ᠥᠪᠥᠷ ᠮᠣᠩᠭᠣᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠥᠪᠥᠷ ᠮᠣᠩᠭᠣᠯ ᠤ᠋ᠨ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠪᠣᠳᠠᠲᠠᠶ ᠠᠷᠭ᠎ᠠ ᠬᠡᠮᠵᠢᠶ᠎ᠡ ᠠᠪᠤᠨ ᠥᠨᠳᠥᠷ ᠪᠠᠷᠢᠮᠵᠢᠶ᠎ᠠ ᠪᠡᠷ ᠨᠢᠭᠡᠳᠦᠯᠲᠡᠶ ᠲᠥᠯᠥᠪᠵᠢᠭᠦᠯᠵᠦ᠍᠂ ᠣᠶᠤᠨᠴᠢ ᠦᠢᠯᠡᠴᠢᠯᠡᠭᠡᠨ ᠤ᠋ ᠲᠠᠪᠴᠠᠩ ᠪᠠᠶ᠋ᠢᠭᠤᠯᠤᠨ᠂ ᠬᠣᠯᠪᠣᠭᠠᠯᠠᠨ ᠰᠡᠷᠭᠡᠶ᠋ᠢᠯᠡᠵᠦ᠍ ᠬᠣᠯᠪᠣᠭᠠᠯᠠᠨ ᠬᠥᠳᠡᠯᠦᠯᠴᠡᠬᠦ᠌ ᠲᠤᠤᠷ ᠢ᠋ ᠨᠢᠭᠲᠠ ᠰᠦᠯᠵᠢᠵᠦ᠍᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠳ᠋ᠤ ᠪᠠᠲᠤ᠌ ᠴᠢᠩᠭ᠎ᠠ ᠴᠠᠭ ᠠᠭᠤᠷ ᠤ᠋ᠨ ᠪᠠᠲᠤᠯᠠᠭ᠎ᠠ ᠬᠠᠩᠭᠠᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠤ᠋ ᠴᠠᠭ ᠠᠭᠤᠷ ᠤ᠋ᠨ ᠦᠢᠯᠡᠴᠢᠯᠡᠭᠡᠨ ᠤ᠋ ᠲᠤᠰᠬᠠᠶ ᠠᠩᠭᠢ ᠪᠠᠶ᠋ᠢᠭᠤᠯᠤᠨ᠂ ᠶᠡᠷᠦᠩᠬᠡᠶ᠋ᠢᠯᠡᠨ ᠵᠣᠬᠢᠴᠠᠭᠤᠯᠬᠤ᠂ ᠤᠷᠢᠳᠴᠢᠯᠠᠨ ᠮᠡᠳᠡᠭᠡᠯᠡᠬᠦ᠌ ᠦᠢᠯᠡᠴᠢᠯᠡᠭᠡ ᠬᠠᠡᠭᠭᠠᠬᠤ᠂ ᠶᠡᠷᠦᠩᠬᠡᠶ᠋ᠢᠯᠡᠨ ᠪᠠᠲᠤᠯᠠᠬᠤ᠂ ᠮᠡᠳᠡᠭᠡ ᠵᠠᠩᠭᠢ ᠢ᠋ᠢᠨ ᠤᠬᠠᠭᠤᠯᠭ᠎ᠠ ᠬᠢᠬᠦ᠌ 4 ᠲᠤᠰᠬᠠᠶ ᠳᠤᠭᠤᠶ᠋ᠢᠯᠠᠩ ᠪᠠᠶ᠋ᠢᠭᠤᠯᠵᠤ᠂ ᠠᠵᠢᠯ ᠤ᠋ᠨ ᠬᠤᠪᠢᠶᠠᠷᠢᠯᠠᠯ ᠲᠣᠳᠣᠷᠬᠠᠶ᠂ ᠠᠵᠢᠯᠯᠠᠭᠠᠨ ᠥᠨᠳᠥᠷ ᠪᠦᠲᠦᠮᠵᠢᠲᠡᠶ ᠵᠢᠯᠣᠭᠣᠳᠬᠤ ᠰᠢᠰᠲ᠋ᠧᠮ ᠢ᠋ ᠪᠦᠷᠢᠯᠳᠦᠬᠦᠯᠪᠡ; ᠣᠶᠤᠨᠴᠢ ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠢ᠋ᠢ ᠨᠢᠭᠡ ᠴᠣᠭᠴᠠᠵᠢᠭᠤᠯᠤᠭᠰᠠᠨ ᠲᠤᠬᠠᠶ᠋ᠢᠯᠠᠭᠰᠠᠨ ᠠᠵᠢᠯ ᠤ᠋ᠨ ᠲᠠᠪᠴᠠᠩᠳᠤ ᠲᠦᠰᠢᠭᠯᠡᠨ《ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠤ᠋ ᠴᠠᠭ ᠠᠭᠤᠷ ᠤ᠋ᠨ ᠦᠢᠯᠡᠴᠢᠯᠡᠭᠡᠨ ᠤ᠋ ᠪᠠᠲᠤᠯᠠᠭ᠎ᠠ ᠢ᠋ᠢᠨ ᠲᠠᠪᠴᠠᠩ》 ᠢ᠋ ᠪᠡᠶ᠎ᠡ ᠪᠡᠨ ᠳᠠᠭᠠᠭᠠᠨ ᠰᠤᠳᠤᠯᠤᠨ ᠨᠡᠭᠡᠭᠡᠵᠦ᠍᠂ ᠤᠷᠤᠯᠳᠤᠭᠠᠨ ᠤ᠋ ᠦᠢᠯᠡᠴᠢᠯᠡᠭᠡᠨ ᠤ᠋ ᠲᠤᠰᠬᠠᠶ ᠪᠤᠯᠤᠩ ᠭᠠᠷᠭᠠᠨ᠂ ᠤᠷᠤᠯᠳᠤᠭᠠᠨ ᠤ᠋ ᠪᠥᠬᠥ᠌ ᠲᠠᠯᠠᠪᠤᠷ ᠣᠷᠳᠣᠨ ᠳ᠋ᠤ ᠨᠠᠷᠢᠨ ᠤᠨᠤᠴᠠᠲᠠᠢ ᠴᠠᠭ ᠠᠭᠤᠷ ᠤ᠋ᠨ ᠤᠷᠢᠳᠴᠢᠯᠠᠬᠰᠠᠨ ᠮᠡᠳᠡᠭᠡ ᠵᠢ ᠬᠠᠡᠭᠭᠠᠵᠤ ᠪᠠᠢᠨ᠎ᠠ; ᠣᠯᠠᠨ ᠡᠬᠢᠲᠦ᠍ ᠲᠣᠭ᠎ᠠ ᠪᠠᠷᠢᠮᠲᠠ ᠳ᠋ᠤ ᠰᠠᠭᠤᠷᠢᠯᠠᠭᠰᠠᠨ ᠪᠣᠰᠣᠭ᠎ᠠ ᠴᠣᠭᠴᠠᠲᠤ᠌ ᠬᠢᠨᠠᠨ ᠬᠡᠮᠵᠢᠬᠦ᠌ ᠲᠤᠤᠷ ᠢ᠋ ᠪᠦᠷᠢᠯᠳᠦᠭᠦᠯᠵᠦ᠍᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠴᠢᠳᠠᠪᠤᠷᠢ ᠢ᠋ᠢ ᠪᠦᠲᠦᠮᠵᠢᠲᠡᠶ ᠳᠡᠭᠡᠭᠰᠢᠯᠡᠭᠦᠯᠵᠦ᠍᠂ ᠨᠠᠷᠢᠨ ᠪᠤᠳᠤᠯᠢᠶᠠᠨᠲᠠᠶ ᠭᠠᠵᠠᠷ ᠤ᠋ᠨ ᠪᠠᠶ᠋ᠢᠴᠠ ᠳᠤᠤᠷᠠᠬᠢ ᠬᠢᠨᠠᠨ ᠬᠡᠮᠵᠢᠯᠲᠡ ᠢ᠋ᠢᠨ ᠳᠤᠲᠠᠭᠤᠳᠠᠯ ᠢ᠋ ᠨᠥᠬᠥᠪᠥᠷᠢᠯᠡᠪᠡ; ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠠᠵᠢᠯ ᠤ᠋ᠨ ᠪᠠᠲᠤᠯᠠᠭ᠎ᠠ ᠢ᠋ᠢᠨ ᠬᠡᠷᠡᠭᠵᠢᠭᠦᠯᠬᠦ᠌ ᠲᠥᠰᠦᠯ ᠢ᠋ ᠳᠠᠷᠤᠮᠠᠯᠯᠠᠨ ᠲᠠᠷᠬᠠᠭᠠᠵᠤ᠂ ᠬᠤᠷᠠᠯ ᠤ᠋ᠨ ᠲᠠᠯᠠᠪᠠᠶ ᠢ᠋ᠢᠨ ᠡᠷᠬᠢᠨ ᠲᠣᠭᠣᠷᠢᠨ ᠳ᠋ᠤ 4 ᠠᠵᠢᠯ ᠤ᠋ᠨ ᠰᠡᠷᠭᠡᠶ᠋ᠢᠯᠡᠯᠲᠡ ᠢ᠋ᠢᠨ ᠱᠤᠭᠤᠮ ᠭᠠᠷᠭᠠᠨ ᠪᠤᠭᠤᠲᠤ᠌᠂ ᠬᠥᠬᠡᠬᠣᠲᠠ ᠪᠠ ᠣᠷᠳᠣᠰ ᠵᠡᠷᠭᠡ ᠣᠯᠠᠨ ᠭᠠᠵᠠᠷ ᠤ᠋ᠨ ᠠᠵᠢᠯ ᠤ᠋ᠨ ᠲᠣᠨᠣᠭ ᠲᠥᠬᠥᠭᠡᠷᠦᠮᠵᠢ ᠢ᠋ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠤᠷᠤᠯᠳᠤᠭᠠᠨ ᠤ᠋ ᠲᠣᠭᠲᠠᠭᠤᠨ ᠪᠥᠭᠡᠳ ᠡᠮᠬᠢ ᠵᠢᠷᠤᠮ ᠲᠠᠶ ᠶᠠᠪᠤᠭᠳᠠᠬᠤᠳᠤ ᠠᠮᠤᠷ ᠲᠦᠪᠰᠢᠨ ᠤ᠋ ᠪᠠᠲᠤᠯᠠᠭ᠎ᠠ ᠬᠠᠡᠭᠭᠠᠵᠤ ᠪᠤᠢ᠃
ᠤᠢᠯᠠᠭᠠᠭᠰᠠᠨ ᠢ᠋ᠢᠡᠷ᠂ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠰᠠᠯᠠᠭ᠎ᠠ ᠮᠦᠴᠢᠷ 4 ᠰᠠᠷ᠎ᠠ ᠢ᠋ᠢᠨ 20 ᠤ᠋ ᠡᠳᠦᠷ ᠡᠴᠡ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠡ ᠢ᠋ᠢᠨ ᠲᠠᠮᠢᠷ ᠤ᠋ᠨ ᠴᠤᠭᠯᠠᠭᠠᠨ ᠤ᠋ ᠴᠠᠭ ᠠᠭᠤᠷ ᠤ᠋ᠨ ᠦᠢᠯᠡᠴᠢᠯᠡᠭᠡ ᠢ᠋ᠢ ᠪᠦᠬᠦ᠌ ᠲᠠᠯ᠎ᠠ ᠪᠡᠷ ᠡᠬᠢᠯᠡᠭᠦᠯᠵᠦ᠍᠂ 8 ᠰᠠᠷ᠎ᠠ ᠢ᠋ᠢᠨ 8 ᠤ᠋ ᠡᠳᠦᠷ ᠪᠣᠯᠲᠠᠯ᠎ᠠ ᠲᠤᠰᠬᠠᠶ ᠦᠢᠯᠡᠴᠢᠯᠡᠭᠡᠨ ᠤ᠋ ᠦᠢᠯᠡᠳᠬᠦᠨ ᠢ᠋ ᠨᠡᠶ᠋ᠢᠲᠡ 120 ᠬᠤᠭᠤᠴᠠᠭ᠎ᠠ ᠨᠡᠶ᠋ᠢᠲᠡᠯᠡᠪᠠ᠃ ᠡᠭᠦᠨ ᠳ᠋ᠤ ᠭᠠᠯ ᠪᠠᠮᠪᠠᠷ ᠳᠠᠮᠵᠢᠭᠤᠯᠬᠤ ᠲᠤᠰᠬᠠᠶ ᠰᠡᠳᠦᠪᠲᠦ᠍ ᠦᠢᠯᠡᠳᠬᠦᠨ 10 ᠬᠤᠭᠤᠴᠠᠭ᠎ᠠ᠂ ᠵᠠᠮ ᠳᠠᠭᠠᠤ ᠳᠠᠭᠠᠭᠤᠯᠢ ᠣᠳᠣᠨ ᠤ᠋ ᠠᠯᠤᠰ ᠰᠡᠷᠡᠯ ᠤ᠋ᠨ ᠵᠢᠷᠤᠭ ᠳᠦᠷᠰᠦ ᠢ᠋ᠢᠨ ᠦᠢᠯᠡᠳᠬᠦᠨ 9 ᠬᠤᠭᠤᠴᠠᠭ᠎ᠠ ᠵᠡᠷᠬᠡ ᠪᠠᠭᠲᠠᠪᠠ᠃