ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 8 ᠰᠠᠷ᠎ᠠ ᠢ᠋ᠢᠨ 10 ᠤ᠋ ᠡᠳᠦᠷ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠵᠢᠴᠢ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠨ ᠡᠵᠡᠮᠳᠡᠬᠦ ᠬᠠᠮᠢᠶᠠᠷᠤᠯᠲᠠ ᠢ᠋ᠢᠨ ᠵᠢᠯᠣᠭᠣᠳᠬᠤ ᠭᠠᠵᠠᠷ ᠴᠢᠬᠤᠯᠠ ᠶᠡᠬᠡ ᠴᠠᠭ ᠠᠭᠤᠷ ᠤ᠋ᠨ ᠪᠠᠢᠳᠠᠯ ᠢ᠋ ᠵᠥᠪᠳᠡᠯᠴᠡᠨ ᠮᠡᠳᠡᠭᠳᠡᠬᠦ᠌ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ᠂ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠮᠢᠶᠠᠷᠤᠯᠲᠠ ᠢ᠋ᠢᠨ ᠲᠢᠩᠬᠢᠮ᠂ ᠳᠣᠲᠣᠭᠠᠳᠤ ᠢ᠋ᠢ ᠬᠠᠮᠠᠭᠠᠯᠠᠬᠤ ᠲᠢᠩᠬᠢᠮ᠂ ᠠᠮᠢ ᠠᠬᠤᠶ ᠣᠷᠴᠢᠨ ᠲᠣᠭᠣᠷᠢᠨ ᠤ᠋ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠢ᠋ᠢᠨ ᠪᠥᠲᠥᠭᠡᠨ ᠪᠠᠶ᠋ᠢᠭᠤᠯᠤᠯᠲᠠ ᠢ᠋ᠢᠨ ᠲᠢᠩᠬᠢᠮ᠂ ᠤᠰᠤᠨ ᠠᠰᠢᠭᠯᠠᠯᠲᠠ ᠢ᠋ᠢᠨ ᠲᠢᠩᠬᠢᠮ ᠵᠡᠷᠭᠡ 15 ᠪᠦᠷᠢᠯᠳᠦᠬᠦᠨ ᠨᠢᠭᠡᠴᠢ ᠢ᠋ᠢᠨ ᠬᠢᠨ ᠬᠤᠷᠠᠯ ᠳ᠋ᠤ ᠣᠷᠣᠯᠴᠠᠵᠡᠢ᠃
ᠬᠤᠷᠠᠯ ᠡᠴᠡ᠂ ᠡᠨᠡ ᠵᠤᠨ ᠡᠴᠡ ᠨᠠᠭᠠᠰᠢ ᠮᠠᠨ ᠤ᠋ ᠣᠷᠣᠨ ᠤ᠋ ᠳᠤᠮᠳᠠᠴᠢ ᠬᠤᠷ᠎ᠠ ᠲᠣᠨᠳᠠᠰᠤ ᠢ᠋ᠢᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠪᠠᠭ᠎ᠠ ᠪᠠᠶ᠋ᠢᠵᠤ᠂ ᠪᠥᠬᠥ᠌ ᠣᠷᠣᠨ ᠤ᠋ ᠳᠤᠮᠳᠠᠴᠢ ᠠᠭᠠᠷ ᠤ᠋ᠨ ᠳᠤᠯᠠᠭᠠᠨ 21.2 ᠭᠷᠠᠳᠦ᠋ᠰ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠳᠤᠤᠷ᠎ᠠ ᠪᠤᠯᠪᠠᠴᠦ ᠡᠩ ᠤ᠋ᠨ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠥᠨᠳᠥᠷ ᠪᠠᠢᠵᠤ᠂ 8 ᠰᠠᠷ᠎ᠠ ᠢ᠋ᠢᠨ 9 ᠤ᠋ ᠡᠳᠦᠷ ᠪᠣᠯᠲᠠᠯ᠎ᠠ ᠮᠠᠨ ᠤ᠋ ᠣᠷᠣᠨ ᠤ᠋ ᠮᠠᠨ ᠤ᠋ ᠣᠷᠣᠨ ᠤ᠋ 47.52 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠭᠠᠵᠠᠷ ᠨᠤᠳᠤᠭ ᠲᠦ᠍ ᠭᠠᠩ ᠬᠠᠭᠰᠠᠷᠠᠭᠠᠨ ᠡᠬᠦᠰᠴᠦ᠂ ᠪᠥᠬᠥ᠌ ᠣᠷᠣᠨ ᠤ᠋ ᠲᠠᠷᠢᠶᠠᠨ ᠭᠠᠵᠠᠷ ᠨᠤᠲᠤᠭ ᠪᠡᠯᠴᠢᠭᠡᠷ ᠣᠶ ᠰᠢᠭᠤᠶ ᠢ᠋ᠢᠨ ᠶᠡᠷᠦᠩᠬᠡᠶ ᠲᠠᠯᠠᠪᠠᠶ ᠢ᠋ᠢᠨ 47.9% ᠢ᠋ᠢ ᠡᠵᠡᠯᠡᠨ᠂ ᠬᠦᠨᠳᠦ ᠭᠠᠩ ᠬᠠᠭᠰᠠᠷᠠᠭᠠᠨ ᠵᠢᠡᠷ ᠭᠤᠤᠯᠯᠠᠵᠤ ᠪᠠᠢᠨ᠎ᠠ᠃ ᠵᠢᠱ᠌ᠢᠯᠲᠡᠪᠡᠷ᠂ 8 ᠰᠠᠷ᠎ᠠ ᠢ᠋ᠢᠨ 31 ᠤ᠋ ᠡᠳᠦᠷ ᠪᠣᠯᠲᠠᠯ᠎ᠠ ᠬᠥᠯᠥᠨ ᠪᠣᠶ᠋ᠢᠷ ᠬᠣᠲᠠ ᠢ᠋ᠢᠨ ᠬᠤᠢᠳᠤ ᠪᠡᠶ᠎ᠠ᠂ ᠠᠯᠠᠱᠠ ᠠᠭᠤᠯᠠ ᠵᠢᠴᠢ ᠬᠠᠷ᠎ᠠ ᠭᠤᠤᠯ ᠤ᠋ᠨ ᠰᠠᠪᠠ ᠭᠠᠵᠠᠷ ᠤ᠋ᠨ ᠰᠢᠭᠤᠶ᠋ᠢᠲᠤ᠌ ᠣᠷᠣᠨ ᠤ᠋ ᠲᠦᠢᠮᠡᠷ ᠤ᠋ᠨ ᠠᠶᠤᠯ ᠤ᠋ᠨ ᠳᠡᠰ ᠨᠡᠯᠢᠶᠡᠳ ᠥᠨᠳᠥᠷ ᠪᠠᠶ᠋ᠢᠨ᠎ᠠ ᠬᠡᠵᠤ ᠮᠡᠳᠡᠭᠳᠡᠪᠡ᠃
ᠤᠢᠯᠠᠭᠠᠭᠰᠠᠨ ᠵᠢᠡᠷ᠂ ᠮᠠᠨ ᠤ᠋ ᠤᠷᠤᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠤ᠋ᠨ ᠬᠢᠨ ᠣᠳᠣᠬᠠᠨ ᠤ᠋ ᠭᠠᠩ ᠬᠠᠭᠰᠠᠷᠠᠭᠠᠨ᠂ ᠰᠢᠷᠦᠭᠦᠨ ᠪᠣᠷᠣᠭᠠᠨ᠂ ᠴᠢᠩᠭ᠎ᠠ ᠰᠣᠯᠢᠭ ᠤᠷᠤᠰᠬᠠᠯ᠂ ᠣᠶ ᠰᠢᠭᠤᠶ ᠢ᠋ᠢᠨ ᠠᠶᠤᠩᠭ᠎ᠠ ᠴᠠᠬᠢᠯᠭᠠᠨ ᠤ᠋ ᠲᠦᠢᠮᠡᠷ ᠤ᠋ᠨ ᠠᠶᠤᠯ ᠳᠠᠪᠬᠤᠴᠠᠨ ᠣᠷᠣᠰᠢᠵᠤ ᠪᠠᠶ᠋ᠢᠭ᠎ᠠ ᠪᠠᠶ᠋ᠢᠳᠠᠯ ᠢ᠋ ᠦᠨᠳᠦᠰᠦᠯᠡᠵᠤ᠂ ᠠᠵᠢᠯ ᠲᠥᠷᠥᠯ ᠤ᠋ᠨ ᠡᠭᠦᠷᠭᠡ ᠬᠠᠷᠢᠭᠤᠴᠠᠯᠭ᠎ᠠ ᠳ᠋ᠠᠭᠠᠨ ᠰᠠᠭᠤᠷᠢᠯᠠᠨ ᠬᠠᠮᠲᠤᠷᠠᠨ ᠬᠥᠳᠡᠯᠦᠯᠴᠡᠵᠤ᠂ ᠮᠡᠳᠡᠭᠡ ᠵᠠᠩᠭᠢ ᠢ᠋ᠢ ᠬᠠᠮᠲᠤ ᠪᠠᠷ ᠭᠥᠷᠳᠡᠬᠦ᠌ ᠢ᠋ᠢ ᠴᠢᠩᠭᠠᠳᠬᠠᠨ᠂ ᠡᠯ᠎ᠡ ᠵᠦᠢᠯ ᠤ᠋ᠨ ᠠᠵᠢᠯ ᠤ᠋ᠨ ᠠᠷᠭ᠎ᠠ ᠬᠡᠮᠵᠢᠶ᠎ᠡ ᠢ᠋ᠢ ᠪᠥᠬᠥ᠌ ᠲᠠᠯ᠎ᠠ ᠪᠠᠷ ᠨᠠᠶ᠋ᠢᠳᠠᠪᠤᠷᠢᠵᠢᠭᠤᠯᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ ᠤ᠋ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠵᠢᠴᠢ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠨ ᠡᠵᠡᠮᠳᠡᠬᠦ᠌ ᠬᠠᠮᠢᠶᠠᠷᠤᠯᠲᠠ ᠢ᠋ᠢᠨ ᠵᠢᠯᠣᠭᠣᠳᠬᠤ ᠭᠠᠵᠠᠷ ᠤ᠋ᠨ ᠬᠢᠨ ᠦᠷᠭᠦᠯᠵᠢᠯᠡᠨ ᠲᠣᠭᠲᠠᠮᠠᠯ ᠪᠤᠰᠤ ᠬᠤᠭᠤᠴᠠᠭ᠎ᠠ ᠲᠠᠶ ᠴᠠᠭ ᠠᠭᠤᠷ ᠤ᠋ᠨ ᠪᠠᠶ᠋ᠢᠳᠠᠯ ᠢ᠋ ᠵᠠᠷᠯᠠᠨ ᠮᠡᠳᠡᠭᠳᠡᠵᠦ᠍᠂ ᠴᠠᠭ ᠠᠭᠤᠷ ᠤ᠋ᠨ ᠦᠢᠯᠡᠴᠢᠯᠡᠭᠡᠨ ᠤ᠋ ᠪᠠᠲᠤᠯᠠᠭ᠎ᠠ ᠢ᠋ᠢᠨ ᠴᠢᠳᠠᠪᠤᠷᠢ ᠢ᠋ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠨᠢᠭᠡᠳᠦᠭᠡᠷ ᠰᠡᠷᠭᠡᠶ᠋ᠢᠯᠡᠯᠲᠡ ᠢ᠋ᠢᠨ ᠱᠤᠭᠤᠮ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠬᠤ ᠪᠡᠷ ᠪᠤᠢ᠃