ᠬᠥᠬᠡᠡᠡᠣᠲᠠ ᠎ᠶᠢᠨ ᠲᠠᠪᠤᠳᠤᠭᠠᠷ ᠬᠤᠭᠤᠴᠠᠭᠠᠨ ᠎ᠤ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠎ᠤᠨ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ᠎ᠤᠨ ᠪᠦᠳᠦᠭᠡᠯ ᠤ᠋ᠨ ᠦᠵᠡᠰᠬᠦᠯᠡᠩ ᠡᠬᠢᠯᠡᠪᠡ
2026-08-13 10:01:50
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠬᠥᠬᠡᠡᠡᠣᠲᠠ ᠎ᠶᠢᠨ ᠲᠠᠪᠤᠳᠤᠭᠠᠷ ᠬᠤᠭᠤᠴᠠᠭᠠᠨ ᠎ᠤ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠎ᠤᠨ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ᠎ᠤᠨ ᠪᠦᠲᠦᠭᠡᠯ ᠎ᠦᠨ ᠦᠵᠡᠰᠬᠦᠯᠡᠩ ᠬᠦᠬᠡᠡᠡᠣᠲᠠ᠎ᠶᠢᠨ ᠰᠣᠶᠣᠯ᠎ᠤᠨ ᠣᠷᠳᠣᠨ᠎ᠳᠤ ᠡᠬᠢᠯᠡᠵᠦ᠂ ᠦᠵᠡᠰᠬᠦᠯᠡᠩ ᠎ᠨᠢ 8 ᠰᠠᠷ᠎ᠠ᠎ᠶᠢᠨ 19 ᠎ᠤ᠋ ᠡᠳᠦᠷ ᠪᠣᠯᠲᠠᠯ᠎ᠠ ᠦᠷᠬᠦᠯᠵᠢᠯᠡᠨ᠎ᠠ᠃ ᠲᠣᠰ ᠤᠳᠠᠭᠠᠨ᠎ᠤ ᠦᠵᠡᠰᠬᠦᠯᠡᠩ ᠨᠢ 《ᠪᠢᠷ ᠪᠡᠭᠡᠰ ᠵᠢᠡᠷ ᠤᠭ ᠰᠠᠨᠠᠭ᠎ᠠ᠎ᠪᠠᠨ ᠢᠯᠡᠳᠭᠡᠵᠦ᠂ ᠤᠷᠠᠨ ᠪᠦᠳᠦᠭᠡᠯ ᠵᠢᠡᠷ ᠠᠶᠠᠨ᠎ᠢᠶᠠᠨ ᠮᠠᠭᠲᠠᠨ ᠳᠠᠭᠤᠯᠠᠬᠤ》 ᠪᠠᠷ ᠭᠣᠣᠯ ᠰᠡᠳᠦᠪ ᠪᠣᠯᠭᠠᠵᠤ᠂ ᠤᠳᠬ᠎ᠠ ᠤᠷᠠᠯᠢᠭ᠋᠎ᠤᠨ ᠪᠦᠲᠦᠭᠡᠯ᠎ᠢᠶᠡᠷ᠎ᠢᠶᠡᠨ ᠠᠬᠠᠮᠠᠳ ᠴᠡᠷᠢᠭ᠎ᠦᠨ ᠴᠣᠭ ᠵᠢᠪᠬᠤᠭ᠎ᠠ᠎ᠶᠢ ᠢᠯᠡᠷᠡᠭᠦᠯᠵᠦ᠂ ᠦᠵᠡᠰᠬᠦᠯᠡᠡᠭ ᠡᠬᠢᠯᠡᠭᠰᠡᠨ ᠠᠩᠬᠠᠨ᠎ᠤ ᠡᠳᠦᠷ ᠨᠡᠢᠭᠡᠮ ᠤ᠋ᠨ ᠡᠯ᠎ᠡ ᠡᠲᠡᠭᠡᠳ᠎ᠦᠨ 200 ᠭᠠᠷᠤᠢ ᠣᠯᠠᠨ ᠲᠦᠮᠡᠨ ᠲᠤᠬᠠᠢ᠎ᠶᠢᠨ ᠲᠠᠯᠠᠪᠠᠶ᠎ᠳᠤ ᠢᠷᠡᠵᠦ ᠲᠣᠭᠣᠷᠢᠨ ᠦᠵᠡᠪᠡ᠃

ᠲᠣᠰ ᠤᠳᠠᠭ᠎ᠠ ᠵᠢᠨ ᠠᠵᠢᠯᠯᠠᠭ᠎ᠠ᠎ᠶᠢ ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ ᠪᠠ ᠬᠣᠶᠠᠷ ᠎ᠢ ᠬᠦᠷᠢᠶᠡᠯᠡᠬᠦ ᠠᠵᠢᠯ᠎ᠤᠨ ᠤᠳᠤᠷᠢᠳᠬᠤ ᠳᠤᠭᠤᠢᠯᠠᠩ ᠎ᠤᠨ ᠠᠯᠪᠠᠨ ᠭᠡᠷ᠂ ᠬᠦᠬᠡᠡᠡᠣᠲᠠ᠎ᠶᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ ᠎ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠬᠠᠮᠲᠤᠷᠠᠨ ᠡᠷᠭᠢᠯᠡᠪᠡ᠃ ᠠᠵᠢᠯᠯᠠᠭ᠎ᠠ ᠡᠬᠢᠯᠡᠭᠰᠡᠨ᠎ᠡᠴᠡ ᠨᠠᠭᠠᠰᠢ᠂ ᠪᠦᠬᠦ ᠬᠤᠳᠠ᠎ᠶᠢᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠤ᠋ᠨ ᠠᠵᠢᠯᠳᠠᠨ ᠢᠳᠡᠪᠬᠢᠲᠡᠢ᠎ᠪᠡᠷ ᠪᠦᠳᠦᠭᠡᠯ ᠵᠢᠡᠨ ᠲᠡᠪᠰᠢᠬᠦᠯᠵᠦ᠂ ᠴᠢᠩᠭ᠎ᠠ ᠬᠢᠨᠠᠨ ᠲᠣᠭᠲᠠᠭᠠᠯᠲᠠ ᠬᠢᠬᠦ᠎ᠪᠡᠷ ᠲᠠᠮᠵᠢᠨ 160 ᠭᠠᠷᠤᠢ ᠰᠣᠳᠣᠨ ᠪᠦᠲᠦᠭᠡᠯ ᠎ᠢ ᠳᠡᠯᠭᠡᠨ ᠦᠵᠡᠭᠦᠯᠪᠡ᠃ ᠤᠷᠠᠨ ᠪᠦᠳᠦᠭᠡᠯ ᠨᠢ ᠴᠡᠷᠢᠭ ᠠᠩᠭᠢ᠎ᠶᠢᠨ ᠣᠨ ᠰᠠᠷ᠎ᠠ᠂ ᠦᠨᠳᠦᠰᠦᠲᠡᠨ᠎ᠦ ᠪᠦᠯᠬᠦᠮᠳᠡᠯ᠂ ᠬᠤᠳᠠ ᠬᠥᠳᠡᠭᠡ᠎ᠶᠢᠨ ᠬᠥᠭᠵᠢᠯᠲᠡ ᠵᠡᠷᠭᠡ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠴᠡᠷᠢᠭ᠎ᠤᠨ ᠠᠮᠢᠳᠤᠷᠠᠯ᠎ᠤᠨ ᠡᠷᠭᠢᠴᠡᠭᠦᠯᠦᠯ ᠪᠠᠢᠬᠤ ᠪᠥᠭᠡᠳ ᠴᠠᠭ ᠦᠶ᠎ᠡ᠎ᠶᠢᠨ ᠬᠥᠭᠵᠢᠯᠲᠡ᠎ᠶᠢᠨ ᠲᠤᠬᠠᠢ ᠮᠠᠭᠲᠠᠭᠠᠯ ᠰᠠᠢᠰᠢᠶᠠᠯ᠎ᠢ ᠠᠭᠤᠯᠤᠬᠰᠠᠨ ᠪᠠᠢᠨ᠎ᠠ᠃《ᠲᠣᠰ ᠤᠳᠠᠭᠠᠨ ᠎ᠤ ᠦᠵᠡᠰᠬᠦᠯᠡᠩ ᠎ᠢ ᠡᠷᠭᠢᠯᠡᠭᠰᠡᠨ ᠨᠢ ᠬᠤᠪᠢᠰᠬᠠᠯᠲᠤ ᠤᠳᠤᠮᠰᠢᠯ ᠎ᠢ ᠤᠯᠠᠮᠵᠢᠯᠠᠨ ᠵᠠᠯᠭᠠᠮᠵᠢᠯᠠᠵᠤ᠂ ᠴᠡᠷᠢᠭ᠎ᠢᠶᠡᠨ ᠬᠦᠷᠢᠶᠡᠯᠡᠨ ᠭᠡᠷ ᠪᠦᠯᠢ ᠵᠢᠨ ᠬᠢᠨ ᠎ᠢ ᠬᠠᠷᠠᠭᠠᠯᠵᠠᠬᠤ ᠤᠯᠠᠮᠵᠢᠯᠠᠯ᠎ᠢ ᠪᠠᠳᠠᠷᠠᠭᠤᠯᠤᠭᠰᠠᠨ ᠠᠮᠢᠳᠤᠯᠢᠭ᠋ ᠦᠢᠯᠡᠳᠦᠯᠭᠡ ᠪᠣᠯᠬᠤ᠎ᠪᠠᠷ ᠪᠠᠷᠠᠬᠤ ᠦᠭᠡᠢ᠂ ᠪᠠᠰᠠ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠬᠦᠴᠦᠨ᠎ᠢ ᠨᠢᠭ᠍ᠲᠠᠷᠠᠭᠤᠯᠵᠤ᠂ ᠣᠷᠣᠨ᠎ᠤ ᠲᠥᠪ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ ᠵᠢ ᠵᠤᠷᠢᠪᠠ 》 ᠭᠡᠵᠦ ᠬᠥᠬᠡᠡᠡᠣᠲᠠ᠎ᠶᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃

ᠤᠢᠯᠠᠭᠠᠬᠰᠠᠨ ᠵᠢᠡᠷ ᠬᠦᠬᠡᠡᠡᠤᠳᠠ ᠨᠢᠭᠡᠨᠳᠡ 5 ᠵᠢᠯ ᠲᠠᠷᠠᠭᠠᠯᠠᠨ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠤᠷᠠᠨ ᠪᠢᠴᠢᠯᠭᠡ ᠤᠷᠠᠨ ᠵᠢᠷᠤᠭ ᠬᠡᠷᠡᠯ ᠵᠢᠷᠤᠭ ᠤ᠋ᠨ ᠪᠦᠳᠦᠭᠡᠯ ᠤ᠋ᠨ ᠦᠵᠡᠰᠬᠦᠯᠡᠡᠭ ᠡᠷᠬᠢᠯᠡᠵᠦ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠣᠶᠤᠨ ᠰᠠᠨᠠᠭ᠎ᠠ ᠰᠣᠶᠣᠯ ᠎ᠤᠨ ᠠᠮᠢᠳᠤᠷᠠᠯ ᠎ᠢ ᠪᠠᠶᠠᠯᠢᠭ᠍ᠵᠢᠭᠤᠯᠵᠤ᠂ ᠪᠦᠬᠦ ᠨᠡᠢᠭᠡᠮ ᠳ᠋ᠤ ᠴᠡᠷᠢᠭ᠎ᠢ ᠬᠦᠨᠳᠦᠳᠬᠡᠨ ᠴᠡᠷᠢᠭ ᠎ᠢ ᠳᠡᠭᠡᠳᠦᠯᠡᠬᠦ ᠠᠭᠤᠷ ᠠᠮᠢᠰᠬᠤᠯ᠎ᠢ ᠨᠡᠡᠭ ᠵᠤᠵᠠᠭᠠᠳᠬᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号