ᠬᠥᠬᠡᠡᠡᠣᠲᠠ᠎ᠶᠢᠨ 《ᠴᠡᠷᠢᠭ ᠠᠷᠠᠳ ᠰᠡᠳᠬᠢᠯ ᠨᠢᠭᠡᠳᠦᠨ ᠤᠮᠠᠷᠠᠲᠤ ᠬᠢᠯᠢ᠎ᠶᠢ ᠬᠠᠮᠲᠤ᠎ᠪᠠᠷ ᠪᠦᠲᠦᠭᠡᠨ ᠪᠠᠶ᠋ᠢᠭᠤᠯᠬᠤ 》 ᠲᠣᠬᠣᠨᠢᠭᠤᠯᠬᠤ ᠲᠣᠭᠯᠠᠯᠲᠠ ᠶᠠᠪᠤᠭᠳᠠᠵᠠᠢ
2026-08-12 11:31:54
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠤᠢᠷ᠎ᠠ ᠳ᠋ᠤ ᠬᠥᠬᠡᠡᠡᠣᠲᠠ ᠎ᠶᠢᠨ ᠴᠡᠷᠢᠭ ᠎ᠦᠨ ᠠᠯᠪᠠ᠎ᠡᠴᠡ ᠬᠠᠯᠠᠭᠳᠠᠭᠰᠠᠳ ᠎ᠤᠨ ᠶᠠᠪᠤᠳᠠᠯ᠎ᠤᠨ ᠲᠣᠪᠴᠢᠶ᠎ᠠ᠂ ᠬᠥᠬᠡᠡᠡᠣᠲᠠ᠎ᠶᠢᠨ ᠰᠡᠷᠭᠡᠢᠯᠡᠯᠲᠡ᠎ᠶᠢᠨ ᠲᠣᠭᠣᠷᠢᠭ᠋ ᠎ᠤᠨ ᠤᠯᠤᠰ ᠲᠥᠷᠥ᠎ᠶᠢᠨ ᠠᠵᠢᠯ᠎ᠤᠨ ᠭᠠᠵᠠᠷ᠂ ᠬᠥᠬᠡᠡᠡᠣᠲᠠ᠎ᠶᠢᠨ ᠨᠠᠮ᠎ᠤᠨ ᠬᠣᠷᠢᠶ᠎ᠠ ᠵᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ ᠪᠠ ᠬᠣᠶᠠᠷ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠢᠯᠠᠩ᠎ᠤᠨ ᠠᠯᠪᠠᠨ ᠭᠡᠷ  ᠬᠠᠮᠳᠤᠷᠠᠨ ᠬᠥᠬᠡᠡᠡᠣᠲᠠ᠎ᠳᠤ 《ᠴᠡᠷᠢᠭ ᠠᠷᠠᠳ ᠰᠡᠳᠬᠢᠯ ᠨᠢᠭᠡᠳᠦᠨ ᠤᠮᠠᠷᠠᠲᠤ ᠬᠢᠯᠢ ᠎ᠶᠢ ᠬᠠᠮᠲᠤ ᠪᠠᠷ ᠪᠦᠲᠦᠭᠡᠨ ᠪᠠᠶ᠋ᠢᠭᠤᠯᠬᠤ》 ᠴᠡᠷᠢᠭ ᠪᠠᠢᠭᠤᠯᠤᠭᠳᠠᠭᠰᠠᠨ ᠪᠠᠶᠠᠷ᠎ᠤᠨ ᠲᠣᠬᠣᠨᠢᠭᠤᠯᠬᠤ ᠲᠣᠭᠯᠠᠯᠲᠠ ᠭᠠᠷᠭᠠᠪᠠ᠃

ᠲᠣᠭᠯᠠᠭ᠍ᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠ ᠭᠣᠢᠳᠠ ᠰᠠᠢᠬᠠᠨ ᠤᠷ᠎ᠠ ᠮᠡᠷᠭᠡᠵᠢᠯ᠎ᠢᠶᠡᠷ᠎ᠢᠶᠡᠨ ᠦᠨᠳᠦᠰᠦᠲᠡᠨ᠎ᠦ ᠣᠨᠴᠠᠯᠢᠭ᠋ ᠪᠠ ᠴᠡᠷᠢᠭ ᠎ᠢ ᠬᠦᠴᠦᠷᠬᠡᠭᠵᠢᠭᠦᠯᠬᠦ ᠬᠥᠭ ᠠᠶᠠᠰ᠎ᠢᠶᠠᠷ ᠪᠢᠯᠬᠠᠮ᠎ᠠ ᠲᠣᠭᠯᠠᠯᠲᠠ᠎ᠭᠠᠷᠭᠠᠵᠦ᠂ ᠤᠮᠠᠷᠠᠲᠤ ᠬᠢᠯᠢ ᠎ᠶᠢ ᠰᠠᠬᠢᠨ ᠬᠠᠮᠠᠭᠠᠯᠠᠵᠤ ᠪᠠᠢᠭ᠎ᠠ ᠳᠠᠷᠤᠭ᠎ᠠ ᠪᠠᠢᠯᠳᠤᠭ᠍ᠴᠢᠳ᠎ᠲᠤ ᠰᠣᠶᠣᠯ ᠎ᠤᠨ ᠦᠪᠡᠳᠡᠭᠰᠢ ᠨᠠᠢᠷ ᠬᠦᠷᠭᠡᠪᠡ᠃ ᠲᠣᠭᠯᠠᠯᠲᠠ ᠨᠢ 《ᠥᠯᠵᠡᠢᠲᠦ ᠥᠪᠥᠷ ᠮᠣᠩᠭᠣᠯ 》 ᠭᠡᠬᠦ ᠪᠥᠵᠢᠭ᠎ᠢᠶᠡᠷ ᠬᠥᠰᠢᠭᠡ᠎ᠪᠡᠨ ᠰᠡᠬᠦᠵᠦ᠂ ᠲᠠᠯ᠎ᠠ ᠨᠤᠲᠤᠭ ᠎ᠤᠨ ᠠᠷᠠᠳ ᠲᠦᠮᠡᠨ᠎ᠦ ᠲᠠᠷᠤᠭ᠎ᠠ ᠪᠠᠢᠯᠳᠤᠬᠴᠢᠳ ᠲᠤ᠌ ᠬᠦᠷᠭᠡᠭᠰᠡᠨ ᠭᠦᠨ ᠵᠤᠵᠠᠭᠠᠨ ᠬᠦᠰᠡᠯ ᠵᠥᠩᠨᠡᠯ ᠎ᠢ ᠳᠠᠮᠵᠢᠭᠤᠯᠪᠠ; 《ᠲᠦᠮᠡᠨ ᠠᠭᠲᠠ᠎ᠶᠢᠨ ᠲᠦᠪᠡᠷᠭᠡᠨ》 ᠤ᠋ ᠰᠦᠷ ᠳᠠᠯᠠᠢᠴᠠᠲᠠᠢ ᠬᠦᠭ ᠠᠶᠠᠰ ᠨᠢ ᠤᠮᠠᠷᠠᠲᠤ ᠬᠢᠯᠢ᠎ᠶᠢᠨ ᠬᠥᠪᠡᠭᠦᠳ ᠥᠬᠢᠳ᠎ᠦᠨ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ ᠎ᠢ ᠨᠢᠬᠳᠠᠷᠠᠭᠤᠯᠪᠠ; ᠳᠠᠭᠤᠤ  《 ᠤᠯᠠᠭᠠᠨ ᠲᠤᠭ ᠤ᠋ᠨ ᠨᠠᠮᠢᠷᠠᠭ᠎ᠠ》  ᠨᠢ ᠡᠬᠡ ᠤᠯᠤᠰ ᠵᠢᠡᠨ ᠬᠠᠢᠷᠠᠯᠠᠬᠤ ᠴᠢᠩ ᠦᠨᠡᠨᠴᠢ ᠰᠡᠳᠬᠢᠯᠭᠡ᠎ᠶᠢ ᠢᠯᠡᠳᠬᠡᠵᠦ᠂ ᠳᠠᠷᠤᠭ᠎ᠠ ᠪᠠᠢᠯᠳᠤᠭ᠍ᠴᠢᠳ᠎ᠤᠨ ᠬᠠᠯᠠᠭᠤᠨ ᠬᠦᠷᠢᠶᠡᠯᠡᠯ ᠢ᠋ ᠤᠯᠵᠠᠢ ᠁ ᠤᠯᠠᠨ ᠰᠠᠢᠬᠠᠨ ᠲᠤᠬᠯᠠᠯᠳᠠ  ᠨᠢ ᠰᠢᠨ᠎ᠡ ᠴᠠᠭ ᠦᠶ᠎ᠡ᠎ᠶᠢᠨ ᠴᠡᠷᠢᠭ ᠬᠥᠮᠥᠨ᠎ᠦ ᠨᠠᠮ᠎ᠤᠨ ᠵᠢᠯᠣᠭᠣᠳᠤᠯᠭ᠎ᠠ᠎ᠶᠢ ᠳᠠᠭᠠᠬᠤ᠂ ᠵᠣᠷᠢᠭ᠍ᠲᠠᠢ ᠪᠠᠢᠯᠳᠤᠵᠦ ᠵᠠᠪᠠᠯ ᠢᠯᠠᠬᠤ ᠣᠮᠣᠭ ᠵᠣᠷᠢᠭ᠋᠎ᠢ ᠠᠮᠢᠳᠤᠯᠢᠭ᠋᠎ᠢᠶᠠᠷ ᠲᠠᠢᠯᠪᠤᠷᠢᠯᠠᠪᠠ᠃

ᠳᠠᠷᠤᠭ᠎ᠠ ᠪᠠᠢᠯᠳᠤᠭ᠍ᠴᠢᠳ᠂ ᠨᠠᠮ ᠵᠠᠰᠠᠭ ᠤ᠋ᠨ ᠬᠠᠢᠷ᠎ᠠ ᠬᠠᠯᠠᠮᠵᠢ ᠪᠠ ᠵᠣᠷᠢᠭ᠍ᠵᠢᠭᠤᠯᠤᠯ ᠎ᠢ ᠤᠮᠠᠷᠠᠲᠤ ᠬᠢᠯᠢ᠎ᠶᠢ ᠰᠠᠬᠢᠨ ᠬᠠᠮᠠᠭᠠᠯᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠴᠡᠷᠢᠭ᠎ᠢ ᠬᠦᠴᠦᠷᠬᠡᠭᠵᠢᠭᠦᠯᠬᠦ ᠦᠢᠯᠡᠳᠦᠯᠭᠡ᠎ᠳᠦ ᠣᠮᠣᠭ ᠲᠡᠭᠦᠯᠳᠡᠷ᠎ᠢᠶᠡᠷ ᠣᠷᠣᠯᠴᠠᠵᠤ᠂ ᠰᠠᠭᠤᠭ᠎ᠠ ᠭᠠᠵᠠᠷ᠎ᠤᠨ ᠠᠷᠠᠳ ᠲᠦᠮᠡᠨ᠎ᠲᠠᠢ ᠭᠠᠷ ᠬᠣᠯᠪᠣᠨ᠂ ᠰᠢᠨ᠎ᠡ ᠴᠠᠭ ᠦᠶ᠎ᠡ᠎ᠶᠢᠨ ᠬᠣᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ ᠰᠠᠢᠨ ᠰᠠᠢᠬᠠᠨ ᠪᠠᠢᠳᠠᠯ᠎ᠢ ᠲᠠᠰᠤᠷᠠᠯᠲᠠ ᠦᠭᠡᠢ ᠪᠡᠬᠢᠵᠢᠭᠦᠯᠵᠦ᠂ ᠡᠬᠡ ᠤᠯᠤᠰ᠎ᠤᠨ ᠤᠮᠠᠷᠠᠲᠤ ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号