠨ ᠨᠠᠰᠤᠲᠠᠨ᠎ᠤ ᠲᠤᠬᠠᠢ᠎ᠶᠢᠨ ᠴᠠᠭ᠎ᠤᠨ ᠲᠣᠭ᠎ᠠ ᠪᠠᠷᠢᠮᠲᠠ ᠵᠢ ᠠᠵᠢᠬᠯᠠᠨ᠎ᠠ᠄ 《ᠰᠢᠰᠲᠧᠮ ᠨᠢ ᠨᠠᠰᠤᠲᠠᠨ᠎ᠤ ᠦᠷ᠎ᠡ ᠬᠡᠦᠬᠡᠳ ᠪᠤᠯᠤᠨ ᠮᠢᠨᠦ ᠤᠲᠠᠰᠤ ᠲᠠᠢ ᠬᠤᠯᠪᠤᠬᠲᠠᠵᠦ ᠪᠠᠢᠨ᠎ᠠ᠂ ᠬᠡᠪ᠎ᠦᠨ ᠪᠤᠰᠤ ᠪᠠᠢᠳᠠᠯ ᠢᠯᠡᠷᠡᠪᠡᠯ ᠳᠠᠷᠤᠢᠬᠠᠨ ᠮᠡᠲᠡᠭᠲᠡᠲᠡᠭ᠂ ᠪᠢᠳᠡ ᠬᠠᠮᠤᠭ᠎ᠤᠨ ᠲᠦᠷᠦᠭᠦᠨ᠎ᠳᠦ ᠭᠡᠷ ᠲᠦ᠍ᠨᠢ ᠬᠦᠷᠴᠦ ᠬᠢᠨᠠᠨ ᠬᠠᠷᠭᠤᠭᠤᠯᠤᠨ᠎ᠠ》 ᠭᠡᠵᠦ ᠶᠠᠷᠢᠵᠠᠢ᠃

ᠨᠡᠢᠭᠡᠮ ᠲᠤᠭᠤᠷᠢᠭ᠎ᠤᠨ ᠬᠢᠨ ᠴᠠᠬ ᠢᠮᠠᠬᠲᠠ ᠰᠠᠭᠤᠭᠠᠯᠢ ᠠᠷᠠᠳ᠎ᠤᠨ ᠠᠮᠤᠷ ᠲᠦᠪᠰᠢᠨ ᠢ᠋ ᠰᠠᠬᠢᠨ ᠬᠠᠮᠠᠭᠠᠯᠠᠨ᠎ᠡ᠃ ᠯᠢᠨ ᠾᠧ ᠲᠣᠭᠣᠷᠢᠭ᠋᠎ᠤᠨ ᠨᠦᠬᠦᠷᠯᠡᠯ ᠵᠡᠭᠡᠯᠢ ᠭᠤᠳᠤᠮᠵᠢ᠎ᠶᠢᠨ ᠵᠢᠨ ᠿᠢ ᠨᠡᠢᠭᠡᠮ ᠲᠤᠭᠤᠷᠢᠭ᠎ᠤᠨ ᠬᠢᠨ 《ᠨᠠᠰᠤᠲᠠᠢᠴᠤᠳ ᠲᠸ᠋ ᠠᠰᠢᠬ ᠬᠦᠷᠲᠡᠭᠡᠬᠦ 》 ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠥᠷᠥᠯ ᠵᠦᠢᠯ᠎ᠢᠶᠡᠷ 《15 ᠮᠢᠨᠦ᠋ᠲ᠎ᠦᠨ ᠠᠰᠠᠷᠠᠨ ᠰᠤᠪᠢᠯᠠᠬᠤ ᠠᠮᠢᠳᠤᠷᠠᠯ᠎ᠤᠨ ᠲᠤᠭᠤᠷᠢᠭ》 ᠢ᠋ ᠪᠠᠢᠭᠤᠯᠵᠤ᠂ ᠵᠢᠷᠭᠤᠭᠠᠨ ᠶᠡᠬᠡ ᠦᠢᠯᠡᠴᠢᠯᠡᠭᠡᠨ᠎ᠦ ᠰᠢᠰᠲ᠋ᠸᠮ ᠎ᠢ ᠪᠦᠷᠢᠯᠳᠦᠬᠦᠯᠦᠨ ᠨᠠᠰᠤᠲᠠᠢᠴᠤᠳ᠎ᠤᠨ ᠵᠣᠯ ᠵᠢᠷᠭᠠᠯᠲᠤ ᠠᠮᠢᠳᠤᠷᠠᠯ᠎ᠢ ᠲᠤᠯᠭᠠᠭᠤᠷᠢᠯᠠᠨ᠎ᠠ᠄ 《ᠨᠠᠰᠤᠲᠠᠢᠴᠤᠳ ᠲᠸ᠋ ᠠᠰᠢᠬ ᠬᠦᠷᠲᠡᠭᠡᠬᠦ ᠬᠠᠪᠰᠤᠷᠤᠨ ᠬᠦᠢᠴᠡᠳᠬᠡᠬᠦ》ᠦᠢᠯᠡᠴᠢᠯᠡᠭᠡ ᠨᠢ ᠶᠠᠪᠤᠵᠦ ᠰᠠᠭᠤᠬᠤ᠎ᠳᠤ ᠲᠦᠭᠦᠮ ᠦᠭᠡᠢ ᠡᠴᠡ ᠪᠤᠯᠤᠬᠰᠠᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ 《ᠨᠠᠰᠤᠲᠠᠢᠴᠤᠳ ᠎ᠤ᠋ᠨ ᠬᠤᠭᠤᠯᠠᠯᠠᠬᠤ᠎ᠳᠤ ᠲᠦᠬᠦᠮ ᠦᠵᠡᠬᠦᠯᠬᠦ》 ᠦᠢᠯᠡᠴᠢᠯᠡᠭᠡ ᠨᠢ ᠬᠠᠯᠠᠭᠤᠨ ᠬᠤᠭᠤᠯᠠ ᠵᠢ ᠲᠦᠷᠭᠡᠨ ᠬᠦᠷᠭᠡᠵᠦ᠂ 《ᠨᠠᠰᠤᠲᠠᠢᠴᠤᠳ ᠲᠸ᠋ ᠠᠰᠢᠬ ᠬᠦᠷᠲᠡᠭᠡᠬᠦ ᠡᠷᠡᠭᠦᠯᠵᠢᠯ ᠰᠤᠪᠢᠯᠠᠯᠳᠠ》 ᠵᠢᠨ ᠦᠢᠯᠡᠴᠢᠯᠡᠭᠡ ᠨᠢ ᠤᠳᠠᠭᠠᠨ ᠴᠢᠨᠠᠷᠲᠠᠢ ᠡᠪᠡᠳᠴᠢᠨ᠎ᠳᠦ ᠭᠠᠷ ᠳᠦᠷᠦᠵᠦ᠂ ᠵᠢᠭᠤᠯᠴᠢᠯᠠᠯ》 ᠤ᠋ᠨ ᠦᠢᠯᠡᠴᠢᠯᠡᠭᠡ ᠨᠢ ᠤᠷᠠᠨ ᠪᠢᠴᠢᠯᠭᠡ ᠤᠷᠠᠨ ᠵᠢᠷᠤᠭ ᠨᠠᠢᠷᠠᠯ ᠳᠠᠭᠤᠤ᠎ᠶᠢᠨ ᠠᠩᠭᠢ ᠭᠠᠷᠭᠠᠵᠤ᠂ 《ᠨᠠᠰᠤᠲᠠᠢᠴᠤᠳ ᠲᠸ᠋ ᠠᠰᠢᠬ ᠬᠦᠷᠲᠡᠭᠡᠬᠦ ᠬᠠᠮᠲᠦ ᠪᠡᠷ ᠡᠳ᠋ᠯᠡᠬᠦ》ᠦᠢᠯᠡᠴᠢᠯᠡᠭᠡ ᠨᠢ ᠲᠤᠰᠠᠯᠠᠬᠤ ᠪᠠᠭᠠᠵᠢ ᠲᠦᠭᠦᠭᠡᠷᠦᠮᠵᠢ ᠵᠢ ᠡᠷᠬᠢᠯᠳᠦᠬᠦᠯᠦᠨ ᠠᠰᠢᠭ᠍ᠯᠠᠵᠤ᠂ 《ᠨᠠᠰᠤᠲᠠᠢᠴᠤᠳ ᠲᠸ᠋ ᠠᠰᠢᠬ ᠬᠦᠷᠲᠡᠭᠡᠬᠦ ᠬᠠᠷᠢᠯᠴᠠᠨ ᠬᠠᠪᠰᠤᠷᠤᠯᠴᠠᠬᠤ》 ᠦᠢᠯᠡᠴᠢᠯᠡᠭᠡ ᠨᠢ ᠪᠤᠭᠤᠷᠤᠯᠴᠤᠳ᠎ᠤᠨ ᠰᠠᠢᠨ ᠳᠤᠷᠠᠴᠤᠳ ᠢ᠋ ᠬᠠᠷᠢᠯᠴᠠᠨ ᠬᠠᠪᠰᠤᠷᠤᠯᠴᠠᠭᠤᠯᠵᠦ᠂ ᠨᠠᠰᠤᠲᠠᠢᠴᠤᠳ ᠲᠤᠬᠠᠢ᠎ᠶᠢᠨ ᠭᠠᠵᠠᠷ᠎ᠲᠠᠭᠠᠨ ᠥᠲᠡᠯᠦᠭᠡ ᠨᠠᠰᠤ᠎ᠪᠠᠨ ᠠᠮᠤᠷ ᠲᠠᠢᠪᠤᠩ ᠥᠩᠭᠡᠷᠡᠭᠦᠯᠬᠦ ᠰᠠᠢᠨ ᠰᠠᠢᠬᠠᠨ ᠬᠦᠰᠡᠯ ᠡᠷᠡᠮᠡᠯᠵᠡᠯ᠎ᠢ ᠪᠡᠶᠡᠯᠡᠬᠦᠯᠵᠦ ᠪᠤᠢ᠃

《ᠪᠢᠳᠡ ᠨᠠᠰᠤᠳᠠᠢᠴᠤᠳ᠎ᠪᠦᠬᠦᠨ᠎ᠤ ᠥᠲᠡᠯᠦᠭᠡ ᠨᠠᠰᠤ᠎ᠪᠠᠨ ᠠᠮᠤᠷ ᠵᠢᠮᠤᠷ ᠥᠩᠭᠡᠷᠡᠭᠦᠯᠬᠦ ᠳ᠋ᠤ ᠬᠦᠴᠦᠨ ᠨᠡᠮᠡᠷᠢᠯᠡᠵᠦ᠂  ᠬᠦᠷᠲᠡᠮᠵᠢ᠎ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠨᠢ ᠦᠨᠡᠨ᠎ᠬᠦ ᠳᠡᠭᠡᠭᠰᠢᠯᠡᠭᠦᠯᠦᠨ᠎ᠡ》ᠭᠡᠵᠦ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠵᠧᠦ ᠵᠢᠩ ᠬᠡᠯᠡᠪᠡ᠃  ᠲᠡᠷᠡ᠄ 《ᠪᠢᠳᠡ 36 ᠵᠦᠢᠯ᠎ᠦᠨ ᠬᠠᠪᠰᠤᠷᠤᠨ ᠭᠦᠢᠴᠡᠳᠬᠡᠬᠦ ᠦᠢᠯᠡᠴᠢᠯᠡᠭᠡᠨ᠎ᠦ ᠨᠠᠷᠢᠨ ᠲᠠᠩᠰᠠ᠂ 24 ᠴᠠᠭ᠎ᠤᠨ ᠬᠠᠯᠠᠮᠰᠢᠯ ᠤᠲᠠᠰᠤ᠎ᠶᠢ ᠢᠯᠡ ᠨᠡᠢᠲᠡᠯᠡᠵᠦ᠂ ᠨᠠᠰᠤᠲᠠᠢᠴᠤᠳ ᠢ᠋ ᠬᠠᠪᠰᠤᠷᠬᠤ ᠰᠠᠢᠨ ᠲᠤᠷᠠᠴᠤᠳ ᠪᠦᠷ〈ᠨᠡᠢᠭᠡᠮ ᠲᠣᠭᠣᠷᠢᠭ᠋᠎ᠤᠨ ᠬᠥᠪᠡᠭᠦᠳ ᠥᠬᠢᠳ〉 ᠪᠣᠯᠪᠠ᠃ ᠲᠥᠷᠥ᠎ᠶᠢᠨ ᠪᠣᠳᠣᠯᠭ᠎ᠠ᠎ᠶᠢᠨ ᠠᠰᠠᠭᠤᠨ ᠯᠠᠪᠯᠠᠭ᠎ᠠ ᠡᠴᠡ ᠭᠡᠷ ᠲᠦ᠍ᠨᠢ ᠣᠴᠢᠵᠤ ᠦᠢᠯᠡᠴᠢᠯᠡᠬᠦ ᠬᠦᠷᠲᠡᠯ᠎ᠡ᠂ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ ᠲᠸ᠋ ᠡᠳᠦᠷ ᠲᠤᠲᠤᠮ᠎ᠤᠨ ᠬᠠᠷᠠᠭᠠᠯᠵᠠᠯ ᠦᠵᠡᠬᠦᠯᠬᠦ ᠡᠴᠡ ᠣᠨᠴᠠᠭᠠᠶ ᠲᠡᠳᠬᠦᠮᠵᠢ᠎ᠦᠵᠡᠬᠦᠯᠬᠦ ᠭᠡᠷ ᠪᠦᠯᠢ ᠳ᠋ᠤ ᠨᠠᠷᠢᠯᠢᠭ᠋ ᠣᠨᠣᠴᠠᠲᠠᠢ ᠬᠠᠯᠠᠮᠵᠢᠯᠠᠯ ᠦᠵᠡᠬᠦᠯᠬᠦ ᠬᠦᠷᠲᠡᠯ᠎ᠡ᠂〈ᠤᠴᠢᠷ᠎ᠲᠠᠢ ᠪᠣᠯ ᠨᠡᠢᠭᠡᠮ ᠲᠣᠭᠣᠷᠢᠭ᠋᠎ᠤᠨ ᠬᠥᠪᠡᠭᠦᠳ ᠥᠬᠢᠳ᠎ᠢ ᠡᠷᠢᠬᠦ〉ᠨᠢ ᠨᠠᠰᠤᠳᠠᠢᠴᠤᠳ᠎ᠦᠨ ᠬᠠᠮᠤᠭ᠎ᠤᠨ ᠰᠡᠳᠬᠢᠯ ᠠᠮᠤᠷ ᠬᠠᠮᠲᠤ᠎ᠶᠢᠨ ᠲᠠᠨᠢᠯᠲᠠ ᠪᠣᠯᠵᠠᠢ》 ᠭᠡᠵᠦ ᠲᠠᠨᠢᠯᠴᠠᠭᠤᠯᠪᠠ᠃

《ᠲᠠᠨᠢᠯ ᠪᠤᠰᠤ ᠬᠥᠷᠰᠢ》 ᠡᠴᠡ 《ᠡᠶᠡᠯᠳᠡᠭ ᠬᠥᠷᠰᠢ》 ᠪᠣᠯᠤᠭᠰᠠᠨ᠎ᠤ ᠠᠷᠤ᠎ᠳᠤ ᠨᠢᠭᠡᠨ ᠨᠠᠷᠢᠨ ᠨᠢᠭᠲᠠ ᠵᠠᠰᠠᠯᠲᠠ᠎ᠶᠢᠨ ᠲᠣᠣᠷ ᠪᠤᠢ᠃ ᠪᠠᠶᠠᠨᠨᠠᠭᠤᠷ ᠬᠤᠳᠠ 《ᠬᠥᠷᠰᠢ ᠵᠡᠷᠭᠡᠯᠡᠳᠡᠭᠡ᠎ᠶᠢᠨ ᠳᠠᠷᠤᠭ᠎ᠠ ᠎ᠶᠢᠨ ᠲᠦᠷᠢᠮ》 ᠢ᠋ ᠡᠬᠦᠳᠦᠨ ᠬᠡᠷᠡᠭᠵᠢᠭᠦᠯᠵᠦ᠍᠂ ᠨᠠᠮ᠎ᠤᠨ ᠭᠡᠰᠢᠭᠦᠨ᠂ ᠴᠡᠷᠢᠭ᠎ᠡᠴᠡ ᠬᠠᠯᠠᠭᠳᠠᠭᠰᠠᠳ᠂ ᠰᠠᠭᠤᠭᠠᠯᠢ ᠠᠷᠠᠳ᠎ᠤᠨ ᠳᠤᠮᠳᠠ᠎ᠠᠴᠠ 5985 《ᠬᠥᠷᠰᠢ ᠵᠡᠷᠭᠡᠯᠡᠳᠡᠭᠡ᠎ᠶᠢᠨ ᠳᠠᠷᠤᠭ᠎ᠠ》 ᠵᠢ ᠰᠣᠩᠭᠣᠨ ᠭᠠᠷᠭᠠᠵᠤ᠂ ᠬᠥᠮᠦᠨ ᠪᠦᠷᠢ ᠬᠡᠳᠦᠨ ᠠᠷᠪᠠᠨ ᠡᠷᠤᠬᠡ᠎ᠲᠡᠶ ᠬᠠᠷᠢᠯᠴᠠᠬᠤ ᠪᠤᠯᠭᠠᠪᠠ᠃ ᠬᠡᠨ᠎ᠦ ᠭᠡᠷ ᠨᠢ ᠬᠦᠴᠢᠷᠳᠡᠯ᠎ᠲᠡᠶ᠎ᠪᠤᠯ ᠬᠦᠷᠰᠢ ᠵᠡᠷᠭᠡᠯᠡᠳᠡᠭᠡ ᠵᠢᠨ ᠳᠠᠷᠤᠭ᠎ᠠ ᠬᠠᠮᠤᠭ ᠲᠡᠷᠢᠭᠦᠨ᠎ᠳᠦ ᠮᠡᠳᠡᠨ᠎ᠡ; ᠠᠯᠢ ᠭᠡᠷ ᠵᠥᠷᠢᠴᠡᠯ ᠭᠠᠷᠪᠠᠯ᠂ ᠬᠦᠷᠰᠢ ᠵᠡᠷᠭᠡᠯᠡᠳᠡᠭᠡ ᠵᠢᠨ ᠳᠠᠷᠤᠭ᠎ᠠ ᠬᠠᠮᠤᠭ ᠤᠷᠢᠳ ᠵᠢᠡᠷ ᠢᠷᠡᠨ᠎ᠡ᠃

ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ ᠪᠠᠰᠠ ᠡᠨᠡ ᠬᠦ᠌ ᠡᠩᠨᠡᠭᠡ᠎ᠳᠦ ᠣᠷᠣᠯᠴᠠᠭᠰᠠᠨ ᠨᠢ ᠬᠥᠮᠦᠰ᠎ᠦᠨ ᠠᠩᠬᠠᠷᠤᠯ᠎ᠢ ᠨᠡᠩ ᠢᠯᠡᠭᠦᠦ ᠲᠠᠲᠠᠵᠠᠢ᠃ ᠲᠡᠳᠡ ᠡᠳᠦᠷ ᠪᠦᠷᠢ ᠵᠡᠭᠡᠯᠢ ᠭᠤᠳᠤᠮᠵᠢ᠎ᠪᠠᠷ ᠰᠦᠯᠵᠢᠯᠳᠦᠵᠦ᠍᠂《ᠨᠡᠭᠦᠳᠡᠯ ᠰᠠᠭᠠᠬᠠᠯᠲᠠ》ᠪᠣᠯᠪᠠ᠃ ᠪᠣᠷᠣᠲᠣᠬᠣᠶ᠎ᠶᠢᠨ《ᠬᠤᠰᠢᠭᠤᠴᠢ ᠵᠥᠭᠡᠶ》ᠵᠢᠨ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢᠨ 8 ᠰᠠᠯᠪᠤᠷᠢ ᠠᠩᠭᠢ᠎ᠶᠢᠨ ᠭᠡᠰᠢᠭᠦᠳ ᠲᠦᠷᠭᠡᠨ ᠬᠦᠷᠭᠡᠯᠲᠡ ᠬᠦᠷᠭᠡᠬᠦ᠌᠎ᠶᠢᠨ ᠬᠠᠮᠲᠤ᠌ ᠭᠠᠭᠴᠠᠭᠠᠷ ᠰᠠᠭᠤᠭ᠎ᠠ ᠨᠠᠰᠤᠲᠠᠨ᠎ᠳᠤ ᠠᠮᠤ ᠪᠤᠳᠠᠭ᠎ᠠ᠂ ᠡᠮ ᠬᠦᠷᠭᠡᠵᠦ᠍ ᠥᠭᠳᠡᠭ᠃

ᠰᠠᠭᠤᠭᠠᠯᠢ ᠠᠷᠠᠳ ᠤᠴᠢᠷ ᠶᠠᠪᠤᠳᠠᠯ᠎ᠢ ᠲᠤᠰᠬᠠᠬᠤ᠂ ᠬᠥᠷᠰᠢ ᠵᠡᠷᠭᠡᠯᠡᠳᠡᠭᠡ᠎ᠶᠢᠨ ᠳᠠᠷᠤᠭ᠎ᠠ ᠬᠡᠷᠡᠭ ᠵᠥᠪᠯᠡᠬᠦ᠌᠂ ᠤᠯᠠᠨ ᠲᠦᠮᠡᠨ ᠬᠡᠷᠡᠭ ᠦᠨᠡᠯᠡᠬᠦ᠌  — ᠡᠨᠡ ᠬᠦ᠌ 《ᠡᠶᠡᠯᠳᠡᠭ ᠬᠥᠷᠰᠢ᠎ᠶᠢᠨ ᠬᠡᠷᠡᠭ ᠵᠥᠪᠯᠡᠬᠦ᠌》 ᠪᠢᠲᠡᠭᠦᠦ ᠴᠠᠭᠠᠷᠢᠭᠲᠦ ᠲᠣᠭᠲᠠᠴᠠ᠎ᠨᠢ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠣᠨᠣᠰᠬᠤ ᠬᠥᠮᠦᠨ᠎ᠲᠡᠶ᠂ ᠤᠴᠢᠷ ᠶᠠᠪᠤᠳᠠᠯ᠎ᠢ ᠬᠠᠮᠢᠶᠠᠷᠬᠤ ᠬᠥᠮᠦᠨ᠎ᠲᠡᠶ ᠪᠣᠯᠭᠠᠪᠠ᠃ ᠨᠡᠶ᠋ᠢᠭᠡᠮ ᠲᠣᠭᠣᠷᠢᠭ ᠪᠠᠰᠠ 《ᠤᠯᠠᠭᠠᠨ ᠰᠢᠷ᠎ᠠ ᠨᠣᠭᠣᠭᠠᠨ》 ᠭᠤᠷᠪᠠᠨ ᠥᠩᠭᠡ᠎ᠶᠢᠨ ᠬᠠᠮᠢᠶᠠᠷᠤᠯᠲᠠ᠎ᠶᠢ ᠬᠡᠷᠡᠭᠵᠢᠭᠦᠯᠪᠡ᠄ ᠤᠯᠠᠭᠠᠨ ᠥᠩᠭᠡ᠎ᠨᠢ ᠭᠤᠤᠯᠳᠠᠯᠭ᠎ᠠ᠎ᠲᠠᠶ ᠬᠠᠪᠰᠤᠷᠤᠨ ᠲᠡᠳᠬᠦᠵᠦ᠍᠂ ᠰᠢᠷ᠎ᠠ ᠥᠩᠭᠡ᠎ᠨᠢ ᠲᠣᠭᠲᠠᠮᠠᠯ ᠬᠤᠭᠤᠴᠠᠭ᠎ᠠ᠎ᠲᠠᠶ᠎ᠪᠠᠷ ᠠᠩᠬᠠᠷᠴᠤ᠌᠂ ᠨᠤᠭᠤᠭᠠᠨ ᠦᠩᠭᠡ ᠨᠢ ᠪᠠᠢᠩᠭᠤ ᠦᠢᠯᠡᠴᠢᠯᠡᠵᠦ᠍᠂ ᠬᠥᠮᠦᠨ ᠨᠢᠭᠡᠪᠦᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠵᠣᠯᠭᠠᠭᠤᠯᠪᠠ᠃

ᠡᠳᠦᠭᠡ᠂ ᠲᠤᠰ ᠨᠡᠶ᠋ᠢᠭᠡᠮ ᠲᠣᠭᠣᠷᠢᠭ ᠡᠳᠦᠷ ᠳᠤᠮᠳᠠᠴᠢ᠎ᠪᠠᠷ 200 ᠬᠥᠮᠦᠨ ᠤᠳᠠᠭ᠎ᠠ᠎ᠳᠤ ᠦᠢᠯᠡᠴᠢᠯᠡᠵᠦ᠍᠂ 5000 ᠭᠠᠷᠤᠢ ᠤᠯᠠᠨ ᠲᠦᠮᠡᠨ᠎ᠳᠦ ᠠᠰᠢᠭ ᠬᠦᠷᠲᠡᠭᠡᠪᠡ᠃ ᠣᠶ᠋ᠢᠯᠠᠭᠠᠭᠰᠠᠨ᠎ᠢᠶᠠᠷ᠂ ᠣᠳᠣᠬᠠᠨ᠎ᠳᠤ ᠪᠠᠶᠠᠨᠨᠠᠭᠤᠷ ᠬᠣᠲᠠ《ᠡᠶᠡᠯᠳᠡᠭ ᠬᠥᠷᠰᠢ》ᠵᠢᠨ ᠦᠢᠯᠡᠴᠢᠯᠡᠭᠡᠨ᠎ᠦ ᠵᠢᠭᠰᠠᠭᠠᠯ᠎ᠤᠨ ᠭᠠᠵᠠᠷ᠎ᠲᠤ᠌ ᠲᠦᠰᠢᠭᠯᠡᠨ᠂ 《ᠬᠥᠷᠰᠢ ᠵᠡᠷᠭᠡᠯᠡᠳᠡᠭᠡ ᠵᠢᠨ ᠬᠢᠨ ᠰᠠᠶ᠋ᠢᠨ ᠳᠤᠷ᠎ᠠ᠎ᠡᠴᠡ ᠪᠡᠨ ᠤᠷᠢᠳ ᠵᠢᠡᠷ ᠬᠢᠬᠦ᠌》ᠠᠵᠢᠯᠯᠠᠭ᠎ᠠ  ᠥᠷᠨᠢᠭᠦᠯᠵᠦ᠍᠂ 《ᠬᠥᠷᠰᠢ ᠵᠡᠷᠭᠡᠯᠡᠳᠡᠭᠡ᠎ᠶᠢᠨ ᠬᠠᠪᠰᠤᠷᠤᠨ ᠲᠡᠳᠬᠦᠬᠦ᠌ ᠪᠦᠯᠬᠦᠮ》 ᠵᠡᠷᠭᠡ ᠬᠠᠷᠢᠯᠴᠠᠨ ᠬᠠᠪᠰᠤᠷᠤᠯᠴᠠᠬᠤ ᠵᠣᠬᠢᠶᠠᠨ ᠪᠠᠶ᠋ᠢᠭᠤᠯᠤᠯᠲᠠ᠎ᠶᠢ ᠵᠣᠬᠢᠶᠠᠨ ᠪᠠᠶ᠋ᠢᠭᠤᠯᠵᠤ᠂ 《ᠤᠯᠠᠭᠠᠨᠰᠤᠬᠠᠢ᠎ᠵᠢᠨ ᠨᠡᠭᠦᠳᠡᠯ᠎ᠤᠨ ᠰᠢᠪᠠᠭᠤ᠎ᠶᠢ ᠰᠠᠬᠢᠨ ᠬᠠᠮᠠᠭᠠᠯᠠᠬᠤ》 ᠵᠡᠷᠭᠡ 45 ᠣᠨᠴᠠᠯᠢᠭᠲᠤ᠌ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠲᠥᠷᠥᠯ ᠵᠦᠢᠯ᠎ᠢ ᠪᠣᠶ᠋ᠢᠵᠢᠭᠤᠯᠪᠠ᠃ ᠨᠠᠮ᠎ᠤᠨ ᠭᠡᠰᠢᠭᠦᠨ ᠲᠦᠷᠦᠭᠦᠯᠡᠬᠦ᠌᠂ ᠨᠡᠶ᠋ᠢᠭᠡᠮ ᠨᠡᠶ᠋ᠢᠲᠡ᠎ᠡᠴᠡ ᠡᠯᠰᠡᠬᠦ᠌᠂ ᠣᠯᠠᠨ ᠲᠠᠯ᠎ᠠ᠎ᠪᠠᠷ ᠰᠠᠶ᠋ᠢᠨ ᠳᠤᠷ᠎ᠠ᠎ᠶᠢᠨ ᠬᠦᠴᠦᠨ᠎ᠢ ᠬᠤᠷᠠᠮᠳᠤᠭᠤᠯᠬᠤ᠂ ᠰᠠᠶ᠋ᠢᠨ ᠳᠤᠷ᠎ᠠ ᠎ᠶᠢᠨ ᠦᠢᠯᠡᠴᠢᠯᠡᠭᠡᠨ ᠎ᠦ ᠡᠩᠨᠡᠭᠡ ᠎ᠶᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ ᠨᠠᠰᠤᠲᠠᠶ᠋ᠢᠴᠤᠳ᠎ᠢ ᠲᠤᠰᠠᠯᠠᠬᠤ᠂ ᠨᠢᠯᠬᠠᠰ᠎ᠢ ᠬᠠᠮᠠᠭᠠᠯᠠᠬᠤ᠂ ᠵᠥᠷᠢᠴᠡᠯ᠎ᠢ ᠡᠶᠡᠳᠡᠭᠦᠯᠬᠦ᠌᠂ ᠡᠷᠡᠭᠦᠯ ᠮᠡᠨᠳᠦ᠎ᠶᠢᠨ ᠠᠯᠪᠠᠨ ᠵᠢᠷᠤᠮ᠎ᠤᠨ ᠡᠮᠴᠢᠯᠡᠭᠡ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠂ ᠪᠠᠴᠢᠮ ᠪᠠᠶ᠋ᠢᠳᠠᠯ ᠎ᠢ ᠠᠷᠭᠠᠴᠠᠭᠠᠬᠤ ᠦᠢᠯᠡᠴᠢᠯᠡᠭᠡ ᠵᠡᠷᠭᠡ ᠣᠯᠠᠨ ᠬᠦᠷᠢᠶ᠎ᠡ᠎ᠶᠢ ᠬᠠᠮᠤᠷᠪᠠ᠃ ᠬᠣᠲᠠ᠎ᠶᠢᠨ ᠥᠨᠴᠥᠭ ᠪᠤᠯᠤᠩ ᠪᠣᠯᠭᠠᠨ᠎ᠳᠤ ᠪᠦᠷ 《ᠤᠯᠠᠭᠠᠨ ᠡᠯᠢᠭᠡᠪᠴᠢ》 ᠵᠢᠨ ᠪᠠᠷ᠎ᠠ ᠬᠠᠷᠠᠬᠳᠠᠬᠤ ᠪᠤᠯᠵᠠᠢ᠃


ᠰᠤᠷᠪᠤᠯᠵᠢᠯᠠᠭᠴᠢ᠎ᠶᠢᠨ ᠡᠪᠦᠷ ᠲᠡᠮᠳᠡᠭᠯᠡᠯ 

《ᠪᠢ ᠬᠠᠯᠠᠭᠤᠨ ᠪᠦᠯᠢᠶᠡᠨ ᠬᠣᠭᠣᠯᠠ ᠣᠯᠵᠤ ᠢᠳᠡᠬᠦ ᠪᠤᠯᠤᠭᠰᠠᠨ ᠳ᠋ᠠᠭᠠᠨ ᠮᠠᠰᠢ ᠰᠡᠳᠬᠢᠯ ᠬᠠᠨᠤᠮᠵᠢᠲᠠᠢ ᠪᠠᠶ᠋ᠢᠨ᠎ᠠ》ᠬᠡᠵᠦ ᠯᠠᠨ ᠹᠸᠩ ᠴᠢᠶᠣᠤ ᠨᠠᠰᠤᠲᠠᠨ ᠬᠡᠯᠡᠬᠦ᠌᠎ᠳ᠋ᠤ ᠨᠢᠳᠦᠨ᠎ᠳ᠋ᠤᠨᠢ ᠨᠢᠯᠪᠤᠰᠤ ᠮᠡᠯᠳᠡᠭᠡᠨᠡᠵᠦ ᠪᠠᠶ᠋ᠢᠯ᠎ᠠ᠃  ᠨᠢᠭᠡ ᠡᠮᠬᠦ ᠬᠠᠯᠠᠭᠤᠨ ᠪᠦᠯᠢᠶᠡᠨ ᠬᠤᠭᠤᠯᠠ ᠨᠢ ᠬᠡᠳᠡᠰᠦ ᠬᠣᠳᠣᠭᠣᠳᠣ ᠵᠢ ᠲᠤᠯᠠᠭᠠᠴᠠᠭᠤᠯᠤᠬᠰᠠᠨ ᠲᠡᠳᠦᠢ ᠦᠭᠡᠢ᠂ ᠨᠠᠩ ᠴᠤ᠌  ᠨᠠᠰᠤᠳᠠᠨ᠎ᠤ ᠰᠡᠳᠬᠢᠯ᠎ᠢ ᠲᠤᠯᠠᠭᠠᠴᠠᠭᠤᠯᠪᠠ᠃

ᠵᠢᠶᠠᠨ ᠺᠠᠩ ᠰᠠᠭᠤᠭᠠᠯᠢ ᠠᠷᠠᠳ᠎ᠤᠨ ᠲᠣᠭᠣᠷᠢᠭ᠎ᠤᠨ ᠭᠠᠭᠴᠠᠭᠠᠷ ᠰᠠᠭᠤᠭ᠎ᠠ ᠨᠠᠰᠤᠲᠠᠨ ᠯᠢ ᠷᠦᠨ ᠮᠧᠶ ᠵᠢᠨ ᠲᠡᠷ᠎ᠡ ᠵᠢᠨ ᠲᠡᠷᠭᠡᠳᠡ ᠤᠨᠲᠠᠯᠭ᠎ᠠ᠎ᠶᠢ ᠬᠢᠨᠠᠨ ᠬᠡᠮᠵᠢᠬᠦ᠌ ᠪᠠᠭᠠᠵᠢ ᠤᠭᠰᠠᠷᠠᠭᠤᠰᠢᠳᠠᠢ᠃ ᠰᠥᠨᠢ ᠰᠡᠷᠢᠭᠡᠳ ᠬᠠᠭᠠᠰ ᠴᠠᠭ  ᠦᠩᠭᠡᠷᠡᠪᠡᠯ ᠲᠠᠪᠴᠠᠩ ᠲᠡᠭᠡᠷ᠎ᠡ ᠤᠷᠢᠳᠴᠢᠯᠠᠨ ᠰᠡᠷᠡᠮᠵᠢᠯᠡᠭᠦᠯᠵᠦ᠍᠂ ᠰᠤᠪᠢᠯᠠᠭᠴᠢ ᠲᠡᠷᠡ ᠳᠤᠤᠷ᠎ᠠ ᠨᠢ  ᠡᠷᠢᠵᠦ ᠢᠷᠡᠨ᠎ᠡ᠃ ᠨᠠᠰᠤᠲᠠᠨ᠄ 《ᠥᠩᠭᠡᠷᠡᠭᠡᠭᠰᠡᠨ᠎ᠳᠦ ᠣᠢᠴᠢᠵᠤ ᠤᠨᠠᠪᠠᠯ ᠬᠠᠮᠢᠶᠠᠷᠬᠤ ᠬᠥᠮᠦᠨ ᠦᠭᠡᠢ ᠬᠡᠵᠦ ᠰᠠᠨᠠᠭ᠎ᠠ ᠵᠤᠪᠠᠳᠠᠬ ᠪᠠᠢᠵᠠᠢ᠂ ᠣᠳᠣ ᠰᠠᠨᠠᠭ᠎ᠠ ᠠᠮᠠᠷ ᠪᠤᠯᠤᠯ᠎ᠠ》 ᠬᠡᠨ᠎ᠡ᠃

ᠨᠢᠭᠡ ᠡᠮᠬᠦ ᠬᠠᠯᠠᠭᠤᠨ ᠪᠦᠯᠢᠶᠡᠨ ᠬᠣᠭᠣᠯᠠ᠎ᠠᠴᠠ ᠨᠢᠭᠡ ᠰᠥᠨᠢ ᠲᠠᠭᠠᠳᠠᠢ ᠤᠨᠲᠠᠬᠤ ᠬᠦᠷᠲᠡᠯ᠎ᠡ᠂ ᠨᠢᠭᠡ ᠤᠳᠠᠭᠠᠨ᠎ᠤ ᠲᠣᠭᠯᠠᠯᠲᠠ᠎ᠰᠤᠨᠢᠷᠬᠠᠭᠤᠯᠬᠤ ᠡᠴᠡ ᠨᠢᠭᠡᠨ ᠤᠳᠠᠭᠠᠨ᠎ᠤ ᠠᠰᠠᠭᠤᠨ ᠮᠡᠨᠳᠦᠴᠢᠯᠡᠯ ᠬᠦᠷᠲᠡᠯ᠎ᠡ᠂ ᠭᠠᠭᠴᠠᠭᠠᠷ ᠰᠠᠭᠤᠭ᠎ᠠ ᠨᠠᠰᠤᠲᠠᠳ ᠡᠨᠡ ᠬᠣᠲᠠ᠎ᠳᠤ ᠲᠦᠰᠢᠭ ᠲᠤᠯᠭᠠᠭᠤᠷᠢ᠎ᠲᠠᠶ ᠪᠣᠯᠵᠦ᠂  ᠭᠠᠬᠴᠠᠭᠠᠷᠳᠠᠬᠤ ᠪᠡᠨ ᠪᠤᠯᠢᠵᠠᠢ᠃ ᠪᠠᠶᠠᠨᠨᠠᠭᠤᠷ ᠬᠤᠳᠠ᠎ᠶᠢᠨ 《ᠡᠶᠡᠯᠳᠡᠭ ᠬᠥᠷᠰᠢ ᠵᠢᠨ ᠴᠢᠳᠠᠮᠠᠭᠠᠢ ᠵᠠᠰᠠᠯᠲᠠ》 ᠨᠢ ᠥᠩᠭᠡᠷᠡᠭᠰᠡᠨ᠎ᠤ ᠲᠠᠨᠢᠯ ᠪᠤᠰᠤ ᠠᠶ᠋ᠢᠯ ᠰᠠᠭᠠᠬᠠᠯᠲᠠ᠎ᠵᠢ  ᠤᠢᠷ᠎ᠠ ᠳᠣᠲᠣᠨᠣ  ᠪᠣᠯᠭᠠᠵᠤ᠂ ᠰᠠᠭᠤᠭ᠎ᠠ ᠠᠰᠠᠷ ᠲᠠᠬᠲᠤ ᠵᠢ ᠬᠥᠮᠦᠨᠴᠢ ᠴᠢᠨᠠᠷ᠎ᠲᠠᠶ ᠪᠣᠯᠭᠠᠪᠠ᠃

ᠬᠤᠯᠠ᠎ᠶᠢᠨ ᠲᠦᠷᠦᠯ᠎ᠡᠴᠡ ᠤᠢ᠌ᠷ᠎ᠠ  ᠵᠡᠷᠭᠡᠯᠡᠳᠡᠭᠡ ᠲᠡᠭᠡᠷ᠎ᠡ ᠬᠡᠳᠡᠭ᠃ ᠡᠨᠡ ᠨᠢ ᠪᠠᠷᠤᠭ ᠡᠨᠡ ᠬᠣᠲᠠ᠎ᠶᠢᠨ ᠡᠢᠮᠦᠬᠦᠦ ᠬᠠᠯᠠᠭᠤᠨ ᠲᠤᠳᠤᠨᠤ ᠶᠠᠩᠵᠦ ᠬᠡᠯᠪᠡᠷᠢ ᠪᠠᠢᠬ᠎ᠠ!


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号