ᠪᠦᠬᠦ᠌ ᠣᠷᠣᠨ᠎ᠤ ᠳᠣᠯᠣᠳᠤᠭᠠᠷ ᠬᠤᠭᠤᠴᠠᠭᠠᠨ᠎ᠤ 《ᠴᠣᠮᠣᠷᠯᠢᠭ ᠬᠤᠨᠳᠠᠭᠠᠲᠤ》 ᠬᠡᠦᠬᠡᠳ᠎ᠦᠨ ᠥᠭᠦᠯᠡᠯᠭᠡ᠎ᠶᠢᠨ ᠤᠷᠤᠯᠳᠤᠭᠠᠨ ᠠᠮᠵᠢᠯᠲᠠ᠎ᠲᠠᠶ ᠶᠠᠪᠤᠭᠳᠠᠵᠠᠢ
2026-08-13 09:53:56
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠠᠮ ᠵᠠᠭᠤᠴᠢᠯᠠᠭᠤᠷ᠎ᠤᠨ ᠲᠥᠪ᠎ᠡᠴᠡ ᠭᠣᠣᠯᠯᠠᠨ ᠡᠷᠬᠢᠯᠡᠭᠰᠡᠨ ᠪᠦᠬᠦ᠌ ᠣᠷᠣᠨ᠎ᠤ ᠳᠣᠯᠣᠳᠤᠭᠠᠷ ᠬᠤᠭᠤᠴᠠᠭᠠᠨ᠎ᠤ《ᠴᠣᠮᠣᠷᠯᠢᠭ ᠬᠤᠨᠳᠠᠭᠠᠲᠤ》ᠬᠡᠦᠬᠡᠳ᠎ᠦᠨ ᠥᠭᠦᠯᠡᠯᠭᠡ᠎ᠶᠢᠨ ᠤᠷᠤᠯᠳᠤᠭᠠᠨ᠎ᠤ ᠰᠢ᠌ᠳᠪᠦᠷᠢᠲᠦ᠍ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃

ᠤᠷᠤᠯᠳᠤᠭᠠᠨ ᠨᠢ ᠪᠦᠬᠦ᠌ ᠣᠷᠣᠨ᠎ᠤ ᠪᠠᠭᠠᠴᠤᠳ ᠬᠡᠦᠬᠡᠳ᠎ᠲᠦ᠍ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠲᠠᠢ ᠰᠢᠯᠢᠳᠡᠭ  ᠤᠳᠬ᠎ᠠ ᠵᠣᠬᠢᠶᠠᠯ᠎ᠤᠨ ᠪᠦᠲᠦᠭᠡᠯ ᠬᠠᠩᠭᠠᠬᠤ ᠪᠡᠷ ᠭᠤᠤᠯ ᠵᠤᠷᠢᠯᠲᠠ ᠪᠡᠨ ᠪᠤᠯᠭᠠᠵᠦ᠂ ᠡᠮᠦᠨᠡᠬᠢ ᠬᠤᠭᠤᠴᠠᠭᠠᠨ᠎ᠤ ᠱᠠᠲᠤ᠌ ᠱᠠᠲᠤ ᠎ᠪᠠᠷ ᠰᠢᠯᠢᠨ ᠰᠣᠩᠭᠣᠬᠤ᠎ᠪᠠᠷ ᠳᠡᠮᠵᠢᠨ ᠨᠡᠶ᠋ᠢᠲᠡ 35 ᠪᠦᠲᠦᠭᠡᠯ ᠎ᠢ ᠡᠴᠦᠰ᠎ᠦᠨ ᠰᠢᠯᠭᠠᠷᠠᠭᠤᠯᠤᠯᠲᠠ ᠳ᠋ᠦ ᠤᠷᠤᠯᠴᠠᠭᠤᠯᠵᠠᠢ᠃ ᠲᠤᠰᠬᠠᠢ ᠮᠡᠷᠭᠡᠵᠢᠯᠲᠡᠨ ᠎ᠦ ᠰᠢᠯᠭᠠᠷᠠᠭᠤᠯᠬᠤ ᠺᠣᠮᠢᠰ ᠡᠴᠡ ᠰᠢᠯᠭᠠᠷᠠᠭᠤᠯᠬᠤ ᠳᠦᠷᠢᠮ᠎ᠢ ᠦᠨᠳᠦᠰᠦᠯᠡᠨ ᠶᠡᠷᠦᠩᠬᠡᠶ᠋ᠢᠯᠡᠭᠰᠡᠨ ᠬᠤᠪᠢ ᠥᠭᠴᠦ᠍᠂ ᠬᠠᠮᠤᠭ᠎ᠤᠨ ᠡᠴᠦᠰ᠎ᠲᠦ᠍ ᠨᠢᠭᠡᠳᠦᠭᠡᠷ ᠳᠡᠰ᠎ᠤᠨ ᠱᠠᠩᠨᠠᠯ᠎ᠢ  1 ᠨᠡᠷ᠎ᠡ᠂ ᠬᠣᠶᠠᠳᠤᠭᠠᠷ ᠳᠡᠰ᠎ᠤᠨ ᠱᠠᠩᠨᠠᠯ᠎ᠢ  2  ᠨᠡᠷ᠎ᠡ᠂ ᠭᠤᠷᠪᠠᠳᠤᠭᠠᠷ ᠳᠡᠰ᠎ᠤᠨ ᠱᠠᠩᠨᠠᠯ ᠎ᠢ  3 ᠨᠡᠷ᠎ᠡ᠂ ᠰᠢᠯᠢᠳᠡᠭ ᠱᠠᠩᠨᠠᠯ᠎ᠢ 10  ᠨᠡᠷ᠎ᠡ ᠲᠣᠳᠤᠷᠠᠭᠤᠯᠪᠠ᠃

《ᠴᠣᠮᠣᠷᠯᠢᠭ ᠬᠤᠨᠳᠠᠭᠠᠲᠤ 》 ᠬᠡᠦᠬᠡᠳ᠎ᠦᠨ ᠥᠭᠦᠯᠡᠯᠭᠡ᠎ᠶᠢᠨ ᠤᠷᠤᠯᠳᠤᠭᠠᠨ ᠪᠣᠯ ᠡᠪ ᠬᠠᠮᠲᠤ᠌ ᠵᠠᠯᠠᠭᠤᠴᠤᠳ᠎ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠬᠣᠷᠢᠶ᠎ᠠ᠎ᠡᠴᠡ ᠭᠣᠣᠯᠯᠠᠨ ᠬᠠᠮᠢᠶᠠᠷᠴᠤ᠌ ᠪᠠᠶ᠋ᠢᠭ᠎ᠠ ᠪᠠᠭᠠᠴᠤᠳ᠎ᠤᠨ ᠬᠣᠰᠢᠭᠤᠴᠢ ᠠᠩᠭᠢ᠎ᠶᠢᠨ 《ᠴᠣᠮᠣᠷᠯᠢᠭ (ᠮᠣᠩᠭᠣᠯ ᠬᠡᠯᠡ)》 ᠰᠡᠳᠬᠦᠯ᠎ᠦᠨ ᠲᠦᠷᠦᠯ ᠲᠡᠮᠳᠡᠭᠲᠦ ᠤᠷᠤᠯᠳᠤᠭᠠᠨ ᠎ᠤ ᠨᠢᠭᠡ ᠪᠣᠯᠤᠨ᠎ᠠ᠃ 2013 ᠣᠨ᠎ᠳ᠋ᠤ ᠠᠩᠬᠠᠳᠤᠭᠠᠷ ᠬᠤᠭᠤᠴᠠᠭᠠᠨ ᠎ᠤ ᠤᠷᠤᠯᠳᠤᠭᠠᠨ ᠎ᠢ ᠡᠷᠬᠢᠯᠡᠭᠰᠡᠨ᠎ᠡᠴᠡ ᠨᠠᠭᠠᠰᠢ ᠪᠦᠬᠦ᠌ ᠣᠷᠣᠨ᠎ᠳᠤ ᠢᠯᠡ᠎ᠪᠡᠷ ᠵᠣᠬᠢᠶᠠᠯ ᠡᠯᠰᠡᠵᠦ᠍᠂ ᠣᠳᠣ ᠨᠢᠭᠡᠨᠲᠡ ᠳᠣᠯᠣᠭᠠᠨ ᠬᠤᠭᠤᠴᠠᠭ᠎ᠠ ᠠᠮᠵᠢᠯᠲᠠ᠎ᠲᠠᠶ ᠶᠠᠪᠤᠭᠳᠠᠵᠤ ᠪᠠᠢᠨ᠎ᠠ᠃ 《ᠴᠣᠮᠣᠷᠯᠢᠭ (ᠮᠣᠩᠭᠣᠯ ᠬᠡᠯᠡ)》 ᠰᠡᠳᠬᠦᠯ 1957 ᠣᠨ᠎ᠳᠤ ᠬᠡᠪᠯᠡᠯ ᠡᠬᠢᠯᠡᠵᠦ᠍᠂ ᠦᠨᠳᠦᠰᠦᠲᠡᠨ᠎ᠦ ᠣᠷᠣᠨ᠎ᠤ  ᠠᠩᠬᠠᠳᠠᠭᠴᠢ ᠪᠠᠭᠠᠴᠤᠳ᠎ᠤᠨ ᠬᠣᠰᠢᠭᠤᠴᠢ ᠠᠩᠭᠢ᠎ᠶᠢᠨ ᠰᠡᠳᠬᠦᠯ ᠪᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠤᠷᠭᠠᠨ ᠬᠥᠮᠦᠵᠢᠯ᠎ᠦᠨ ᠦᠢᠯᠡᠳᠦᠯᠭᠡ᠎ᠶᠢᠨ ᠥᠯᠥᠭᠡᠢ ᠪᠣᠯᠵᠠᠢ᠃

ᠮᠠᠨ᠎ᠤ ᠣᠷᠣᠨ ᠎ᠤ ᠬᠡᠦᠬᠡᠳ᠎ᠦᠨ ᠤᠳᠬ᠎ᠠ ᠵᠣᠬᠢᠶᠠᠯ ᠎ᠤᠨ ᠬᠦᠷᠢᠶᠡᠨ᠎ᠳᠡᠬᠢ ᠴᠢᠬᠤᠯᠠ ᠲᠥᠷᠥᠯ ᠲᠡᠮᠳᠡᠭᠲᠦ ᠠᠵᠢᠯᠯᠠᠭ᠎ᠠ ᠪᠣᠯᠤᠭᠰᠠᠨ᠎ᠤ ᠬᠤᠪᠢ᠎ᠳᠤ ᠲᠣᠰ ᠬᠤᠭᠤᠴᠠᠭᠠᠨ᠎ᠤ ᠤᠷᠤᠯᠳᠤᠭᠠᠨ᠎ᠨᠢ ᠲᠣᠰ ᠭᠠᠵᠠᠷ ᠎ᠤᠨ ᠵᠣᠬᠢᠶᠠᠨ ᠪᠦᠲᠦᠭᠡᠬᠦ᠌ ᠬᠦᠴᠦᠨ ᠎ᠢ ᠨᠢᠭᠲᠠᠷᠠᠭᠤᠯᠵᠤ᠂ ᠲᠤᠰᠬᠠᠶ ᠮᠡᠷᠭᠡᠵᠢᠯ ᠎ᠦᠨ ᠬᠢᠨᠠᠨ ᠲᠣᠭᠲᠠᠭᠠᠬᠤ ᠲᠣᠭᠲᠠᠴᠠ᠎ᠪᠠᠷ ᠰᠢᠯᠢᠳᠡᠭ ᠦᠭᠦᠯᠡᠯᠭᠡ ᠵᠢ ᠰᠢᠯᠢᠨ ᠰᠣᠩᠭᠣᠵᠤ᠂ ᠪᠥᠬᠥ᠌ ᠣᠷᠣᠨ᠎ᠤ ᠬᠡᠦᠬᠡᠳ᠎ᠦᠨ ᠤᠳᠬ᠎ᠠ ᠵᠣᠬᠢᠶᠠᠯ᠎ᠤᠨ ᠵᠣᠬᠢᠶᠠᠯᠴᠢᠳ᠎ᠲᠤ᠌ ᠪᠦᠲᠦᠭᠡᠯ ᠵᠢᠡᠨ ᠳᠡᠯᠭᠡᠨ ᠦᠵᠡᠭᠦᠯᠬᠦ᠌ ᠪᠠ ᠵᠣᠬᠢᠶᠠᠨ ᠪᠦᠲᠦᠭᠡᠵᠦ᠍ ᠰᠣᠯᠢᠯᠴᠠᠬᠤ ᠬᠤᠤᠰ ᠲᠠᠪᠴᠠᠩ᠎ᠢ ᠪᠠᠶ᠋ᠢᠭᠤᠯᠵᠤ ᠥᠭᠴᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号