8 ᠰᠠᠷ᠎ᠠ᠎ᠶᠢᠨ 11 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ 《ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ ᠬᠤᠨᠳᠠᠭᠠᠲᠤ》 ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠤᠭᠤᠲᠤ ᠬᠣᠲᠠ᠎ᠶᠢᠨ ᠣᠯᠢᠮᠫᠢᠺ᠎ᠤᠨ ᠲᠠᠮᠢᠷ᠎ᠤᠨ ᠲᠥᠪ᠎ᠲᠤ ᠡᠬᠢᠯᠡᠪᠡ᠃
ᠲᠤᠰ ᠤᠷᠤᠯᠳᠤᠭᠠᠨ᠎ᠢ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠵᠦ᠂ 5 ᠡᠳᠦᠷ᠎ᠤᠨ ᠬᠤᠭᠤᠴᠠᠭ᠎ᠠ ᠳᠠᠢ ᠶᠠᠪᠤᠭᠳᠠᠨ᠎ᠠ᠃ ᠲᠤᠰ ᠤᠷᠤᠯᠳᠤᠭᠠᠨ᠎ᠳᠦ ᠡᠷᠡᠭᠲᠠᠢ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ 6 ᠳᠤᠭᠤᠢᠯᠠᠩ᠎ᠤᠨ 104 ᠪᠠᠭ᠎ᠠ ᠲᠦᠷᠦᠯ ᠵᠦᠢᠯ᠎ᠢ ᠲᠣᠬᠢᠷᠠᠭᠤᠯᠵᠤ᠂ ᠪᠦᠬᠦ ᠣᠷᠣᠨ᠎ᠤ 11 ᠠᠢᠮᠠᠭ ᠬᠤᠳᠠ᠎ᠶᠢᠨ 1550 ᠭᠠᠷᠤᠢ ᠲᠠᠮᠢᠷᠴᠢᠨ ᠪᠠ ᠲᠠᠰᠬᠠᠯᠵᠢᠭᠤᠯᠤᠭᠴᠢ ᠤᠷᠤᠯᠳᠤᠭᠠᠨ᠎ᠳᠤ ᠣᠷᠣᠯᠴᠠᠨ᠎ᠠ᠃ ᠤᠷᠤᠯᠳᠤᠭᠠᠨ᠎ᠳᠦ ᠤᠷᠤᠯᠴᠠᠭᠰᠠᠨ ᠲᠠᠮᠢᠷᠴᠢᠳ ᠡᠷᠡᠯᠬᠡᠭᠯᠡᠨ ᠲᠡᠮᠡᠴᠡᠵᠦ᠂ ᠪᠦᠬᠦ ᠣᠷᠣᠨ᠎ᠤ ᠵᠠᠯᠠᠭᠤᠴᠤᠳ ᠪᠠᠭᠠᠴᠤᠳ᠎ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠪᠡᠶ᠎ᠡ᠎ᠶᠢᠨ ᠲᠠᠮᠢᠷ᠎ᠤᠨ ᠴᠤᠭ ᠵᠢᠪᠬᠤᠭ᠎ᠠ᠎ᠶᠢ ᠭᠠᠢᠬᠠᠭᠤᠯᠬᠤ ᠪᠤᠯᠤᠨ᠎ᠠ᠃
ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠤᠷᠤᠯᠳᠤᠭᠠᠨ ᠡᠷᠭᠢᠯᠡᠬᠦ ᠱᠠᠭᠠᠷᠳᠠᠯᠭ᠎ᠠ ᠵᠢ ᠥᠨᠳᠥᠷ ᠪᠠᠷᠢᠮᠵᠢᠶ᠎ᠠ᠎ᠪᠠᠷ ᠨᠠᠢᠳᠠᠪᠤᠷᠢᠵᠢᠭᠤᠯᠤᠨ᠂ ᠪᠤᠭᠤᠳᠦ ᠬᠤᠲᠠ᠎ᠶᠢᠨ ᠣᠯᠢᠮᠫᠢᠺ᠎ᠤᠨ ᠲᠠᠮᠢᠷ᠎ᠤᠨ ᠲᠥᠪ᠎ᠦᠨ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠤᠷᠤᠯᠳᠤᠭᠠᠨ᠎ᠤ ᠲᠠᠯᠠᠪᠠᠢ᠎ᠶᠢ ᠪᠦᠬᠦ ᠲᠠᠯ᠎ᠠ᠎ᠪᠠᠷ ᠳᠡᠰ ᠳᠡᠪᠰᠢᠭᠦᠯᠦᠨ ᠰᠢᠨᠡᠳᠭᠡᠵᠦ᠂ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ ᠳ᠋ᠤ ᠪᠠᠳᠤᠯᠠᠭ᠎ᠠ ᠬᠠᠡᠭᠭᠠᠪᠠ᠃