ᠰᠣᠨᠢᠷᠬᠠᠯᠲᠦ ᠴᠢᠨᠠᠷ ᠪᠠ ᠥᠷᠢᠰᠦᠯᠳᠦᠭᠡᠨᠳᠦ ᠴᠢᠨᠠᠷ ᠲᠠᠢ ᠰᠢᠳᠠᠮ᠎ᠤᠨ ᠡᠷᠳᠡᠮ᠎ᠤᠨ ᠤᠷᠤᠯᠳᠤᠭᠠᠨ ᠡᠬᠢᠯᠡᠪᠡ
2026-08-12 09:36:24
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

ᠰᠢᠳᠠᠮ᠎ᠤᠨ ᠡᠷᠳᠡᠮ ᠪᠣᠯ ᠤᠯᠠᠮᠵᠢᠯᠠᠯᠲᠤ ᠵᠡᠪᠰᠡᠭ᠎ᠦᠨ ᠡᠷᠳᠡᠮ᠎ᠦᠨ ᠨᠢᠭᠡ ᠵᠦᠢᠯ ᠪᠥᠭᠡᠳ ᠰᠣᠨᠢᠷᠬᠠᠯᠲᠦ ᠴᠢᠨᠠᠷ ᠪᠠ ᠥᠷᠢᠰᠦᠯᠳᠦᠭᠡᠨᠲᠦ ᠴᠢᠨᠠᠷ᠎ᠢ ᠬᠠᠪᠰᠤᠷᠭᠠᠵᠤ ᠪᠠᠢᠳᠠᠭ᠃ 8 ᠰᠠᠷ᠎ᠠ᠎ᠶᠢᠨ 9᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠢᠳᠠᠮ᠎ᠤᠨ ᠡᠷᠳᠡᠮ᠎ᠤᠨ ᠤᠷᠤᠯᠳᠤᠭᠠᠨ ᠪᠤᠭᠤᠲᠤ ᠬᠣᠲᠠ᠎ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠤᠷᠳᠤᠨ᠎ᠳᠦ ᠡᠬᠢᠯᠡᠪᠡ᠃

4 ᠡᠳᠦᠷ ᠶᠠᠪᠤᠭᠳᠠᠬᠤ ᠲᠤᠰ ᠤᠳᠠᠭ᠎ᠠ᠎ᠶᠢᠨ ᠰᠢᠳᠠᠮ᠎ᠤᠨ ᠡᠷᠳᠡᠮ᠎ᠤᠨ ᠤᠷᠤᠯᠳᠤᠭᠠᠨ ᠳ᠋ᠤ ᠡᠷᠡᠭᠲᠡᠢ ᠡᠮᠡᠭᠲᠡᠢ᠎ᠶᠢᠨ ᠬᠥᠬᠡ ᠬᠥᠬᠡᠭᠴᠢᠨ ᠬᠡᠬᠦᠴᠢᠯᠡᠨ ᠲᠦᠷᠪᠡᠨ ᠶᠡᠬᠡ ᠳᠤᠭᠤᠢᠯᠠᠩ᠎ᠤᠨ 16 ᠪᠠᠭ᠎ᠠ ᠲᠦᠷᠦᠯ ᠵᠦᠢᠯ᠎ᠢ ᠲᠤᠬᠢᠷᠠᠭᠤᠯᠤᠭᠰᠠᠨ ᠪᠦᠭᠡᠳ ᠪᠦᠬᠦ ᠣᠷᠣᠨ᠎ᠤ 10 ᠠᠢᠮᠠᠭ ᠬᠤᠳᠠ᠎ᠶᠢᠨ 200 ᠭᠠᠷᠤᠢ ᠳᠠᠰᠬᠠᠯᠵᠢᠭᠤᠯᠤᠭ᠍ᠴᠢ᠂ ᠲᠠᠮᠢᠷᠴᠢᠨ ᠣᠷᠣᠯᠴᠠᠪᠠ᠃ ᠤᠷᠤᠯᠳᠤᠭᠠᠨ᠎ᠤ ᠲᠤᠬᠠᠢ᠎ᠶᠢᠨ ᠲᠠᠯᠠᠪᠠᠢ ᠡᠮᠬᠢ ᠳᠢᠭ᠌ᠯᠢᠮ᠎ᠲᠠᠢ ᠪᠠᠢᠵᠤ᠂ ᠬᠢᠨᠠᠭ᠍ᠴᠢ᠎ᠶᠢᠨ ᠪᠦᠯᠬᠦᠮ᠎ᠤᠷᠤᠯᠳᠤᠭᠠᠨ᠎ᠤ ᠪᠠᠷᠢᠮᠵᠢᠶ᠎ᠠ᠎ᠶᠢ ᠴᠢᠩᠭ᠎ᠠ ᠵᠢᠷᠤᠮᠯᠠᠨ ᠲᠥᠪ ᠭᠣᠣᠯᠴᠢ᠎ᠪᠠᠷ ᠬᠤᠪᠢ ᠤᠯᠭᠤᠵᠦ᠂ ᠤᠷᠤᠯᠳᠤᠭᠠᠨ᠎ᠤ ᠳᠦᠷᠢᠮᠵᠢᠯ᠎ᠲᠠᠢ ᠶᠠᠪᠤᠭᠳᠠᠬᠤ᠎ᠶᠢ ᠪᠠᠲᠤᠯᠠᠪᠠ᠃

ᠲᠤᠰ ᠬᠤᠭᠤᠴᠠᠭᠠᠨ᠎ᠤ ᠤᠷᠤᠯᠳᠤᠭᠠᠨ ᠪᠣᠯ ᠪᠦᠬᠦ ᠣᠷᠣᠨ᠎ᠤ ᠵᠠᠯᠠᠭᠤᠴᠤᠳ ᠪᠠᠭᠠᠴᠤᠳ᠎ᠤᠨ ᠵᠡᠪᠰᠡᠭ᠎ᠤᠨ ᠡᠷᠳᠡᠮ᠎ᠤᠨ ᠪᠣᠯᠪᠠᠰᠤᠷᠠᠯ᠎ᠤᠨ ᠦᠷ᠎ᠡ ᠪᠦᠲᠦᠭᠡᠯ ᠢ᠋ ᠲᠥᠪᠯᠡᠷᠡᠩᠭᠦᠢ ᠰᠢᠯᠭᠠᠨ ᠦᠵᠡᠬᠦ ᠨᠢᠭᠡ ᠤᠳᠠᠭᠠᠨ᠎ᠤ ᠤᠷᠤᠯᠳᠤᠭᠠᠨ ᠪᠣᠯᠬᠤ ᠪᠥᠭᠡᠳ ᠪᠠᠰᠠ ᠡᠯ᠎ᠡ ᠭᠠᠵᠠᠷ᠎ᠤᠨ ᠲᠠᠮᠢᠷᠴᠢᠳ᠎ᠲᠤ ᠤᠷ᠎ᠠ ᠮᠡᠷᠭᠡᠵᠢᠯ᠎ᠢᠶᠡᠨ ᠰᠣᠯᠢᠯᠴᠠᠬᠤ᠂ ᠬᠠᠷᠢᠯᠴᠠᠨ ᠰᠤᠷᠤᠯᠴᠠᠬᠤ᠂ ᠰᠣᠯᠢᠯᠴᠠᠭ᠎ᠠ᠎ᠪᠠᠨ ᠨᠡᠮᠡᠭᠳᠡᠭᠦᠯᠬᠦ ᠰᠢᠯᠢᠳᠡᠭ ᠲᠠᠪᠴᠠᠩ᠎ᠪᠤᠯᠵᠠᠢ᠃ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠭᠰᠡᠨ ᠴᠢᠨᠠᠷᠲᠠᠢ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠲᠠᠪᠴᠠᠩ᠎ᠳᠤ ᠲᠦᠰᠢᠭᠯᠡᠨ ᠳᠤᠮᠳᠠᠳᠤ᠎ᠶᠢᠨ ᠵᠡᠪᠰᠡᠭ᠎ᠤᠨ ᠡᠷᠳᠡᠮ᠎ᠤᠨ ᠰᠢᠯᠢᠳᠡᠭ ᠤᠯᠠᠮᠵᠢᠯᠠᠯᠲᠤ ᠰᠣᠶᠣᠯ᠎ᠢ ᠢᠳᠡᠪᠬᠢᠲᠡᠢ ᠤᠯᠠᠮᠵᠢᠯᠠᠨ ᠪᠠᠳᠠᠷᠠᠭᠤᠯᠵᠤ᠂ ᠵᠡᠪᠰᠡᠭ᠎ᠤᠨ ᠡᠷᠳᠡᠮ᠎ᠤᠨ ᠬᠥᠳᠡᠯᠭᠡᠭᠡᠨ᠎ᠢ ᠮᠠᠨ᠎ᠤ ᠣᠷᠣᠨ᠎ᠳᠦ ᠲᠦᠭᠡᠮᠡᠯᠵᠢᠭᠦᠯᠦᠨ ᠳᠡᠯᠭᠡᠷᠡᠭᠦᠯᠬᠦ᠎ᠶᠢ ᠦᠷᠭᠦᠯᠵᠢᠯᠡᠨ ᠠᠬᠢᠭᠤᠯᠵᠤ᠂ ᠵᠡᠪᠰᠡᠭ᠎ᠤᠨ ᠡᠷᠳᠡᠮ᠎ᠤᠨ ᠪᠡᠯᠡᠳᠬᠡᠯ ᠴᠢᠳᠠᠪᠤᠷᠢᠲᠠᠨ᠎ᠤ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号