《ᠤᠷ᠎ᠠ ᠴᠢᠳᠠᠪᠤᠷᠢ ᠶ᠋ᠢᠨ ᠳᠤᠮᠳᠠᠳᠤ ᠤᠯᠤᠰ ᠳᠡᠬᠢ ᠠᠶᠠᠯᠠᠯ 2026 ᠊᠊᠊᠊᠊᠊ ᠦᠪᠦᠷ ᠮᠤᠩᠭᠤᠯ ᠳ᠋ᠤ ᠤᠴᠢᠶ᠎ᠠ 》 ᠠᠵᠢᠯᠯᠠᠭ᠎ᠠ ᠤᠷᠳᠤᠰ ᠬᠤᠳᠠ ᠳ᠋ᠤ ᠶᠠᠪᠤᠭᠳᠠᠪᠠ
2026-08-11 10:45:15
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ 《ᠤᠷ᠎ᠠ ᠴᠢᠳᠠᠪᠤᠷᠢ ᠶ᠋ᠢᠨ ᠳᠤᠮᠳᠠᠳᠤ ᠤᠯᠤᠰ ᠳᠡᠬᠢ ᠠᠶᠠᠯᠠᠯ  2026 —  ᠦᠪᠦᠷ ᠮᠤᠩᠭᠤᠯ ᠳ᠋ᠤ ᠤᠴᠢᠶ᠎ᠠ 》 ᠠᠵᠢᠯᠯᠠᠭ᠎ᠠ ᠤᠷᠳᠤᠰ ᠬᠤᠳᠠ ᠳ᠋ᠤ ᠶᠠᠪᠤᠭᠳᠠᠪᠠ᠃ ᠲᠣᠰ ᠠᠵᠢᠯᠯᠠᠭ᠎ᠠ ᠵᠢ ᠬᠥᠮᠥᠨ ᠤ᠋ ᠬᠦᠴᠦᠨ ᠤ᠋ ᠡᠬᠢ ᠪᠠᠶᠠᠯᠢᠭ᠋ ᠪᠠ ᠨᠡᠢᠭᠡᠮ ᠤ᠋ᠨ ᠪᠠᠲᠤᠯᠠᠭ᠎ᠠ ᠶ᠋ᠢᠨ ᠶᠠᠮᠤᠨ ᠡᠴᠠ ᠭᠣᠣᠯᠯᠠᠨ ᠡᠷᠭᠢᠯᠡᠵᠦ᠂ ᠳᠤᠮᠳᠠᠳᠤ ᠤᠯᠤᠰ ᠤ᠋ᠨ ᠠᠵᠢᠯ ᠣᠯᠭᠣᠯᠲᠠ ᠶ᠋ᠢᠨ ᠪᠣᠯᠪᠠᠰᠤᠷᠠᠯ ᠤ᠋ᠨ ᠮᠡᠷᠭᠡᠵᠢᠯ ᠤ᠋ᠨ ᠵᠢᠯᠤᠭᠣᠳᠬᠤ ᠲᠥᠪ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠮᠥᠨ ᠤ᠋ ᠬᠦᠴᠦᠨ ᠤ᠋ ᠡᠬᠢ ᠪᠠᠶᠠᠯᠢᠭ᠋ ᠪᠠ ᠨᠡᠢᠭᠡᠮ ᠤ᠋ᠨ ᠪᠠᠲᠤᠯᠠᠭ᠎ᠠ ᠶ᠋ᠢᠨ ᠲᠢᠩᠬᠢᠮ ᠡᠴᠡ ᠳᠠᠭᠠᠭᠠᠴᠢᠯᠠᠨ ᠡᠷᠭᠢᠯᠡᠵᠡᠢ᠃

ᠳᠤᠰ ᠠᠵᠢᠯᠯᠠᠭ᠎ᠠ ᠨᠢ ᠤᠷᠤᠨ ᠪᠦᠰᠡ ᠶ᠋ᠢᠨ ᠠᠵᠤ ᠦᠢᠯᠡᠰ ᠤ᠋ᠨ ᠬᠦᠭᠵᠢᠯᠳᠡ ᠪᠠ ᠠᠵᠢᠯ ᠮᠡᠷᠭᠡᠵᠢᠯ ᠤ᠋ᠨ ᠴᠢᠳᠠᠪᠤᠷᠢᠳᠠᠨ ᠤ᠋ ᠬᠡᠷᠡᠭᠴᠡᠭᠡ ᠬᠠᠩᠭᠠᠯᠭ᠎ᠠ ᠵᠢ ᠠᠩᠬᠠᠷᠴᠤ᠂ ᠳᠤᠰᠬᠠᠢ ᠮᠡᠷᠭᠡᠵᠢᠯᠳᠡᠳ ᠡᠴᠡ ᠳᠤᠷᠰᠢᠯᠭ᠎ᠠ ᠰᠤᠷᠭᠠᠮᠵᠢ ᠪᠡᠨ ᠬᠤᠪᠢᠶᠠᠯᠴᠠᠬᠤ᠂ ᠦᠷ᠎ᠡ ᠪᠦᠳᠦᠭᠡᠯ ᠢ᠋ ᠳᠡᠯᠭᠡᠨ ᠦᠵᠡᠬᠦᠯᠬᠦ᠂ ᠠᠵᠢᠯ ᠮᠡᠷᠭᠡᠵᠢᠯ ᠤ᠋ᠨ ᠴᠢᠳᠠᠪᠤᠷᠢᠳᠠᠨ ᠢ᠋ ᠬᠦᠮᠦᠵᠢᠬᠦᠯᠬᠦ ᠳᠦᠷᠦ ᠶ᠋ᠢᠨ ᠪᠤᠳᠤᠯᠭ᠎ᠠ ᠵᠢ ᠳᠠᠢᠯᠪᠤᠷᠢᠯᠠᠬᠤ ᠵᠡᠷᠭᠡ ᠤᠯᠠᠨ ᠡᠰᠢᠵᠢᠭᠰᠡᠨ ᠰᠢᠷᠢᠰ ᠠᠵᠢᠯᠯᠠᠭ᠎ᠠ ᠪᠡᠷ ᠳᠠᠮᠵᠢᠭᠤᠯᠤᠨ᠂ ᠤᠷ᠎ᠠ ᠮᠡᠷᠭᠡᠵᠢᠯ ᠤ᠋ᠨ ᠰᠣᠯᠢᠯᠴᠠᠭ᠎ᠠ᠂ ᠴᠢᠳᠠᠪᠤᠷᠢᠲᠠᠨ ᠢ᠋ ᠬᠥᠮᠥᠵᠢᠭᠦᠯᠬᠦ ᠂ ᠦᠷ᠎ᠡ ᠪᠦᠲᠦᠭᠡᠯ ᠢ᠋ ᠤᠨᠳᠤᠤᠰᠢᠭᠤᠯᠬᠤ ᠂ ᠠᠵᠤ ᠠᠬᠤᠢᠯᠠᠯ ᠢ᠋ ᠳᠡᠮᠵᠢᠵᠤ ᠠᠷᠠᠳ ᠲᠤ᠌ ᠠᠰᠢᠭ᠋ ᠬᠦᠷᠲᠡᠭᠡᠬᠦ ᠵᠢ ᠨᠢᠭᠡ ᠴᠣᠭᠴᠠᠵᠢᠭᠤᠯᠤᠭᠰᠠᠨ ᠶᠡᠷᠦᠩᠬᠡᠢᠯᠡᠭᠰᠡᠨ ᠴᠢᠨᠠᠷᠲᠠᠢ ᠦᠢᠯᠡᠴᠢᠯᠡᠭᠡᠨ ᠤ᠋ ᠲᠠᠪᠴᠠᠩ ᠢ᠋ ᠬᠠᠩᠭᠠᠭᠰᠠᠨ ᠪᠠᠢᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号