ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠴᠠᠷᠴᠠᠬᠠᠶ᠎ᠶᠢ ᠨᠠᠷᠢᠯᠢᠭ ᠤᠨᠤᠴᠠᠳᠠᠢ ᠰᠡᠷᠭᠡᠶ᠋ᠢᠯᠡᠨ ᠡᠵᠡᠮᠳᠡᠬᠦ ᠪᠤᠬᠢᠷᠳᠤᠯ ᠦᠭᠡᠢ ᠪᠢᠴᠢᠯ ᠬᠤᠮᠵᠢᠶ᠎ᠠ ᠵᠢ ᠰᠤᠳᠤᠯᠤᠨ ᠨᠡᠭᠡᠭᠡᠪᠡ
2026-08-13 11:06:23
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠡᠴᠡ ᠣᠶ᠋ᠢᠯᠠᠭᠠᠭᠰᠠᠨ᠎ᠢᠶᠡᠷ᠂ ᠲᠤᠰ ᠰᠤᠷᠭᠠᠭᠤᠯᠢ᠎ᠶᠢᠨ ᠬᠠᠨ ᠬᠦᠸᠸ ᠳ᠋ᠦᠨᠭ ᠫᠷᠤᠹᠸᠰᠰᠤᠷ ᠦ᠋ᠨ ᠪᠦᠯᠬᠦᠮ᠎ᠦᠨ ᠬᠢᠨ ᠨᠢᠭᠡ ᠵᠦᠢᠯ᠎ᠦᠨ ᠣᠨᠴᠠᠭᠠᠶ 《ᠪᠣᠬᠢᠷᠲᠤᠯ ᠥᠬᠡᠶ ᠠᠭᠤᠰᠬᠠᠭᠴᠢ》 ᠵᠢ ᠠᠮᠵᠢᠯᠲᠠᠲᠠᠶ ᠰᠤᠳᠤᠯᠤᠨ ᠭᠠᠷᠭᠠᠵᠤ᠂ ᠲᠠᠯ᠎ᠠ ᠨᠤᠲᠤᠭ᠎ᠤᠨ ᠴᠠᠷᠴᠠᠬᠠᠶ᠎ᠶᠢ ᠨᠠᠷᠢᠯᠢᠭ ᠤᠨᠤᠴᠠᠳᠠᠢ ᠰᠡᠷᠭᠡᠶ᠋ᠢᠯᠡᠨ ᠡᠵᠡᠮᠳᠡᠵᠤ᠂ ᠲᠠᠷᠢᠮᠠᠯ᠎ᠦᠨ ᠦᠢᠯᠡᠰ᠎ᠦᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠬᠤ ᠳ᠋ᠤ ᠬᠦᠴᠤᠨ ᠨᠡᠮᠡᠷᠢᠯᠡᠵᠦ ᠪᠤᠢ᠃ ᠡᠨᠡ ᠨᠢ ᠲᠠᠷᠢᠶᠠᠯᠠᠩ᠎ᠤᠨ ᠬᠡᠷᠡᠭᠯᠡᠭᠡᠨ᠎ᠤ ᠪᠤᠬᠢᠷᠳᠤᠯ ᠦᠭᠡᠢ ᠪᠢᠴᠢᠯ ᠬᠤᠮᠵᠢᠶ᠎ᠠ ᠪᠤᠯᠤᠨ᠎ᠠ᠃

ᠣᠶ᠋ᠢᠯᠠᠭᠠᠭᠰᠠᠨ᠎ᠢᠶᠠᠷ᠂ ᠤᠯᠠᠮᠵᠢᠯᠠᠯᠳᠤ ᠲᠠᠷᠢᠶᠠᠨ ᠡᠮ᠎ᠢ ᠲᠠᠷᠢᠮᠠᠯ ᠳᠡᠭᠡᠷ᠎ᠡ ᠰᠢᠭᠤᠳ ᠰᠦᠷᠴᠢᠬᠦ ᠨᠢ ᠶᠠᠭ ᠯᠠ ᠨᠢᠴᠦᠬᠦᠨ ᠪᠡᠶ᠎ᠡ ᠵᠢ ᠰᠢᠲᠠᠮ᠎ᠠ ᠨᠡᠷᠡᠨ᠎ᠳ᠋ᠤ ᠰᠢᠷᠡᠵᠤ ᠪᠠᠢᠭ᠎ᠠ ᠲᠠᠢ ᠠᠳᠠᠯᠢ ᠪᠠᠢᠵᠤ᠂ ᠲᠠᠷᠢᠮᠠᠯ ᠳ᠋ᠤ ᠬᠡᠳᠡᠷᠬᠦ ᠨᠦᠯᠦᠭᠡ ᠦᠵᠡᠬᠦᠯᠳᠡᠭ᠃ ᠲᠡᠷᠡᠴᠢᠯᠡᠨ ᠤᠯᠠᠮᠵᠢᠯᠠᠯᠲᠤ᠌ ᠲᠠᠷᠢᠶᠠᠨ ᠡᠮ᠎ᠦᠨ ᠨᠠᠶ᠋ᠢᠷᠠᠯᠭ᠎ᠠ᠎ᠨᠢ ᠶᠡᠬᠡ ᠬᠡᠮᠵᠢᠶᠡᠨ᠎ᠦ ᠣᠷᠭᠠᠨᠢᠭ ᠠᠭᠤᠰᠬᠠᠭᠴᠢ ᠪᠠ ᠭᠠᠳᠠᠷᠭᠤ᠎ᠶᠢᠨ ᠢᠳᠡᠪᠬᠢᠵᠢᠭᠦᠯᠦᠭᠴᠢ᠎ᠳᠦ ᠲᠦᠰᠢᠭᠯᠡᠳᠡᠭ ᠪᠤᠯᠬᠤᠷ ᠤᠷ᠎ᠠ ᠮᠡᠷᠭᠡᠵᠢᠯ᠎ᠨᠢ ᠪᠤᠳᠤᠯᠢᠶᠠᠨᠲᠠᠶ ᠪᠥᠭᠡᠳ ᠥᠪᠡᠷ᠎ᠦᠨ ᠥᠷᠲᠡᠭ᠎ᠵᠢᠡᠷ ᠥᠨᠳᠥᠷ ᠪᠠᠶ᠋ᠢᠳᠠᠭ᠎ᠢᠶᠠᠷ ᠪᠠᠷᠠᠬᠤ ᠥᠬᠡᠶ   ᠪᠠᠰᠠ ᠣᠷᠴᠢᠨ ᠲᠣᠭᠣᠷᠢᠨ᠎ᠤ ᠪᠤᠬᠢᠷᠳᠤᠯ᠎ᠢ ᠬᠦᠨᠳᠤᠷᠡᠬᠦᠯᠬᠦ ᠠᠶᠤᠯᠳᠠᠢ᠃ ᠢᠯᠠᠩᠭᠤᠶ᠎ᠠ ᠤᠯᠠᠮᠵᠢᠯᠠᠯᠲᠤ᠌ ᠲᠠᠷᠢᠶᠠᠨ ᠡᠮ ᠨᠢ ᠬᠦᠷᠢᠨ᠎ᠦ ᠭᠠᠳᠠᠨᠠᠬᠢ ᠲᠤᠶᠠᠭᠠᠨ᠎ᠤ ᠨᠥᠯᠥᠭᠡ᠎ᠪᠡᠷ ᠮᠠᠰᠢ ᠠᠮᠠᠷᠬᠠᠨ  ᠵᠢᠡᠷ ᠲᠦᠷᠭᠡᠨ ᠰᠠᠷᠨᠢᠨ ᠵᠠᠳᠠᠷᠠᠵᠤ᠂ ᠥᠷᠯᠥᠭᠡ ᠰᠠᠶᠢᠬᠠᠨ ᠰᠦᠷᠴᠢᠭᠰᠡᠨ ᠡᠮ᠎ᠦᠨ ᠦᠢᠯᠡᠳᠦᠯ ᠨᠢ ᠦᠳᠡ ᠵᠢᠨ ᠬᠤᠢᠨ᠎ᠠ ᠪᠤᠯᠬᠤ ᠪᠡᠷ ᠶᠡᠬᠡ᠎ᠪᠡᠷ ᠪᠠᠭᠤᠷᠠᠴᠢᠬᠠᠳᠠᠭ᠃  ᠣᠷᠭᠠᠨᠢᠭ ᠠᠭᠤᠰᠬᠠᠭᠴᠢ᠎ᠳᠤ ᠲᠦᠰᠢᠭᠯᠡᠬᠦ᠌᠎ᠡᠴᠡ ᠬᠡᠷᠬᠢᠨ ᠮᠤᠯᠲᠤᠷᠠᠬᠤ᠎ᠶᠢᠨ ᠬᠠᠮᠲᠤ᠌ ᠪᠤᠬᠢᠷᠳᠤᠯ ᠦᠭᠡᠢ ᠦᠨᠳᠦᠷ ᠪᠦᠳᠤᠮᠵᠢᠳᠠᠢ ᠲᠠᠷᠢᠶᠠᠨ ᠡᠮ᠎ᠢ ᠰᠤᠳᠤᠯᠤᠨ ᠨᠡᠭᠡᠭᠡᠬᠦ ᠨᠢ ᠲᠠᠷᠢᠶᠠᠯᠠᠩ᠎ᠤᠨ ᠬᠢᠮᠢ᠎ᠶᠢᠨ ᠬᠦᠷᠢᠶᠡᠨ᠎ᠳᠡᠬᠢ ᠰᠢᠢᠳᠪᠦᠷᠢᠯᠡᠬᠦ᠌ ᠴᠢᠬᠤᠯᠠᠲᠠᠶ ᠬᠦᠴᠢᠷ ᠠᠰᠠᠭᠤᠳᠠᠯ ᠪᠣᠯᠤᠭᠰᠠᠭᠠᠷ ᠢᠷᠡᠵᠡᠶ᠃

ᠲᠠᠨᠢᠯᠴᠠᠭᠤᠯᠤᠭᠰᠠᠨ᠎ᠢᠶᠠᠷ᠂ ᠡᠨᠡ ᠬᠦ᠌ 《ᠪᠤᠬᠢᠷᠳᠤᠯ ᠦᠭᠡᠢ ᠬᠤᠮᠵᠢᠶ᠎ᠠ》 ᠵᠢ ᠲᠤᠷᠰᠢᠨ ᠬᠡᠷᠡᠭᠯᠡᠭᠰᠡᠨ᠎ᠦ ᠳᠠᠷᠠᠭ᠎ᠠ ᠲᠠᠷᠢᠶᠠᠨ  ᠡᠮ᠎ᠤᠨ ᠲᠠᠷᠢᠮᠠᠯ ᠳ᠋ᠤ ᠬᠠᠳᠠᠭᠠᠯᠠᠭᠳᠠᠬᠤ ᠬᠤᠭᠤᠴᠠᠭ᠎ᠠ ᠨᠢ ᠨᠡᠩ ᠤᠷᠲᠤ᠌ ᠪᠤᠯᠵᠤ᠂ ᠰᠠᠯᠬᠢᠨ᠎ᠳᠤ ᠦᠯᠢᠶᠡᠭᠳᠡᠵᠦ᠍ ᠨᠡᠷᠡᠨ᠎ᠳᠦ ᠰᠢᠷᠠᠭᠳᠠᠬᠤ᠎ᠶᠢ ᠨᠡᠩ ᠢᠯᠡᠬᠦᠦ ᠳᠠᠭᠠᠭᠠᠵᠤ ᠴᠢᠳᠠᠨ᠎ᠠ᠃  ᠰᠦᠷᠴᠢᠭᠰᠡᠨ  24 ᠴᠠᠭ᠎ᠦᠨ ᠳᠠᠷᠠᠭᠠᠬᠢ ᠦᠢᠯᠡᠳᠦᠯ  ᠴᠢᠳᠠᠪᠬᠢ ᠨᠢ ᠠᠩᠬ᠎ᠠ ᠰᠦᠷᠴᠢᠬᠦ ᠦᠶ᠎ᠡ ᠵᠢᠨ 2.2 ᠳᠠᠬᠢᠨ ᠬᠦᠴᠦᠨ ᠲᠠᠢ ᠪᠠᠢᠵᠤ᠂ ᠤᠤᠯ᠎ᠤᠨ ᠬᠢ ᠲᠠᠢ ᠬᠠᠷᠢᠴᠠᠭᠤᠯᠪᠠᠯ ᠲᠠᠷᠢᠶᠠᠴᠢᠳ᠎ᠲᠤᠳᠠᠭᠤ ᠨᠢᠭᠡ ᠤᠳᠠᠭ᠎ᠠ ᠲᠠᠷᠢᠶᠠᠨ ᠡᠮ ᠰᠦᠷᠴᠢᠵᠦ ᠦᠪᠡᠷ᠎ᠤᠨ ᠦᠷᠳᠡᠭ᠎ᠢ ᠠᠷᠪᠢᠯᠠᠬᠤ ᠪᠤᠯᠵᠠᠢ᠃ ᠡᠨᠡ᠎ᠬᠦ ᠨᠠᠶ᠋ᠢᠷᠠᠯᠭ᠎ᠠ ᠨᠢ ᠬᠠᠷ᠎ᠠ ᠪᠣᠭᠣᠳᠠᠶ ᠪᠠ ᠡᠷᠳᠡᠨᠢ ᠰᠢᠰᠢ ᠵᠡᠷᠭᠡ ᠲᠠᠷᠢᠮᠠᠯ᠎ᠳᠤ ᠨᠡᠩ ᠵᠤᠬᠢᠴᠠᠨ᠂ ᠡᠮ᠎ᠦᠨ ᠬᠤᠤᠷᠠᠳᠠᠯ ᠡᠭᠦᠰᠭᠡᠬᠦ᠌ ᠦᠭᠡᠢ ᠪᠦᠭᠡᠳ ᠤᠰᠤᠨ᠎ᠤ ᠠᠮᠢᠳᠤ ᠪᠣᠳᠠᠰ᠎ᠢ ᠰᠠᠢᠳᠤᠷ ᠬᠠᠮᠠᠭᠠᠯᠠᠵᠤ ᠴᠢᠳᠠᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号