ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ ᠤᠨ ᠲᠢᠩᠬᠢᠮ ᠡᠴᠡ ᠤᠢᠯᠠᠭᠠᠭᠰᠠᠨ ᠵᠢᠡᠷ᠂ ᠤᠢᠷ᠎ᠠ ᠳ᠋ᠤ ᠲᠠᠪᠤᠳᠤᠭᠠᠷ ᠬᠤᠭᠤᠴᠠᠭᠠᠨ ᠤ 《ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ ᠬᠢᠴᠢᠶᠡᠯ᠎ᠦᠨ ᠲᠠᠩᠬᠢᠮ᠎ᠳᠤ ᠣᠷᠣᠭᠤᠯᠬᠤ 》 ᠵᠢ ᠠᠬᠢᠭᠤᠯᠬᠤ ᠬᠤᠷᠠᠯ ᠶᠠᠪᠤᠭᠳᠠᠪᠠ᠃
ᠬᠤᠷᠠᠯ ᠲᠡᠭᠡᠷ᠎ᠡ 3 ᠲᠤᠰᠬᠠᠢ ᠮᠡᠷᠭᠡᠵᠢᠯᠲᠡᠨ ᠲᠤᠰ ᠲᠤᠰ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠦᠵᠡᠯ ᠰᠠᠨᠠᠭᠠᠨ᠎ᠤ ᠠᠭᠤᠯᠭ᠎ᠠ᠎ᠶᠢᠨ ᠰᠢᠰᠲᠧᠮ᠂ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠠᠮᠵᠢᠯᠲᠠᠤᠯᠤᠭᠰᠠᠨᠤ ᠤᠨᠤᠯ᠎ᠤᠨ ᠲᠠᠢᠯᠪᠤᠷᠢᠯᠠᠯ᠂ ᠰᠢᠨ᠎ᠡ ᠴᠠᠭ ᠦᠶ᠎ᠡ᠎ᠶᠢᠨ ᠮᠠᠷᠺᠰ᠎ᠤᠨ ᠦᠵᠡᠯ᠎ᠤᠨ ᠨᠠᠮ ᠪᠠᠶ᠋ᠢᠭᠤᠯᠬᠤ ᠰᠤᠷᠭᠠᠯᠵᠡᠷᠭᠡ ᠴᠢᠬᠤᠯᠠ ᠶᠡᠬᠡ ᠰᠡᠳᠦᠪ᠎ᠦᠨ ᠲᠣᠭᠣᠷᠢᠨ᠎ᠳᠤ ᠭᠣᠣᠯ ᠵᠣᠷᠢᠯᠲᠠᠳᠤ ᠮᠡᠳᠡᠭᠦᠯᠦᠯᠲᠡ ᠬᠢᠵᠡᠢ᠃ 11 ᠲᠤᠰᠬᠠᠢ ᠮᠡᠷᠭᠡᠵᠢᠯᠲᠡᠨ ᠲᠣᠰ ᠲᠣᠰ 《ᠦᠵᠡᠯ ᠰᠠᠨᠠᠭ᠎ᠠ ᠤᠯᠤᠰ ᠲᠥᠷᠥ᠎ᠶᠢᠨ ᠬᠠᠮ ᠬᠢᠴᠢᠶᠡᠯ 》 ᠤ᠋ᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠨᠢᠳᠦᠨ ᠳ᠋ᠤ ᠦᠵᠡᠭᠳᠡᠮ᠎ᠡ ᠰᠡᠳᠬᠢᠯ ᠳ᠋ᠤ ᠰᠠᠭᠤᠭᠳᠠᠮ᠎ᠠ ᠴᠤᠭᠴᠠᠯᠠᠬᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠨ ᠢ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠬᠦ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ᠎ᠤᠨ ᠬᠤᠭᠤᠴᠠᠭᠠᠨ ᠳᠤ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠪᠠᠰᠠ 《ᠬᠥᠬᠡᠮᠳᠦᠭ ᠠᠭᠤᠯᠠ ᠬᠡᠷᠡᠴᠢᠯᠡᠨᠡᠮ 》 ᠭᠡᠬᠦ ᠨᠠᠮ ᠤᠨ ᠬᠢᠴᠢᠶᠡᠯ ᠢ ᠰᠣᠨᠢᠷᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠳᠤᠷᠠᠰᠬᠠᠯ ᠤᠨ ᠣᠷᠳᠣᠨ᠂ ᠨᠠᠮ᠎ᠤᠨ ᠵᠠᠭᠤᠨ ᠵᠢᠯ᠎ᠦᠨ ᠦᠨᠳᠦᠰᠦᠲᠡᠨ ᠦ ᠠᠵᠢᠯ ᠤᠨ ᠲᠣᠮᠣ᠌ ᠬᠡᠷᠡᠭ ᠶᠠᠪᠤᠳᠠᠯ᠎ᠤᠨ ᠦᠵᠡᠰᠬᠦᠯᠡᠩ᠎ᠢ ᠲᠣᠭᠣᠷᠢᠨ ᠦᠵᠡᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠵᠢᠭᠠᠬᠤ ᠮᠠᠲᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠢ᠎ᠵᠢ ᠵᠡᠪᠰᠡᠭᠯᠡᠬᠦ ᠠᠵᠢᠯ ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠨᠠᠮ᠎ᠤᠨ ᠰᠢᠨᠡᠡᠭᠦᠳᠦᠯᠲᠡᠵᠢᠨ ᠤᠨᠤᠯ᠎ᠢᠶᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠰᠢᠨ᠎ᠡ ᠡᠭᠦᠳᠦᠯᠲᠡ᠎ᠵᠢᠨ ᠤᠨᠤᠯ᠎ᠤᠨ ᠰᠢᠰᠲ᠋ᠧᠮ᠎ᠳᠤ ᠰᠤᠳᠤᠯᠭᠠᠨ ᠢ᠋ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ; ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ᠎ᠪᠡᠷ ᠦᠨᠳᠦᠰᠦ ᠪᠣᠯᠭᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠪᠣᠯᠣᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠤᠯᠤᠰ ᠲᠦᠷᠦ᠎ᠶᠢ ᠵᠡᠷᠭᠡ ᠪᠡᠷ ᠬᠥᠭᠵᠢᠭᠦᠯᠬᠦ᠎ᠶᠢ ᠪᠠᠷᠢᠮᠲᠠᠯᠠᠬᠤ ᠬᠡᠷᠡᠭᠲᠡᠢ; ᠰᠢᠨ᠎ᠡ ᠴᠠᠭ ᠦᠶ᠎ᠡ᠎ᠶᠢᠨ ᠦᠢᠯᠡᠳᠦᠯᠭᠡ᠎ᠶᠢᠨ 《ᠪᠠᠶᠠᠨ ᠠᠭᠤᠷᠬᠠᠢ 》 ᠶ᠋ᠢ ᠠᠭᠤᠳᠠᠯᠬᠤ᠎ᠪᠠᠷ ᠬᠥᠳᠡᠯᠭᠡᠬᠦ ᠬᠦᠴᠦᠨ ᠪᠣᠯᠭᠠᠵᠤ᠂ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠶᠢ ᠴᠥᠬᠥᠷᠡᠰᠢ ᠦᠭᠡᠢ ᠪᠠᠷᠢᠮᠲᠠᠯᠠᠬᠤ ᠬᠡᠷᠡᠭᠲᠡᠢ; ᠨᠠᠮ ᠤᠨ ᠤᠳᠤᠷᠢᠳᠤᠯᠭ᠎ᠠ᠎ᠶᠢ ᠪᠦᠬᠦ ᠲᠠᠯ᠎ᠠ᠎ᠪᠠᠷ ᠴᠢᠩᠭᠠᠳᠬᠠᠬᠤ᠎ᠪᠠᠷ ᠦᠨᠳᠦᠰᠦ ᠪᠣᠯᠭᠠᠵᠤ᠂ ᠬᠥᠮᠥᠨ ᠢ ᠬᠥᠮᠥᠵᠢᠭᠦᠯᠬᠦ ᠬᠦᠴᠦᠷᠬᠡᠭ ᠶᠡᠬᠡ ᠬᠠᠮᠲᠤᠷᠠᠯ ᠬᠦᠴᠦᠨ ᠢ ᠨᠢᠭ᠍ᠲᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃
ᠪᠦᠬᠦ ᠣᠷᠣᠨ ᠤ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠮᠠᠷᠺᠰ ᠤᠨ ᠦᠵᠡᠯ ᠦᠨ ᠳᠡᠭᠡᠳᠦ ᠰᠤᠷᠭᠠᠭᠤᠯᠢ᠎ᠶᠢᠨ ᠬᠠᠷᠢᠭᠤᠴᠠᠯᠭᠠᠲᠠᠨ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠦᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠵᠡᠷᠭᠡ 140 ᠭᠠᠷᠤᠢ ᠬᠥᠮᠥᠨ ᠬᠤᠷᠠᠯ᠎ᠳᠤ ᠣᠷᠣᠯᠴᠠᠵᠤ᠂ ᠪᠦᠬᠦ ᠣᠷᠣᠨ᠎ᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ 2 ᠲᠦᠮᠡ ᠭᠠᠷᠤᠢ ᠪᠠᠭ᠍ᠰᠢ ᠰᠦᠯᠵᠢᠶᠡᠨ ᠳᠡᠭᠡᠷ᠎ᠡ ᠰᠤᠷᠤᠯᠴᠠᠪᠠ᠃