8 ᠰᠠᠷ᠎ᠠ᠎ᠶᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ 《2026 ᠳᠤᠮᠳᠠᠳᠤ ᠤᠯᠤᠰ᠎ᠲᠤ᠌ ᠰᠠᠭᠤᠭ᠎ᠠ ᠠᠹᠷᠢᠺᠠ ᠲᠢᠪ᠎ᠦᠨ ᠤᠯᠤᠰ᠎ᠤᠳ᠎ᠤᠨ ᠡᠯᠴᠢᠨ ᠰᠠᠢᠳ᠎ᠤᠨ ᠲᠤᠭᠤᠷᠢᠨ ᠶᠠᠷᠢᠶ᠎ᠠ ᠢᠯᠡᠳᠭᠡᠯ ᠬᠢᠬᠦᠢ·ᠥᠪᠥᠷ ᠮᠣᠩᠭᠣᠯ》ᠠᠵᠢᠯᠯᠠᠭ᠎ᠠ ᠳ᠋ᠤ ᠤᠷᠤᠯᠴᠠᠬᠤ ᠪᠡᠷ ᠢᠷᠡᠭᠰᠡᠨ ᠮᠠᠦ᠋ᠷᠢᠲ᠋ᠠᠨᠢᠶ᠎ᠠ᠂ ᠮᠠᠯᠠᠸᠢ᠂ ᠺᠸᠨᠢᠶᠠ᠂ ᠮᠣᠽᠠᠮᠪᠢᠺ᠂ ᠨᠢᠭ᠌ᠸᠷᠢᠶᠠ ᠵᠡᠷᠭᠡ ᠤᠯᠤᠰ᠎ᠤᠨ ᠳᠤᠮᠳᠠᠳᠤ ᠤᠯᠤᠰ᠎ᠲᠤ᠌ ᠰᠠᠭᠤᠭ᠎ᠠ ᠡᠯᠴᠢᠨ ᠰᠠᠢᠳ᠎ᠲᠠᠶ ᠠᠭᠤᠯᠵᠠᠪᠠ᠃

8 ᠰᠠᠷ᠎ᠠ᠎ᠶᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ 《 2026 ᠳᠤᠮᠳᠠᠳᠤ ᠤᠯᠤᠰ᠎ᠲᠤ᠌ ᠰᠠᠭᠤᠭ᠎ᠠ ᠠᠹᠷᠢᠺᠠ ᠲᠢᠪ᠎ᠦᠨ ᠤᠯᠤᠰ᠎ᠤᠳ᠎ᠤᠨ ᠡᠯᠴᠢᠨ ᠰᠠᠢᠳ᠎ᠤᠨ ᠲᠤᠭᠤᠷᠢᠨ ᠶᠠᠷᠢᠶ᠎ᠠ ᠢᠯᠡᠳᠭᠡᠯ ᠬᠢᠬᠦᠢ· ᠥᠪᠥᠷ ᠮᠣᠩᠭᠣᠯ 》 ᠠᠵᠢᠯᠯᠠᠭ᠎ᠠ ᠳ᠋ᠤ ᠤᠷᠤᠯᠴᠠᠬᠤ ᠪᠡᠷ ᠢᠷᠡᠭᠰᠡᠨ ᠮᠠᠦ᠋ᠷᠢᠲ᠋ᠠᠨᠢᠶ᠎ᠠ᠂ ᠮᠠᠯᠠᠸᠢ᠂ ᠺᠸᠨᠢᠶᠠ᠂ ᠮᠣᠽᠠᠮᠪᠢᠺ᠂ ᠨᠢᠭ᠌ᠸᠷᠢᠶᠠ ᠵᠡᠷᠭᠡ ᠤᠯᠤᠰ᠎ᠤᠨ ᠳᠤᠮᠳᠠᠳᠤ ᠤᠯᠤᠰ᠎ᠲᠤ᠌ ᠰᠠᠭᠤᠭ᠎ᠠ ᠡᠯᠴᠢᠨ ᠰᠠᠢᠳ᠎ᠲᠠᠶ ᠠᠭᠤᠯᠵᠠᠪᠠ᠃
ᠲᠤᠰ ᠰᠤᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠬᠥᠲᠡᠷᠯᠡᠪᠡ
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠡᠯᠴᠢᠨ ᠰᠠᠢᠳ ᠨᠠᠷ ᠤ᠋ᠨ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠤᠢ᠌ᠷ᠎ᠠ᠎ᠶᠢᠨ ᠵᠢᠯ᠎ᠡᠴᠡ᠂ ᠲᠡᠷᠢᠭᠦᠯᠡᠭᠴᠢ ᠰᠢ ᠵᠢᠨ ᠫᠢᠩ ᠪᠣᠯᠤᠨ ᠠᠹᠷᠢᠺᠠ ᠲᠢᠪ᠎ᠦᠨ ᠡᠯ᠎ᠡ ᠤᠯᠤᠰ᠎ᠤᠨ ᠤᠳᠤᠷᠢᠳᠬᠤ ᠬᠥᠮᠦᠰ᠎ᠦᠨ ᠬᠠᠮᠲᠤᠪᠡᠷ ᠵᠢᠷᠤᠵᠤ ᠲᠥᠯᠥᠪᠯᠡᠡ ᠬᠦᠳᠦᠯᠦᠨ ᠲᠠᠭᠠᠭᠤᠯᠤᠬᠰᠠᠨ᠎ᠢᠶᠡᠷ᠂ ᠳᠤᠮᠳᠠᠳᠤ ᠠᠹᠷᠢᠺᠠ᠎ᠶᠢᠨ ᠠᠷᠠᠳ ᠲᠦᠮᠡᠨ ᠶᠠᠪᠤᠬᠤ ᠲᠤᠳᠤᠮ ᠳᠣᠲᠣᠨᠣ ᠪᠤᠯᠵᠤ᠂ ᠳᠤᠮᠳᠠᠳᠤ ᠠᠹᠷᠢᠺᠠ᠎ᠶᠢᠨ ᠬᠠᠮᠲᠤᠷᠠᠯᠴᠠᠭ᠎ᠠ ᠶᠠᠪᠤᠬᠤ ᠲᠤᠳᠤᠮ ᠥᠷᠭᠡᠵᠢᠵᠦ᠍᠂ ᠳᠤᠮᠳᠠᠳᠤ ᠠᠹᠷᠢᠺᠠ᠎ᠶᠢᠨ ᠨᠥᠬᠥᠷᠯᠡᠯ ᠶᠠᠪᠤᠬᠤ ᠲᠤᠳᠤᠮ ᠭᠦᠨᠵᠡᠭᠡᠶ᠋ᠢᠷᠡᠪᠡ᠃ ᠲᠡᠷᠢᠭᠦᠯᠡᠭᠴᠢ ᠰᠢ ᠵᠢᠨ ᠫᠢᠩ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠳᠤ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠵᠢ ᠪᠥᠲᠥᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠣᠯᠭᠣᠪᠠ᠃ ᠲᠡᠷᠢᠭᠦᠯᠡᠭᠴᠢ ᠰᠢ ᠵᠢᠨ ᠫᠢᠩ᠎ᠦᠨ ᠬᠠᠯᠠᠮᠵᠢᠯᠠᠯ ᠪᠣᠯᠤᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠲᠦᠷᠭᠡᠨ ᠳᠠᠪᠰᠢᠯᠲᠠ᠎ᠲᠠᠶ ᠪᠤᠯᠵᠤ᠂ ᠠᠵᠤ ᠠᠬᠤᠢ ᠲᠦᠷᠭᠡᠨ ᠬᠥᠭᠵᠢᠵᠦ᠍᠂ ᠠᠮᠢ ᠠᠬᠤᠢ ᠦᠷᠭᠦᠯᠵᠢᠯᠡᠨ ᠰᠠᠶ᠋ᠢᠵᠢᠷᠠᠵᠤ᠂ ᠠᠵᠤ ᠦᠢᠯᠡᠰ ᠲᠣᠭᠲᠠᠭᠤᠨ᠎ᠢᠶᠠᠷ ᠳᠡᠰ ᠳᠡᠪᠰᠢᠵᠦ᠍᠂ ᠨᠡᠭᠡᠭᠡᠯᠲᠡ᠎ᠶᠢᠨ ᠠᠯᠬᠤᠮ ᠲᠦᠷᠭᠡᠳᠴᠦ᠍᠂ ᠠᠷᠠᠳ᠎ᠤᠨ ᠠᠮᠢᠳᠤᠷᠠᠯ ᠲᠠᠰᠤᠷᠠᠯᠲᠠ ᠦᠭᠡᠢ ᠰᠠᠶ᠋ᠢᠵᠢᠷᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠦᠢᠯᠡᠳᠦᠯᠭᠡ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠢ᠋ ᠢᠯᠡᠷᠡᠭᠦᠯᠪᠡ᠃ ᠣᠳᠣᠬᠠᠨ᠎ᠳᠤ᠂ ᠪᠢᠳᠡ ᠶᠠᠭ ᠲᠡᠷᠢᠭᠦᠯᠡᠭᠴᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂《ᠨᠢᠭᠡ ᠪᠦᠰᠡ ᠨᠢᠭᠡ ᠵᠠᠮ》᠎ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠤᠷᠴᠢᠯ᠎ᠢ ᠨᠡᠪᠲᠡᠷᠡᠭᠦᠯᠬᠦ ᠳᠤᠮᠳᠠ ᠨᠠᠩ ᠶᠡᠬᠡ ᠦᠢᠯᠡᠳᠦᠯ ᠦᠵᠡᠭᠦᠯᠬᠦ᠎ᠪᠡᠷ ᠴᠢᠷᠮᠠᠢᠵᠤ ᠪᠠᠢᠨ᠎ᠠ᠃ ᠥᠪᠥᠷ ᠮᠣᠩᠭᠣᠯ ᠳᠤᠷᠠᠲᠠᠶ᠎ᠠ ᠮᠠᠦ᠋ᠷᠢᠲ᠋ᠠᠨᠢᠶ᠎ᠠ᠂ ᠮᠠᠯᠠᠸᠢ᠂ ᠺᠸᠨᠢᠶᠠ᠂ ᠮᠣᠽᠠᠮᠪᠢᠺ᠂ ᠨᠢᠭ᠌ᠸᠷᠢᠶᠠ ᠵᠡᠷᠭᠡ᠎ᠶᠢ ᠪᠠᠭᠲᠠᠭᠠᠭᠰᠠᠨ ᠠᠹᠷᠢᠺᠠ ᠲᠢᠪ᠎ᠦᠨ ᠡᠯ᠎ᠡ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ ᠯᠤᠭ᠎ᠠ ᠤᠯᠠᠮ ᠨᠢᠭᠡ ᠠᠯᠬᠤᠮ ᠨᠥᠬᠥᠷᠰᠡᠭ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ ᠠᠹᠷᠢᠺᠠ ᠲᠢᠪ᠎ᠦᠨ 53 ᠤᠯᠤᠰ᠎ᠡᠴᠡ ᠪᠣᠭᠣᠮᠲᠠ᠎ᠶᠢᠨ ᠭᠠᠢᠯᠢ ᠥᠯᠥ ᠲᠠᠲᠠᠪᠤᠷᠢᠯᠠᠬᠤ ᠠᠷᠭ᠎ᠠ ᠬᠡᠮᠵᠢᠶ᠎ᠡ ᠪᠣᠯᠣᠨ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠠᠶ᠋ᠢᠭᠤᠯᠬᠤ ᠠᠵᠠ ᠲᠣᠬᠢᠶᠠᠯᠳᠤ ᠲᠦᠰᠢᠭᠯᠡᠵᠦ᠂ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠂ ᠠᠮᠢ ᠠᠬᠤᠢ᠎ᠶᠢᠨ ᠵᠠᠰᠠᠯᠲᠠ᠂ ᠠᠭᠤᠷᠬᠠᠢ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠬᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠵᠡᠷᠭᠡ ᠬᠦᠷᠢᠶᠡᠨ᠎ᠳ᠋ᠡᠬᠢ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠰᠢᠨ᠎ᠡ ᠴᠠᠭ ᠦᠶ᠎ᠡ᠎ᠶᠢᠨ ᠦᠨᠢᠳᠡ ᠵᠢᠨ ᠳᠤᠮᠳᠠᠳᠤ ᠠᠹᠷᠢᠺᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠪᠡ᠃
ᠳᠤᠮᠳᠠᠳᠤ ᠤᠯᠤᠰ᠎ᠲᠤ ᠰᠠᠭᠤᠭ᠎ᠠ ᠮᠠᠦ᠋ᠷᠢᠲ᠋ᠠᠨᠢᠶ᠎ᠠ᠎ᠶᠢᠨ ᠡᠯᠴᠢᠨ ᠰᠠᠢᠳ ᠸᠢᠯᠠᠯᠢ᠂ ᠳᠤᠮᠳᠠᠳᠤ ᠤᠯᠤᠰ᠎ᠲᠤ ᠰᠠᠭᠤᠭ᠎ᠠ ᠮᠠᠯᠠᠸᠢ᠎ᠶᠢᠨ ᠡᠯᠴᠢᠨ ᠰᠠᠢᠳ ᠴᠢᠨᠲ᠋ᠠᠢ᠍ᠢᠵᠠ᠂ ᠳᠤᠮᠳᠠᠳᠤ ᠤᠯᠤᠰ᠎ᠲᠤ ᠰᠠᠭᠤᠭ᠎ᠠ ᠺᠸᠨᠢᠶᠠ᠎ᠶᠢᠨ ᠡᠯᠴᠢᠨ ᠰᠠᠢᠳ ᠪᠸᠢᠢᠲᠸ᠂ ᠳᠤᠮᠳᠠᠳᠤ ᠤᠯᠤᠰ᠎ᠲᠤ ᠰᠠᠭᠤᠭ᠎ᠠ ᠮᠤᠽᠠᠮᠪᠢᠺ᠎ᠤᠨ ᠡᠯᠴᠢᠨ ᠰᠠᠢᠳ ᠭᠦᠩᠰᠠᠷᠸᠢᠰ᠂ ᠳᠤᠮᠳᠠᠳᠤ ᠤᠯᠤᠰ᠎ᠲᠤ ᠰᠠᠭᠤᠭ᠎ᠠ ᠨᠢᠭ᠌ᠸᠷᠢᠶᠠ ᠵᠢᠨ ᠡᠯᠴᠢᠨ ᠰᠠᠢᠳ ᠳ᠋ᠠᠮᠪᠠᠽᠤᠦ ᠤᠷᠢᠳ ᠬᠣᠵᠢᠳ ᠦᠭᠡ ᠬᠡᠯᠡᠵᠦ᠂ ᠥᠪᠥᠷ ᠮᠣᠩᠭᠣᠯ᠎ᠤᠨ ᠬᠠᠯᠠᠭᠤᠮᠰᠤᠭ᠎ᠢᠶᠠᠷ ᠬᠦᠯᠢᠶᠡᠨ ᠠᠪᠴᠤ ᠵᠣᠴᠢᠯᠠᠭᠰᠠᠨ᠎ᠳᠤ ᠴᠢᠩ ᠰᠡᠳᠬᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠤᠯᠠᠨ᠎ᠢᠶᠠᠷ᠎ᠢᠶᠠᠨ᠂ ᠠᠹᠷᠢᠺᠠ ᠳᠤᠮᠳᠠᠳᠤ᠎ᠶᠢᠨ ᠨᠥᠬᠥᠷᠯᠡᠯ ᠥᠨᠢ ᠤᠳᠠᠭᠠᠨ ᠲᠡᠦᠬᠡ᠎ᠲᠠᠢ ᠶᠤᠮ᠂ ᠣᠢᠷ᠎ᠠ᠎ᠶᠢᠨ ᠵᠢᠯ᠎ᠡᠴᠡ ᠠᠹᠷᠢᠺᠠ ᠲᠢᠪ᠎ᠦᠨ ᠡᠯ᠎ᠡ ᠤᠯᠤᠰ ᠬᠢᠬᠡᠳ ᠳᠤᠮᠳᠠᠳᠤ ᠤᠯᠤᠰ᠎ᠤᠨ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ ᠰᠣᠯᠢᠯᠴᠠᠭ᠎ᠠ ᠶᠠᠪᠤᠬᠤ ᠲᠤᠳᠤᠮ ᠥᠷᠭᠡᠵᠢᠪᠡ᠃ ᠡᠨᠡ ᠵᠢᠯ ᠪᠤᠯ ᠶᠠᠭ ᠰᠠᠢᠬᠠᠨ ᠠᠹᠷᠢᠺᠠ ᠳᠤᠮᠳᠠᠳᠤ ᠵᠢᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 70 ᠵᠢᠯ᠎ᠦᠨ ᠤᠢ ᠪᠣᠯᠣᠨ᠎ᠠ᠂ ᠳᠤᠷᠠᠲᠠᠶ᠎ᠠ 《2026 ᠳᠤᠮᠳᠠᠳᠤ ᠤᠯᠤᠰ᠎ᠲᠤ᠌ ᠰᠠᠭᠤᠭ᠎ᠠ ᠠᠹᠷᠢᠺᠠ ᠲᠢᠪ᠎ᠦᠨ ᠤᠯᠤᠰ᠎ᠤᠳ᠎ᠤᠨ ᠡᠯᠴᠢᠳ ᠰᠠᠢᠳ᠎ᠤᠨ ᠲᠤᠭᠤᠷᠢᠨ ᠶᠠᠷᠢᠶ᠎ᠠ ᠢᠯᠡᠳᠭᠡᠯ ᠬᠢᠬᠦᠢ·ᠥᠪᠥᠷ ᠮᠣᠩᠭᠣᠯ》ᠠᠵᠢᠯᠯᠠᠭ᠎ᠠ ᠦᠷᠨᠢᠬᠦᠯᠦᠭᠰᠡᠨ ᠵᠢᠡᠷ ᠠᠵᠠ ᠲᠣᠬᠢᠶᠠᠯ ᠪᠣᠯᠭᠠᠵᠤ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠹᠷᠢᠺᠠ ᠲᠢᠪ᠎ᠦᠨ ᠡᠯ᠎ᠡ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ᠎ᠤ ᠥᠪᠥᠷ ᠮᠣᠩᠭᠣᠯ ᠯᠤᠭ᠎ᠠ᠎ᠶᠢᠨ ᠣᠢᠯᠠᠭᠠᠯᠴᠠᠭ᠎ᠠ᠎ᠪᠠᠨ ᠤᠯᠠᠮ ᠨᠢᠭᠡ ᠠᠯᠬᠤᠮ ᠨᠡᠮᠡᠭᠳᠡᠭᠦᠯᠬᠦ᠂ ᠶᠠᠪᠤᠯᠴᠠᠭ᠎ᠠ᠎ᠪᠠᠨ ᠴᠢᠩᠭᠠᠳᠬᠠᠬᠤ᠎ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠂ ᠠᠭᠤᠷᠬᠠᠢ᠎ᠶᠢᠨ ᠭᠠᠷᠤᠯᠲᠠ᠂ ᠬᠢᠯᠢ ᠠᠯᠤᠰᠯᠠᠭᠰᠠᠨ ᠠᠷᠠᠯᠵᠢᠶ᠎ᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠲᠠᠰᠤᠷᠠᠯᠳᠡ ᠦᠭᠡᠢ ᠭᠦᠨᠵᠡᠭᠡᠢᠷᠡᠭᠦᠯᠵᠦ᠂ ᠬᠣᠶᠠᠷ ᠲᠠᠯ᠎ᠠ᠎ᠶᠢᠨ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ᠎ᠶᠢ ᠠᠬᠢᠭᠤᠯᠤᠨ᠎ᠠ ᠭᠡᠵᠦ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠥᠢ ᠬᠤᠢ ᠸᠸᠨ᠂ ᠢᠦᠢ ᠯᠢ ᠰᠢᠨ᠂ ᠰᠦᠬᠡ ᠣᠷᠣᠯᠴᠠᠵᠠᠢ᠃