ᠣᠯᠠᠨ ᠤᠯᠤᠰ᠎ᠤᠨ ᠮᠠᠶᠢᠭ᠋᠎ᠤᠨ ᠪᠥᠬᠡ᠎ᠶᠢᠨ ᠤᠷᠤᠯᠳᠤᠭᠠᠨ ᠤᠷᠮᠠᠲᠠᠢ ᠰᠠᠢᠬᠠᠨ ᠶᠠᠪᠤᠭᠳᠠᠵᠤ ᠪᠠᠢᠨ᠎ᠠ
2026-08-11 09:40:44
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 9᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠣᠯᠠᠨ ᠤᠯᠤᠰ᠎ᠤᠨ ᠮᠠᠶᠢᠭ᠋᠎ᠤᠨ ᠪᠥᠬᠡ᠎ᠶᠢᠨ ᠤᠷᠤᠯᠳᠤᠭᠠᠨ᠎ᠤ ᠲᠥᠷᠥᠯ ᠵᠦᠢᠯ ᠪᠤᠭᠤᠳᠦ ᠬᠤᠲᠠ᠎ᠳᠦ ᠶᠠᠪᠤᠭᠳᠠᠵᠦ᠂ ᠲᠠᠮᠢᠷᠴᠢᠳ ᠤᠷᠤᠯᠳᠤᠭᠠᠨ᠎ᠤ ᠲᠠᠯᠠᠪᠤᠷ᠎ᠲᠤ ᠤᠷ᠎ᠠ ᠮᠡᠷᠭᠡᠵᠢᠯ ᠰᠦᠰᠦ ᠵᠤᠷᠢᠭ ᠣᠶᠤᠨ ᠤᠬᠠᠭᠠᠨ᠎ᠵᠢᠡᠨ ᠱᠢᠯᠭᠠᠨ᠎ᠠ᠃

ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠯᠠᠨ ᠤᠯᠤᠰ᠎ᠤᠨ ᠮᠠᠶᠢᠭ᠋᠎ᠤᠨ ᠪᠦᠬᠡ᠎ᠶᠢᠨ ᠲᠦᠷᠦᠯ ᠵᠦᠢᠯ᠎ᠳᠦ ᠡᠷᠲᠡᠨ᠎ᠦ ᠮᠠᠶᠢᠭ᠋᠎ᠤᠨ ᠪᠦᠬᠡ᠂ ᠡᠷᠡᠭᠲᠡᠢ᠎ᠶᠢᠨ ᠴᠢᠯᠦᠭᠡᠲᠦ ᠮᠠᠶᠢᠭ᠋᠎ᠤᠨ ᠪᠦᠬᠡ᠂ ᠡᠮᠡᠭᠲᠡᠢ᠎ᠶᠢᠨ ᠴᠢᠯᠦᠭᠡᠲᠦ ᠮᠠᠶᠢᠭ᠋᠎ᠤᠨ ᠪᠦᠬᠡ᠎ᠶᠢᠨ ᠲᠦᠷᠦᠯ ᠵᠦᠢᠯ᠎ᠤᠳ᠎ᠢ ᠲᠣᠬᠢᠷᠠᠭᠤᠯᠪᠠ᠃ ᠪᠦᠬᠦ ᠣᠷᠣᠨ᠎ᠤ 12 ᠠᠢᠮᠠᠭ ᠬᠤᠳᠠ᠎ᠠᠴᠠ ᠢᠷᠡᠭᠰᠡᠨ 740 ᠪᠦᠬᠡᠴᠢᠨ ᠥᠷᠢᠰᠦᠯᠳᠦᠪᠡ᠃ ᠤᠷᠤᠯᠳᠤᠭᠠᠨ᠎ᠳᠤ ᠠᠬᠠᠮᠠᠳ ᠲᠠᠮᠢᠷᠴᠢᠨ ᠤᠷᠤᠯᠴᠠᠬᠰᠠᠨ ᠵᠢᠡᠷ ᠪᠠᠷᠠᠬᠤ ᠦᠭᠡᠢ ᠪᠠᠰᠠ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭᠰᠡᠨ ᠴᠢᠨᠠᠷᠲᠠᠢ ᠲᠠᠮᠢᠷ᠎ᠤᠨ ᠴᠤᠭᠯᠠᠭᠠᠨ᠎ᠤ ᠲᠠᠪᠴᠠᠩ᠎ᠳᠤ ᠠᠩᠬ᠎ᠠ ᠤᠳᠠᠭ᠎ᠠ ᠭᠠᠷᠤᠭᠰᠠᠨ ᠵᠠᠯᠠᠭᠤ ᠲᠠᠮᠢᠷᠴᠢᠨ᠎ᠴᠤ ᠪᠤᠢ᠃ ᠲᠤᠰ ᠤᠷᠤᠯᠳᠤᠭᠠᠨ ᠨᠢ ᠵᠠᠯᠠᠭᠤᠴᠤᠳ ᠪᠠᠭᠠᠴᠤᠳ᠎ᠤᠨ ᠪᠦᠬᠡ᠎ᠶᠢᠨ ᠬᠥᠳᠡᠯᠭᠡᠭᠡᠨ᠎ᠦ ᠪᠡᠯᠡᠳᠬᠡᠯ ᠬᠦᠴᠦᠨ ᠪᠣᠯᠣᠨ ᠦᠪᠦᠷ ᠮᠤᠡᠭᠭᠤᠯ᠎ᠤᠨ ᠲᠠᠮᠢᠷᠴᠢᠳ᠎ᠤᠨ ᠴᠤᠭ ᠵᠢᠪᠬᠤᠭ᠎ᠠ᠎ᠶᠢ ᠭᠦᠢᠴᠡᠳ ᠢᠯᠡᠷᠡᠭᠦᠯᠪᠡ᠃

ᠥᠪᠥᠷ ᠮᠣᠩᠭᠣᠯ᠎ᠤᠨ ᠤᠯᠠᠮᠵᠢᠯᠠᠯᠲᠤ ᠳᠠᠪᠠᠭᠤᠯᠢᠭ᠋ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠲᠥᠷᠥᠯ ᠵᠦᠢᠯ ᠪᠣᠯᠤᠭᠰᠠᠨ᠎ᠤ ᠬᠤᠪᠢ᠎ᠳᠤ  ᠪᠥᠬᠡ᠎ᠶᠢᠨ ᠤᠷᠤᠯᠳᠤᠭᠠᠨ ᠨᠢ ᠮᠠᠨ᠎ᠤ ᠣᠷᠣᠨ᠎ᠳᠤ ᠭᠦᠨ ᠵᠤᠵᠠᠭᠠᠨ ᠣᠯᠠᠨ ᠲᠦᠮᠡᠨᠴᠢ ᠰᠠᠭᠤᠷᠢ᠎ᠲᠠᠢ ᠶᠤᠮ᠃ ᠲᠣᠰ ᠤᠳᠠᠭᠠᠨ᠎ᠤ ᠤᠷᠤᠯᠳᠤᠭᠠᠨ ᠨᠢ ᠪᠥᠬᠥ ᠣᠷᠣᠨ᠎ᠤ ᠪᠥᠬᠡ᠎ᠶᠢᠨ ᠪᠡᠯᠡᠳᠬᠡᠯ ᠴᠢᠳᠠᠪᠤᠷᠢᠲᠠᠨ᠎ᠢ ᠲᠥᠪᠯᠡᠷᠡᠭᠦᠯᠦᠨ ᠰᠢᠯᠭᠠᠨ ᠦᠵᠡᠬᠦ ᠤᠷᠤᠯᠳᠤᠭᠠᠨ ᠪᠣᠯᠬᠤ ᠪᠥᠭᠡᠳ ᠪᠠᠰᠠ ᠡᠯ᠎ᠡ ᠭᠠᠵᠠᠷ᠎ᠤᠨ ᠲᠠᠮᠢᠷᠴᠢᠳ᠎ᠲᠤ ᠰᠣᠯᠢᠯᠴᠠᠨ ᠵᠥᠪᠳᠡᠯᠴᠡᠬᠦ᠂ ᠬᠠᠷᠢᠯᠴᠠᠨ ᠰᠤᠷᠤᠯᠴᠠᠵᠤ ᠳᠡᠭᠡᠭᠰᠢᠯᠡᠭᠦᠯᠬᠦ ᠲᠠᠪᠴᠠᠩ ᠪᠤᠯᠵᠤ ᠥᠪᠡᠷᠲᠡᠭᠡᠨ ᠵᠠᠰᠠᠬᠤ ᠣᠷᠣᠨ᠎ᠤ ᠪᠥᠬᠡ᠎ᠶᠢᠨ ᠲᠥᠷᠥᠯ ᠵᠦᠢᠯ᠎ᠢ ᠲᠦᠭᠡᠮᠡᠯᠵᠢᠭᠦᠯᠦᠨ ᠬᠥᠭᠵᠢᠭᠦᠯᠬᠦ᠎ᠶᠢ ᠠᠬᠢᠭᠤᠯᠵᠤ᠂ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠴᠢᠳᠠᠪᠤᠷᠢᠲᠠᠨ᠎ᠤ ᠰᠠᠭᠤᠷᠢ᠎ᠶᠢ ᠦᠷᠭᠦᠯᠵᠢᠯᠡᠨ ᠪᠠᠲᠤᠳᠬᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号