ᠮᠠᠨᠵᠤᠤᠷ ᠤ᠋ᠨ ᠬᠡᠰᠡᠭ ᠠᠩᠬᠠᠳᠠᠭ᠍ᠴᠢ ᠪᠦᠯᠦᠭ ᠨᠡᠷ᠎ᠡ ᠬᠠᠳᠠᠭᠰᠠᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠠᠵᠤ ᠠᠬᠤᠢᠯᠠᠯ᠎ᠤᠨ ᠡᠵᠡᠩᠨᠡᠯᠲᠡ᠎ᠶᠢᠨ ᠦᠨᠡᠮᠯᠡᠯ᠎ᠢ ᠬᠢᠨᠠᠨ ᠲᠠᠷᠬᠠᠭᠠᠪᠠ
2026-08-13 10:45:26
ᠵᠣᠬᠢᠶᠠᠭ᠍ᠴᠢ᠄
​ᠯᠢᠶᠠᠩ ᠯᠢᠶᠠᠩ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠮᠠᠨᠵᠤᠤᠷ᠎ᠤᠨ ᠬᠡᠰᠡᠭ ᠬᠠᠷᠢᠶ᠎ᠠ ᠣᠷᠣᠨ᠎ᠤ ᠪᠡᠨ ᠲᠦᠷᠦᠭᠦᠦ ᠪᠦᠯᠦᠭ 《ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ》 ᠤ᠋ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ᠎ᠤᠨ ᠨᠡᠷᠡᠢᠳᠦᠯ᠎ᠲᠠᠢ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠪᠦᠷᠢᠳᠬᠡᠭᠦᠯᠦᠨ ᠳᠠᠩᠰᠠᠯᠠᠭᠤᠯᠬᠤ ᠲᠤᠬᠠᠢᠯᠠᠭᠰᠠᠨ ᠠᠵᠢᠯ᠎ᠢ ᠪᠡᠶᠡᠯᠡᠭᠦᠯᠪᠡ᠃ ᠲᠤᠬᠠᠢᠯᠠᠭᠰᠠᠨ ᠠᠵᠢᠯ ᠤᠷᠤᠭᠰᠢᠲᠠᠢ ᠨᠠᠢᠳᠠᠪᠤᠷᠢᠵᠢᠭᠤᠯᠤᠭᠳᠠᠭᠰᠠᠨ ᠨᠢ ᠲᠤᠰ ᠬᠡᠰᠡᠭ ᠤ᠋ᠨ ᠬᠤᠳᠠᠯᠳᠤᠭᠠᠨ᠎ᠤ ᠶᠠᠪᠤᠳᠠᠯ᠎ᠤᠨ ᠳᠦᠷᠢᠮ᠎ᠦᠨ ᠥᠭᠡᠷᠡᠴᠢᠯᠡᠯᠲᠡ ᠵᠠᠩᠭᠢᠯᠠᠭ᠎ᠠ᠎ᠶᠢᠨ ᠴᠢᠨᠠᠷᠲᠠᠢ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠴᠢᠯᠦᠭᠡᠲᠦ ᠠᠷᠠᠯᠵᠢᠶᠠᠨ᠎ᠤ ᠣᠷᠣᠨ᠎ᠤ ᠲᠤᠰᠬᠠᠢ ᠬᠠᠷᠢᠶᠠᠯᠠᠭᠳᠠᠬᠤ ᠠᠵᠤ ᠠᠬᠤᠢᠯᠠᠯ᠎ᠤᠨ ᠪᠡᠶ᠎ᠡ ᠬᠡᠮ᠎ᠦᠨ ᠢᠯᠡᠳᠬᠡᠮᠵᠢ᠎ᠶᠢ ᠵᠢᠩᠬᠢᠨᠢ᠎ᠪᠡᠷ ᠡᠬᠢᠯᠡᠨ ᠬᠡᠷᠡᠭᠯᠡᠭᠰᠡᠨ᠎ᠢ ᠬᠠᠷᠠᠭᠤᠯᠵᠤ ᠪᠠᠢᠨ᠎ᠠ᠃

ᠬᠡᠰᠡᠭ᠎ᠦᠨ ᠳᠣᠲᠣᠷᠠᠬᠢ ᠠᠵᠤ ᠠᠬᠤᠢᠯᠠᠯ᠎ᠢ ᠲᠦᠷᠭᠡᠨ ᠨᠤᠳᠤᠬᠰᠢᠭᠤᠯᠵᠦ᠂ ᠥᠨᠳᠥᠷ ᠪᠦᠲᠦᠮᠵᠢᠲᠡᠶ ᠠᠵᠢᠯᠯᠠᠭᠤᠯᠬᠤ ᠳ᠋ᠤ ᠠᠶᠠᠯᠠᠯ ᠬᠠᠮᠠᠭᠠᠯᠠᠬᠤ ᠵᠢᠨ ᠲᠥᠯᠥᠭᠡ᠂ ᠮᠠᠨᠵᠤᠤᠷ ᠬᠣᠲᠠ᠎ᠶᠢᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ᠎ᠶᠢ ᠬᠢᠨᠠᠨ ᠵᠥᠪᠰᠢᠶᠡᠷᠡᠬᠦ ᠲᠡᠰ ᠲᠠᠷᠠᠭᠠᠯᠠᠯ᠎ᠢ ᠳᠠᠬᠢᠨ ᠪᠠᠢᠭᠤᠯᠵᠤ᠂ ᠪᠦᠬᠦᠨ᠎ᠢ ᠬᠠᠮᠤᠷᠤᠭᠰᠠᠨ᠂ ᠪᠥᠬᠥ ᠬᠡᠯᠬᠢᠶ᠎ᠡ᠂ ᠨᠠᠷᠢᠯᠢᠭ᠍ᠵᠢᠭᠤᠯᠤᠭᠰᠠᠨ ᠴᠢᠯᠦᠭᠡᠲᠦ ᠠᠷᠠᠯᠵᠢᠶᠠᠨ᠎ᠤ ᠤᠷᠤᠨ ᠤ᠋ ᠬᠡᠰᠡᠭ᠎ᠦᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠣᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠬᠤᠳᠠᠯᠳᠤᠭᠠᠨ᠎ᠤ ᠶᠠᠪᠤᠳᠠᠯ᠎ᠤᠨ ᠳᠡᠩᠰᠡᠯᠡᠭᠤᠯᠬᠤ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠰᠢᠨ᠎ᠡ᠎ᠪᠡᠷ ᠪᠠᠢᠭᠤᠯᠤᠭᠰᠠᠨ ᠠᠵᠤ ᠠᠬᠤᠢᠯᠠᠯ᠎ᠳᠤ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ᠎ᠪᠡᠷ ᠪᠠᠩᠬᠢ᠎ᠳᠤ ᠲᠠᠩᠰᠠ ᠨᠡᠭᠡᠭᠡᠵᠦ᠂ ᠠᠵᠤ ᠠᠬᠤᠢᠯᠠᠯ᠎ᠤᠨ ᠠᠯᠪᠠᠨ ᠲᠠᠮᠠᠭ᠎ᠠ᠂ ᠡᠳ᠋᠎ᠦᠨ ᠶᠠᠪᠤᠳᠠᠯ᠎ᠤᠨ ᠲᠠᠮᠠᠭ᠎ᠠ᠂ ᠬᠠᠤᠯᠢ᠎ᠶᠢᠨ ᠡᠷᠬᠡᠲᠡᠨ᠎ᠦ ᠲᠠᠮᠠᠭ᠎ᠠ ᠵᠡᠷᠭᠡ ᠲᠦᠭᠡᠮᠡᠯ ᠬᠠᠷᠠᠭᠠᠯᠵᠠᠯᠲᠤ ᠦᠢᠯᠡᠴᠢᠯᠡᠭᠡ᠎ᠶᠢ ᠦᠨ᠎ᠡ ᠲᠥᠯᠥᠪᠦᠷᠢ ᠦᠭᠡᠢ᠎ᠪᠡᠷ ᠰᠡᠢᠯᠦᠨ ᠦᠢᠯᠡᠳᠴᠦ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠲᠠᠨᠢᠯᠴᠠᠭᠤᠯᠤᠨ ᠬᠦᠷᠭᠡᠬᠦ᠂ ᠮᠥᠩᠭᠥᠨ ᠭᠦᠢᠯᠭᠡᠭᠡᠨ᠎ᠦ ᠢᠲᠡᠭᠡᠮᠵᠢᠲᠦ ᠵᠢᠭᠡᠯᠡᠯᠭᠡ᠎ᠶᠢ ᠵᠣᠯᠭᠠᠭᠤᠯᠬᠤ᠂ ᠭᠠᠳᠠᠭᠠᠳᠤ ᠭᠤᠪᠢᠭᠤᠯᠭ᠎ᠠ᠎ᠶᠢ ᠬᠢᠯᠢ ᠠᠯᠤᠰᠯᠠᠨ ᠲᠡᠰᠦᠯᠦᠨ ᠪᠤᠳᠤᠬᠤ ᠵᠡᠷᠭᠡ ᠥᠷᠲᠡᠭ ᠨᠡᠮᠡᠭᠳᠡᠯ᠎ᠦᠨ ᠦᠢᠯᠡᠴᠢᠯᠡᠭᠡ᠎ᠶᠢ ᠵᠡᠷᠭᠡ ᠳ᠋ᠦ᠍ᠨᠢ ᠢᠵᠢ ᠪᠦᠷᠢᠳᠦᠭᠦᠯᠵᠦ᠂ ᠠᠵᠤ ᠠᠬᠤᠢᠯᠠᠯ᠎ᠤᠨ ᠠᠩᠬ᠎ᠠ ᠡᠭᠦᠳᠬᠦ ᠥᠪᠡᠷ᠎ᠦᠨ ᠥᠷᠲᠡᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠤᠷᠠᠭᠤᠯᠵᠠᠢ᠃ ᠴᠢᠯᠦᠭᠡᠲᠦ ᠠᠷᠠᠯᠵᠢᠶᠠᠨ᠎ᠤ ᠣᠷᠣᠨ᠎ᠤ ᠠᠵᠤ ᠠᠬᠤᠢᠯᠠᠯ᠎ᠤᠨ ᠳᠡᠩᠰᠡᠯᠡᠭᠤᠯᠬᠤ᠎ᠪᠡᠷ ᠭᠤᠶᠤᠴᠢᠯᠠᠬᠤ ᠠᠵᠢᠯᠯᠠᠭᠠᠨ᠎ᠤ ᠵᠦᠭᠯᠡᠭᠦᠷ᠎ᠢ ᠨᠠᠢᠷᠠᠭᠤᠯᠤᠨ ᠵᠣᠬᠢᠶᠠᠵᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠲᠠᠪᠴᠠᠩ᠎ᠤᠨ ᠪᠠᠷᠢᠮᠵᠢᠶᠠᠵᠢᠭᠤᠯᠤᠭᠰᠠᠨ ᠬᠡᠪ ᠵᠠᠭᠪᠤᠷ᠎ᠢ ᠲᠠᠭᠯᠠᠨ ᠪᠢᠴᠢᠬᠦ᠎ᠶᠢ ᠲᠣᠳᠣᠷᠬᠠᠢᠯᠠᠵᠤ᠂ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ ᠳᠦᠷᠢᠮ᠎ᠢ ᠣᠢᠯᠠᠭᠠᠬᠤ ᠦᠭᠡᠢ ᠪᠠᠢᠬᠤ᠂ ᠨᠡᠷᠡᠢᠳᠦᠯ᠎ᠢ ᠲᠠᠭᠯᠠᠨ ᠮᠡᠳᠡᠭᠦᠯᠬᠦ ᠨᠢ ᠵᠢᠷᠤᠮᠵᠢᠯ ᠦᠭᠡᠢ ᠪᠠᠢᠬᠤ᠂ ᠨᠥᠬᠥᠨ ᠵᠠᠯᠠᠷᠠᠭᠤᠯᠬᠤ᠎ᠶᠢ ᠳᠠᠬᠢᠨ ᠳᠠᠪᠲᠠᠨ ᠨᠢᠴᠤᠭᠠᠵᠤ ᠪᠠᠢᠬᠤ ᠵᠡᠷᠭᠡ ᠬᠦᠴᠢᠷ ᠠᠰᠠᠭᠤᠳᠠᠯ᠎ᠢ ᠣᠨᠣᠪᠴᠢᠲᠠᠶ ᠰᠢᠢᠳᠪᠦᠷᠢᠯᠡᠵᠦ᠂ ᠴᠢᠯᠦᠭᠡᠲᠦ ᠠᠷᠠᠯᠵᠢᠶᠠᠨ᠎ᠤ ᠣᠷᠣᠨ᠎ᠤ ᠨᠡᠷ᠎ᠡ ᠬᠠᠳᠠᠵᠤ ᠳᠡᠩᠰᠡᠯᠡᠨ ᠲᠡᠮᠳᠡᠭᠯᠡᠬᠦ ᠪᠥᠬᠥ ᠶᠠᠪᠤᠴᠠ᠎ᠶᠢ ᠢᠯᠡ ᠲᠣᠳᠣ᠌᠂ ᠪᠠᠷᠢᠮᠵᠢᠶ᠎ᠠ ᠨᠢ ᠲᠣᠳᠣᠷᠬᠠᠢ᠂ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠪᠣᠯᠭᠠᠪᠠ᠃ ᠴᠢᠯᠦᠭᠡᠲᠦ ᠠᠷᠠᠯᠵᠢᠶᠠᠨ᠎ᠤ ᠣᠷᠣᠨ᠎ᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠤᠰᠬᠠᠢ ᠲᠣᠭᠣᠷᠢᠭ᠋ ᠢ᠋ ᠪᠠᠢᠭᠤᠯᠵᠤ᠂ ᠲᠤᠰᠬᠠᠢᠵᠢᠭ᠍ᠰᠠᠨ ᠲᠤᠰᠬᠠᠢ ᠬᠠᠷᠢᠶᠠᠯᠠᠭᠳᠠᠬᠤ ᠦᠢᠯᠡᠴᠢᠯᠡᠭᠡᠨ᠎ᠦ ᠪᠦᠯᠬᠦᠮ ᠨᠡᠶ᠋ᠢᠲᠡ᠎ᠶᠢ ᠵᠣᠬᠢᠶᠠᠨ ᠪᠠᠢᠭᠤᠯᠵᠤ᠂ ᠣᠷᠣᠵᠤ ᠰᠠᠭᠤᠬᠤ ᠠᠵᠤ ᠠᠬᠤᠢᠯᠠᠯ᠎ᠳᠤ ᠪᠥᠬᠥ ᠶᠠᠪᠤᠴᠠ᠎ᠶᠢᠨ ᠲᠤᠬᠠᠢᠯᠠᠭᠰᠠᠨ ᠠᠵᠢᠯ᠎ᠢ ᠬᠥᠲᠥᠯᠥᠨ ᠵᠢᠯᠤᠭᠣᠳᠬᠤ᠂ ᠮᠠᠲᠧᠷᠢᠶᠠᠯ᠎ᠢ ᠤᠷᠢᠳᠴᠢᠯᠠᠨ ᠬᠢᠨᠠᠬᠤ᠂ ᠬᠦᠴᠢᠷ ᠲᠦᠪᠡᠭᠲᠡᠢ ᠠᠰᠠᠭᠤᠳᠠᠯ᠎ᠢ ᠰᠢᠢᠳᠪᠦᠷᠢᠯᠡᠬᠦ᠂ ᠪᠥᠬᠥ ᠶᠠᠪᠤᠴᠠ᠎ᠳᠤ ᠣᠷᠣᠯᠠᠨ ᠭᠦᠢᠴᠡᠳᠬᠡᠬᠦ ᠵᠡᠷᠭᠡ ᠳᠣᠲᠣᠨᠣ᠌ ᠦᠢᠯᠡᠴᠢᠯᠡᠭᠡ ᠬᠠᠩᠭᠠᠪᠠ᠃ ᠣᠷᠣᠰ ᠮᠣᠩᠭᠣᠯ᠎ᠤᠨ ᠠᠵᠤ ᠠᠬᠤᠢᠯᠠᠯ᠎ᠤᠨ ᠦᠢᠯᠡᠴᠢᠯᠡᠭᠡᠨ᠎ᠦ ᠲᠤᠰᠬᠠᠢ ᠲᠣᠭᠣᠷᠢᠭ᠋᠎ᠢ ᠲᠤᠰᠬᠠᠢᠯᠠᠨ ᠪᠠᠢᠭᠤᠯᠵᠤ᠂ ᠳᠤᠮᠳᠠᠳᠤ ᠣᠷᠣᠰ ᠮᠣᠩᠭᠣᠯ᠎ᠤᠨ ᠭᠤᠷᠪᠠᠨ ᠬᠡᠯᠡᠨ᠎ᠦ ᠠᠵᠢᠯ ᠬᠡᠷᠡᠭ ᠭᠦᠢᠴᠡᠳᠬᠡᠬᠦ ᠵᠦᠭᠯᠡᠭᠦᠷ᠎ᠢ ᠳᠠᠷᠤᠮᠠᠯᠯᠠᠨ ᠵᠣᠬᠢᠶᠠᠵᠤ᠂ ᠠᠵᠤ ᠠᠬᠤᠢᠯᠠᠯ᠎ᠤᠨ ᠳᠡᠩᠰᠡᠯᠡᠨ ᠲᠡᠮᠳᠡᠭᠯᠡᠬᠦ᠂ ᠡᠵᠡᠩᠨᠡᠬᠦ ᠵᠥᠪᠰᠢᠶᠡᠷᠡᠯ ᠵᠡᠷᠭᠡ ᠥᠨᠳᠥᠷ ᠳᠠᠪᠲᠠᠮᠵᠢᠲᠤ ᠲᠤᠬᠠᠢᠯᠠᠭᠰᠠᠨ ᠠᠵᠢᠯ᠎ᠢ ᠪᠥᠬᠥ ᠲᠠᠯ᠎ᠠ᠎ᠪᠠᠷ ᠬᠠᠮᠤᠷᠤᠨ᠂ ᠭᠦᠢᠴᠡᠳᠬᠡᠬᠦ ᠮᠠᠲᠧᠷᠢᠶᠠᠯ᠂ ᠭᠦᠢᠴᠡᠳᠬᠡᠬᠦ ᠴᠠᠭ ᠬᠤᠭᠤᠴᠠᠭ᠎ᠠ᠂ ᠭᠤᠶᠤᠴᠢᠯᠠᠨ ᠮᠡᠳᠡᠭᠦᠯᠬᠦ ᠲᠡᠰ ᠲᠠᠷᠠᠭᠠᠯᠠᠯ᠎ᠢ ᠲᠣᠳᠣᠷᠬᠠᠢ ᠵᠢᠭ᠍ᠰᠠᠭᠠᠵᠤ᠂ ᠣᠷᠣᠰ ᠮᠣᠩᠭᠣᠯ᠎ᠤᠨ ᠭᠠᠳᠠᠭᠠᠳᠤ ᠪᠡᠯᠡ᠎ᠶᠢᠨ ᠠᠵᠤ ᠠᠬᠤᠢᠯᠠᠯ᠂ ᠭᠠᠳᠠᠭᠠᠳᠤ᠎ᠳᠤ ᠬᠣᠯᠪᠣᠭᠳᠠᠬᠤ ᠠᠷᠠᠯᠵᠢᠶᠠᠨ᠎ᠤ ᠭᠣᠣᠯ ᠴᠣᠭᠴᠠ᠎ᠳᠤ ᠳᠥᠭᠥᠮ ᠳᠥᠲᠡ᠂ ᠲᠤᠰᠬᠠᠢ ᠮᠡᠷᠭᠡᠵᠢᠯ᠎ᠦᠨ ᠬᠢᠯᠢ ᠠᠯᠤᠰᠯᠠᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠠᠩᠭᠠᠪᠠ᠃

ᠰᠢᠨ᠎ᠡ᠎ᠶᠢ ᠡᠭᠦᠳᠴᠦ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠰᠢᠷᠢᠰ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠣᠭᠰᠠᠨ᠎ᠤ ᠳᠠᠷᠠᠭ᠎ᠠ᠂ ᠮᠠᠨᠵᠤᠤᠷ᠎ᠤᠨ ᠬᠡᠰᠡᠭ ᠤ᠋ᠨ ᠬᠤᠳᠠᠯᠳᠤᠭᠠᠨ᠎ᠤ ᠶᠠᠪᠤᠳᠠᠯ᠎ᠤᠨ ᠳᠠᠩᠰᠠᠯᠠᠯᠲᠠ᠎ᠶᠢᠨ ᠲᠥᠬᠥᠮᠴᠢᠯᠡᠯᠲᠡ ᠵᠢᠨ ᠬᠡᠮᠵᠢᠶ᠎ᠡ᠂ ᠠᠵᠤ ᠠᠬᠤᠢᠯᠠᠯ ᠡᠷᠭᠢᠯᠡᠬᠦ ᠬᠥᠭᠵᠢᠶᠡᠨᠲᠦ ᠬᠡᠮᠵᠢᠶ᠎ᠡ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠣᠨᠣᠪᠴᠢ᠎ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠨᠠᠢᠳᠠᠪᠤᠷᠢᠵᠢᠭᠤᠯᠬᠤ ᠬᠤᠷᠳᠤᠴᠠ ᠢᠯᠡᠳᠲᠡ ᠲᠦᠷᠭᠡᠳᠴᠦ᠂ ᠵᠠᠬ᠎ᠠ ᠳᠡᠯᠭᠡᠭᠦᠷ᠎ᠦᠨ ᠠᠮᠢᠵᠢᠷᠠᠯ ᠤ᠋ᠨ ᠬᠦᠴᠦᠨ ᠦᠷᠭᠦᠯᠵᠢᠯᠡᠨ ᠪᠠᠳᠠᠷᠠᠪᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠬᠡᠰᠡᠭ  ᠤ᠋ᠨ ᠰᠢᠨ᠎ᠡ᠎ᠪᠡᠷ ᠪᠠᠢᠭᠤᠯᠤᠭᠰᠠᠨ ᠠᠵᠤ ᠠᠬᠤᠢᠯᠠᠯ᠎ᠤᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 19.65% ᠪᠡᠷ ᠨᠡᠮᠡᠭᠳᠡᠵᠦ᠂ ᠳᠡᠭᠡᠷ᠎ᠡ ᠤᠯᠠᠷᠢᠯ᠎ᠤᠨ ᠬᠢ᠎ᠡᠴᠡ ᠭᠠᠷᠠᠬᠠᠨ ᠬᠠᠷᠢᠴᠠᠯ ᠵᠢᠡᠷ 48.91% ᠪᠡᠷ ᠨᠡᠮᠡᠭᠳᠡᠵᠡᠢ; ᠠᠵᠤ ᠠᠬᠤᠢᠯᠠᠯ ᠡᠷᠭᠢᠯᠡᠬᠦ᠎ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ᠎ᠶᠢᠨ ᠴᠢᠨᠠᠷ᠎ᠤᠨ ᠦᠰᠦᠷᠦᠯᠲᠡ᠎ᠶᠢ ᠪᠡᠶᠡᠯᠡᠭᠦᠯᠵᠦ᠂ ᠭᠦᠢᠴᠡᠳᠬᠡᠵᠦ ᠳᠠᠭᠤᠰᠬᠠᠬᠤ ᠴᠠᠭ᠎ᠤᠨ ᠬᠢᠵᠠᠭᠠᠷ᠎ᠢ ᠤᠤᠯ᠎ᠤᠨ 1 ᠠᠵᠢᠯᠯᠠᠬᠤ ᠡᠳᠦᠷ ᠪᠠᠢᠭᠰᠠᠨ᠎ᠡᠴᠡ ᠲᠡᠷᠡ ᠳᠣᠣᠷ᠎ᠠ ᠨᠢ ᠭᠦᠢᠴᠡᠳᠬᠡᠵᠦ ᠳᠠᠭᠤᠰᠬᠠᠬᠤ ᠪᠣᠯᠭᠠᠨ ᠪᠠᠭᠠᠰᠬᠠᠵᠤ᠂ ᠲᠡᠷᠡ ᠳᠣᠣᠷ᠎ᠠ ᠨᠢ ᠠᠪᠴᠤ ᠪᠣᠯᠬᠤ ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠪᠡᠶᠡᠴᠢ ᠣᠢᠯᠠᠭᠠᠯᠲᠠ᠎ᠶᠢ ᠶᠡᠬᠡ᠎ᠪᠡᠷ ᠳᠡᠭᠡᠭᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号