ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠪᠡᠶ᠎ᠠ ᠶ᠋ᠢᠨ ᠲᠠᠮᠢᠷ ᠤ᠋ᠨ ᠴᠤᠭᠯᠠᠭᠠᠨ ᠬᠦᠷ ᠬᠦᠭᠵᠢᠶᠡᠨᠳᠠᠢ ᠶᠠᠪᠤᠭᠳᠠᠵᠤ ᠪᠠᠢᠬᠤ ᠲᠠᠰᠢᠷᠠᠮ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠨᠢᠭᠡᠳᠦᠭᠡᠷ ᠬᠤᠪᠢᠶᠠᠷᠢ ᠪᠠᠢᠴᠠᠭᠠᠬᠤ ᠲᠤᠪᠴᠢᠶ᠎ᠠ ᠶ᠋ᠢᠨ ᠬᠢᠨ ᠳᠤᠭᠳᠠᠭᠠᠯ ᠳ᠋ᠤ ᠨᠡᠢᠴᠡᠭᠦᠯᠬᠦ ᠵᠢᠯᠤᠭᠤᠳᠤᠮᠵᠢ ᠬᠠᠩᠭᠠᠬᠤ᠂ ᠬᠠᠮᠳᠤᠷᠠᠭᠰᠠᠨ ᠪᠠᠢᠴᠠᠭᠠᠯᠳᠠ ᠬᠢᠬᠦ᠂ ᠡᠳᠦᠷ ᠲᠤᠳᠤᠮ ᠤ᠋ᠨ ᠬᠢᠨᠠᠯᠳᠠ ᠬᠠᠮᠢᠶᠠᠷᠤᠯᠳᠠ ᠶ᠋ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠠ ᠶ᠋ᠢ ᠨᠢᠭᠡᠳᠦᠯᠳᠠᠢ ᠲᠦᠯᠤᠪᠵᠢᠭᠦᠯᠦᠨ ᠬᠡᠷᠡᠭᠵᠢᠭᠦᠯᠵᠦ᠂ ᠡᠮ ᠤ᠋ᠨ ᠢᠷᠡᠯᠳᠡᠳᠦ ᠬᠦᠭᠡᠷᠦᠭᠦᠯᠬᠦ ᠡᠮ ᠤ᠋ᠨ ᠬᠡᠷᠡᠭ ᠪᠠ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠬᠡᠷᠡᠭ ᠡᠭᠦᠰᠬᠦ ᠶ᠋ᠢ ᠡᠷᠡᠰ ᠰᠡᠷᠭᠡᠢᠯᠡᠨ᠂ ᠪᠡᠶ᠎ᠠ ᠶ᠋ᠢᠨ ᠲᠠᠮᠢᠷ ᠤ᠋ᠨ ᠴᠤᠭᠯᠠᠭᠠᠨ ᠳ᠋ᠤ ᠰᠠᠢᠨ ᠰᠠᠢᠬᠠᠨ ᠦᠷᠢᠰᠦᠯᠳᠦᠭᠡᠨ ᠤ᠋ ᠤᠷᠴᠢᠨ ᠨᠦᠬᠦᠴᠡᠯ ᠢ᠋ ᠡᠭᠦᠳᠴᠤ ᠦᠭᠪᠡ᠃
ᠨᠢᠭᠡᠳᠦᠭᠡᠷ ᠬᠤᠪᠢᠶᠠᠷᠢ ᠪᠠᠢᠴᠠᠭᠠᠬᠤ ᠲᠤᠪᠴᠢᠶ᠎ᠠ ᠶ᠋ᠢᠨ ᠬᠢᠨ ᠬᠠᠷᠢᠶ᠎ᠠ ᠤᠷᠤᠨ ᠤ᠋ ᠡᠮ ᠤ᠋ᠨ ᠵᠦᠢᠯᠡᠰ ᠢ᠋ ᠪᠦᠬᠡᠮ ᠶ᠋ᠢᠡᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ ᠬᠡᠯᠬᠢᠶᠡᠳᠦ ᠡᠵᠡᠩᠨᠡᠯᠳᠡ ᠶ᠋ᠢᠨ ᠶᠡᠷᠦᠩᠬᠡᠢ ᠭᠠᠵᠠᠷ ᠲᠤ᠌ ᠲᠤᠰᠬᠠᠢ ᠮᠡᠳᠡᠭᠳᠡᠯ ᠪᠠᠭᠤᠯᠭᠠᠵᠤ᠂ ᠬᠦᠭᠡᠷᠦᠭᠦᠯᠬᠦ ᠦᠢᠯᠡᠳᠦᠯ ᠪᠦᠬᠦᠢ ᠡᠮ ᠤ᠋ᠨ ᠵᠦᠢᠯᠡᠰ ᠤ᠋ᠨ ᠡᠵᠡᠩᠨᠡᠯᠳᠡ ᠬᠠᠮᠢᠶᠠᠷᠤᠯᠳᠠ ᠶ᠋ᠢᠨ ᠳᠦᠷᠢᠮᠵᠢᠯ ᠪᠠ ᠬᠠᠩᠭᠠᠯᠭ᠎ᠠ ᠶ᠋ᠢᠨ ᠪᠠᠳᠤᠯᠠᠭ᠎ᠠ ᠶ᠋ᠢ ᠳᠤᠳᠤᠷᠬᠠᠢᠯᠠᠨ᠂ ᠤᠷᠤᠯᠳᠤᠭᠠᠨ ᠤ᠋ ᠲᠤᠭᠤᠷᠢᠭ ᠤ᠋ᠨ ᠡᠮᠴᠢᠯᠡᠭᠡᠨ ᠤ᠋ ᠪᠠᠢᠭᠤᠯᠤᠮᠵᠢ᠂ ᠵᠢᠵᠢᠭᠯᠡᠨ ᠪᠤᠷᠤᠯᠠᠭᠤᠯᠬᠤ ᠡᠮ ᠤ᠋ᠨ ᠳᠡᠯᠭᠡᠭᠦᠷ ᠤ᠋ᠨ ᠤᠷᠤᠭᠤᠯᠤᠨ ᠠᠪᠴᠢᠷᠠᠬᠤ ᠡᠮ ᠤ᠋ᠨ ᠲᠦᠷᠦᠯ ᠵᠦᠢᠯ ᠪᠠ ᠲᠤᠭ᠎ᠠ ᠬᠡᠮᠵᠢᠶ᠎ᠠ ᠶ᠋ᠢ ᠴᠢᠩᠭ᠎ᠠ ᠬᠠᠮᠢᠶᠠᠷᠤᠨ ᠡᠵᠡᠮᠳᠡᠬᠦ ᠶ᠋ᠢᠨ ᠬᠠᠮᠳᠤ ᠲᠠᠮᠢᠷᠴᠢᠳ ᠤ᠋ᠨ ᠪᠠᠢᠩᠭᠤ ᠬᠡᠷᠡᠭᠯᠡᠬᠦ ᠡᠮ ᠤ᠋ᠨ ᠵᠦᠢᠯᠡᠰ ᠢ᠋ ᠵᠤᠬᠢᠰᠳᠠᠢ ᠨᠦᠭᠡᠴᠡᠯᠡᠵᠤ᠂ ᠬᠠᠩᠭᠠᠯᠭ᠎ᠠ ᠶ᠋ᠢ ᠪᠠᠳᠤᠯᠠᠬᠤ ᠶ᠋ᠢ ᠱᠠᠭᠠᠷᠳᠠᠵᠠᠢ᠃
ᠡᠭᠦᠨ ᠤ᠋ ᠬᠠᠮᠳᠤ ᠨᠢᠭᠡᠳᠦᠭᠡᠷ ᠬᠤᠪᠢᠶᠠᠷᠢ ᠪᠠᠢᠴᠠᠭᠠᠬᠤ ᠲᠤᠪᠴᠢᠶ᠎ᠠ ᠶ᠋ᠢᠨ ᠬᠢᠨ ᠪᠤᠭᠤᠳᠤ ᠬᠤᠳᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠲᠠᠢ ᠬᠠᠮᠳᠤᠷᠠᠨ ᠤᠷᠤᠯᠳᠤᠭᠠᠨ ᠤ᠋ ᠲᠠᠯᠠᠪᠤᠷ ᠪᠤᠯᠤᠨ ᠲᠠᠮᠢᠷᠴᠢᠳ ᠤ᠋ᠨ ᠰᠠᠭᠤᠭ᠎ᠠ ᠭᠠᠵᠠᠷ ᠤ᠋ᠨ ᠡᠷᠬᠢᠨ ᠲᠤᠭᠤᠷᠢᠨ ᠤ᠋ ᠡᠮᠴᠢᠯᠡᠭᠡᠨ ᠤ᠋ ᠪᠠᠢᠭᠤᠯᠤᠮᠵᠢ᠂ ᠵᠢᠵᠢᠭᠯᠡᠨ ᠪᠤᠷᠤᠯᠠᠭᠤᠯᠬᠤ ᠡᠮ ᠤ᠋ᠨ ᠳᠡᠯᠭᠡᠭᠦᠷ ᠲᠤ᠌ ᠬᠦᠷᠴᠤ᠂ ᠬᠦᠭᠡᠷᠦᠭᠦᠯᠬᠦ ᠦᠢᠯᠡᠳᠦᠯ ᠪᠦᠬᠦᠢ ᠡᠮ ᠤ᠋ᠨ ᠵᠦᠢᠯᠡᠰ ᠤ᠋ᠨ 《ᠲᠤᠰᠬᠠᠢ ᠬᠦᠮᠦᠨ᠂ ᠲᠤᠰᠬᠠᠢ ᠯᠠᠩᠭᠦᠢ᠂ ᠲᠤᠰᠬᠠᠢ ᠲᠡᠮᠳᠡᠭᠯᠡᠯ》 ᠲᠠᠢ᠂ ᠰᠡᠷᠡᠮᠵᠢᠯᠡᠭᠦᠯᠬᠦ ᠢᠯᠡᠷᠬᠡᠢᠯᠡᠯ ᠲᠠᠢ᠂ ᠡᠮᠴᠢ ᠶ᠋ᠢᠨ ᠵᠤᠷ ᠶ᠋ᠢᠡᠷ ᠪᠤᠳᠠᠳᠤ ᠨᠡᠷ᠎ᠠ ᠪᠡᠨ ᠳᠠᠩᠰᠠᠯᠠᠭᠤᠯᠤᠨ ᠬᠤᠳᠠᠯᠳᠤᠨ ᠠᠪᠬᠤ ᠵᠡᠷᠭᠡ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ ᠪᠠᠢᠭ᠎ᠠ ᠪᠠᠢᠳᠠᠯ ᠢ᠋ ᠲᠤᠬᠠᠢ ᠶ᠋ᠢᠨ ᠲᠠᠯᠠᠪᠤᠷ ᠲᠤᠨᠢ ᠰᠢᠯᠭᠠᠨ ᠪᠠᠢᠴᠠᠭᠠᠵᠤ᠂ ᠲᠡᠮᠳᠡᠭᠯᠡᠯ ᠨᠢ ᠳᠤᠳᠠᠭᠤ᠂ ᠳᠤᠭᠳᠠᠭᠠᠯ ᠡᠴᠡ ᠵᠦᠷᠢᠴᠡᠨ ᠬᠤᠳᠠᠯᠳᠤᠭᠰᠠᠨ ᠵᠡᠷᠭᠡ ᠠᠰᠠᠭᠤᠳᠠᠯ ᠢ᠋ ᠢᠯᠡᠷᠡᠭᠦᠯᠦᠭᠰᠡᠨ ᠳᠠᠷᠤᠢ ᠳ᠋ᠤᠨᠢ ᠴᠡᠭᠴᠡᠯᠡᠨ ᠵᠠᠰᠠᠬᠤ ᠶ᠋ᠢ ᠱᠠᠭᠠᠷᠳᠠᠪᠠ᠃ ᠪᠠᠰᠠ ᠬᠠᠷᠢᠶ᠎ᠠ ᠤᠷᠤᠨ ᠤ᠋ ᠬᠦᠭᠡᠷᠦᠭᠦᠯᠬᠦ ᠦᠢᠯᠡᠳᠦᠯ ᠪᠦᠬᠦᠢ ᠡᠮ ᠤ᠋ᠨ ᠵᠦᠢᠯᠡᠰ ᠡᠵᠡᠩᠨᠡᠬᠦ ᠠᠵᠤ ᠠᠬᠤᠢᠯᠠᠯ ᠳ᠋ᠤ ᠡᠳᠦᠷ ᠲᠤᠳᠤᠮ ᠤ᠋ᠨ ᠬᠢᠨᠠᠯᠳᠠ ᠬᠠᠮᠢᠶᠠᠷᠤᠯᠳᠠ ᠶ᠋ᠢᠨ ᠪᠠᠢᠴᠠᠭᠠᠯᠳᠠ ᠶ᠋ᠢ ᠴᠢᠩᠭᠠᠳᠬᠠᠵᠤ᠂ ᠪᠤᠷᠤᠯᠠᠭᠤᠯᠭ᠎ᠠ ᠶ᠋ᠢᠨ ᠵᠠᠮ ᠮᠦᠷ᠂ ᠡᠵᠡᠩᠨᠡᠯᠳᠡ ᠵᠢᠨ ᠬᠢᠷᠢ ᠭᠡᠮ ᠢ᠋ ᠭᠤᠤᠯᠳᠠᠯᠭ᠎ᠠ ᠲᠠᠢ ᠪᠠᠢᠴᠠᠭᠠᠵᠤ ᠬᠠᠷᠭᠤᠭᠤᠯᠤᠨ᠂ ᠬᠦᠭᠡᠷᠦᠭᠦᠯᠬᠦ ᠦᠢᠯᠡᠳᠦᠯ ᠪᠦᠬᠦᠢ ᠡᠮ ᠤ᠋ᠨ ᠵᠦᠢᠯᠡᠰ ᠤ᠋ᠨ ᠬᠠᠤᠯᠢ ᠪᠤᠰᠤ ᠵᠠᠮ ᠶ᠋ᠢᠡᠷ ᠪᠤᠷᠤᠯᠠᠭᠤᠯᠤᠭᠳᠠᠬᠤ ᠶ᠋ᠢ ᠴᠢᠩᠭ᠎ᠠ ᠰᠡᠷᠭᠡᠢᠯᠡᠪᠡ᠃