1008 ᠲᠦᠮᠡᠨ ᠲᠦᠭᠦᠷᠢᠭ᠎ᠤᠨ ᠠᠷᠠᠯᠵᠢᠶ᠎ᠠ ᠲᠤᠭᠲᠠᠪᠠ
2026-08-13 16:14:09
ᠵᠣᠬᠢᠶᠠᠭ᠍ᠴᠢ᠄
ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 12᠎ᠤᠨ ᠡᠳᠦᠷ᠂ 《ᠤᠯᠠᠭᠠᠨᠬᠤᠲᠠ ᠵᠢᠨ ᠡᠮᠦᠨᠡᠲᠦ ᠬᠡᠰᠡᠭ᠎ᠦᠨ ᠵᠢᠵᠢᠭ ᠰᠠᠪᠠ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠲᠥᠷᠥᠯ ᠵᠦᠢᠯ》᠎ᠤᠨ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠦᠢᠯᠡᠳᠭᠦᠨ᠎ᠦ ᠥᠷᠲᠡᠭ᠎ᠢ ᠬᠤᠪᠢᠷᠠᠭᠤᠯᠬᠤ ᠠᠷᠠᠯᠵᠢᠶ᠎ᠠ ᠬᠢᠩᠭᠠᠨ ᠠᠢᠮᠠᠭ᠎ᠤᠨ ᠤᠯᠠᠭᠠᠨᠬᠣᠲᠠ᠎ᠳᠤ ᠭᠡᠷ᠎ᠡ ᠲᠣᠭᠲᠠᠵᠤ᠂ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 1008 ᠲᠦᠮᠡᠨ ᠲᠥᠭᠥᠷᠢᠭ᠎ᠲᠦ ᠬᠦᠷᠴᠡᠢ᠃ ᠡᠨᠡ ᠪᠣᠯ ᠥᠪᠥᠷ ᠮᠣᠩᠭᠣᠯ᠎ᠤᠨ ᠠᠩᠬᠠᠳᠠᠭ᠍ᠴᠢ ᠮᠢᠩᠭᠠᠨ ᠲᠦᠮᠡᠨ ᠲᠥᠭᠥᠷᠢᠭ᠎ᠦᠨ ᠲᠠᠰ᠎ᠤᠨ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠦᠢᠯᠡᠳᠬᠦᠨ᠎ᠦ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ ᠠᠷᠠᠯᠵᠢᠶ᠎ᠠ ᠪᠣᠯᠣᠨ᠎ᠠ᠃


1.jpg


ᠲᠣᠰ ᠠᠷᠠᠯᠵᠢᠶᠠᠨ᠎ᠤ ᠰᠢᠯᠵᠢᠭᠦᠯᠦᠨ ᠬᠤᠳᠠᠯᠳᠤᠭᠴᠢ ᠲᠠᠯ᠎ᠠ ᠪᠤᠯᠬᠤ ᠤᠯᠠᠭᠠᠨᠬᠣᠲᠠ᠎ᠶᠢᠨ ᠭᠡᠭᠡᠨᠰᠦ᠋ᠮ᠎ᠡ ᠪᠠᠯᠭᠠᠰᠤᠨ᠎ᠤ ᠨᠥᠬᠥᠷᠯᠡᠯ ᠭᠠᠴᠠᠭ᠎ᠠ ᠵᠢᠨ ᠲᠣᠰᠬᠣᠨ᠎ᠤ ᠵᠥᠪᠯᠡᠯ ᠪᠣᠯᠣᠨ ᠬᠤᠳᠠᠯᠳᠤᠨ ᠠᠪᠤᠭ᠍ᠴᠢ ᠲᠠᠯ᠎ᠠ᠎ᠪᠤᠯᠬᠤ ᠥᠪᠥᠷ ᠮᠣᠩᠭᠣᠯ᠎ᠤᠨ ᠰᠧᠨ ᠢ ᠴᠡᠴᠡᠷᠯᠢᠭ᠎ᠦᠨ ᠨᠣᠭᠣᠭᠠᠷᠠᠭᠤᠯᠤᠯᠲᠠ᠎ᠶᠢᠨ ᠬᠢᠵᠠᠭᠠᠷᠲᠤ ᠺᠣᠮᠫᠠᠨᠢ 15.61 ᠲᠡᠭᠰᠢ ᠳᠥᠷᠪᠡᠯᠵᠢᠨ ᠺᠢᠯᠣᠮᠧᠲᠷ᠎ᠦᠨ ᠵᠢᠵᠢᠭ ᠰᠠᠪᠠ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠲᠥᠷᠥᠯ ᠵᠦᠢᠯ᠎ᠦᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠦᠨ 10 ᠵᠢᠯ᠎ᠦᠨ ᠡᠵᠡᠩᠨᠡᠯᠲᠡ᠎ᠶᠢᠨ ᠡᠷᠬᠡ᠎ᠶᠢ ᠠᠮᠵᠢᠯᠲᠠ᠎ᠲᠠᠢ ᠠᠷᠠᠯᠵᠢᠶᠠᠯᠠᠪᠠ᠃ ᠲᠤᠰᠬᠠᠢ ᠮᠡᠷᠭᠡᠵᠢᠯ᠎ᠤᠨ ᠲᠣᠭᠠᠴᠠᠭ᠎ᠠ ᠬᠢᠬᠦ᠎ᠪᠡᠷ ᠳᠡᠮᠵᠢᠨ᠂ ᠲᠣᠰ ᠭᠠᠵᠠᠷ ᠣᠷᠣᠨ᠎ᠤ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠦᠢᠯᠡᠳᠭᠦᠨ᠎ᠦ ᠶᠡᠷᠦᠩᠬᠡᠢ ᠥᠷᠲᠡᠭ ᠨᠢ 384.53 ᠲᠦᠮᠡᠨ ᠲᠥᠭᠥᠷᠢᠭ᠎ᠲᠦ ᠬᠦᠷᠴᠦ᠂ ᠠᠷᠠᠯᠵᠢᠶᠠᠨ᠎ᠤ ᠠᠭᠤᠯᠭ᠎ᠠ ᠨᠢ ᠰᠢᠳ ᠭᠦᠢᠯᠡᠰᠦ᠂ ᠤᠯᠠᠭᠠᠨ ᠴᠠᠨ᠎ᠠ᠂ ᠴᠢᠨᠦ᠎ᠠ᠎ᠶᠢᠨ ᠬᠠᠯᠲᠠᠷ ᠵᠡᠷᠭᠡ ᠠᠵᠤ ᠠᠬᠤᠢ᠎ᠶᠢᠨ ᠣᠶ ᠬᠢᠭᠡᠳ ᠬᠢᠲᠠᠳ ᠡᠮ᠎ᠦᠨ ᠮᠠᠲᠧᠷᠢᠶᠠᠯ᠎ᠤᠨ ᠬᠠᠩᠭᠠᠯᠭ᠎ᠠ᠎ᠶᠢᠨ ᠦᠢᠯᠡᠳᠬᠦᠨ ᠵᠢᠴᠢ ᠬᠡᠭᠡᠷ᠎ᠡ ᠪᠠᠭᠤᠳᠠᠯᠯᠠᠵᠤ ᠰᠡᠯᠡᠭᠦᠴᠡᠨ ᠵᠢᠭᠤᠯᠴᠢᠯᠠᠬᠤ᠂ ᠠᠮᠢ ᠠᠬᠤᠢ᠎ᠶᠢᠨ ᠵᠢᠭᠤᠯᠴᠢᠯᠠᠯ ᠵᠡᠷᠭᠡ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠦ ᠲᠥᠷᠥᠯ᠎ᠦᠨ ᠠᠮᠢ ᠠᠬᠤᠢ᠎ᠶᠢᠨ ᠦᠢᠯᠡᠳᠬᠦᠨ᠎ᠢ ᠬᠠᠮᠤᠷᠴᠤ᠂ 278 ᠡᠷᠦᠬᠡ᠎ᠶᠢᠨ 687 ᠬᠥᠮᠥᠨ᠎ᠳᠦ ᠠᠰᠢᠭ᠋ ᠬᠦᠷᠲᠡᠭᠡᠪᠡ᠃


2.jpg


ᠬᠢᠩᠭᠠᠨ ᠠᠢᠮᠠᠭ᠎ᠤᠨ ᠤᠯᠠᠭᠠᠨᠬᠣᠲᠠ᠎ᠶᠢᠨ ᠭᠡᠭᠡᠨᠰᠦ᠋ᠮ᠎ᠡ ᠪᠠᠯᠭᠠᠰᠤᠨ᠎ᠤ ᠨᠥᠬᠥᠷᠯᠡᠯ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠠᠭᠠᠲᠤᠷ᠄ 《ᠡᠨᠡ ᠤᠳᠠᠭᠠᠨ᠎ᠤ ᠠᠷᠠᠯᠵᠢᠶ᠎ᠠ ᠪᠡᠷ ᠳᠠᠮᠵᠢᠨ᠂ ᠭᠠᠴᠠᠭ᠎ᠠ᠎ᠶᠢᠨ ᠠᠮᠢ ᠠᠬᠤᠢ᠎ᠶᠢᠨ ᠡᠬᠢ ᠪᠠᠶᠠᠯᠢᠭ᠋᠎ᠢ ᠳᠦᠷᠢᠮᠵᠢᠭᠦᠯᠦᠨ ᠡᠷᠭᠢᠯᠳᠦᠭᠦᠯᠬᠦ᠎ᠶᠢ ᠪᠡᠶᠡᠯᠡᠭᠦᠯᠵᠦ᠂ ᠭᠠᠴᠠᠭᠠᠨ᠎ᠤ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠪᠠ》 ᠭᠡᠵᠦ ᠢᠯᠡᠳᠬᠡᠪᠡ᠃


3.jpg


ᠲᠣᠰ ᠤᠳᠠᠭᠠᠨ᠎ᠤ ᠭᠡᠷ᠎ᠡ ᠲᠣᠭᠲᠠᠭᠰᠠᠨ ᠲᠥᠷᠥᠯ ᠵᠦᠢᠯ ᠨᠢ ᠪᠣᠳᠠᠰ᠎ᠤᠨ ᠬᠠᠩᠭᠠᠯᠭ᠎ᠠ᠂ ᠰᠣᠶᠣᠯ᠎ᠤᠨ ᠦᠢᠯᠡᠴᠢᠯᠡᠭᠡ᠎ᠶᠢ ᠬᠠᠷᠢᠯᠴᠠᠨ ᠤᠶᠠᠯᠳᠤᠭᠤᠯᠵᠤ᠂ ᠥᠷᠲᠡᠭ᠎ᠢ ᠲᠣᠭᠠᠴᠠᠭᠠᠯᠠᠬᠤ᠂ ᠬᠡᠮᠵᠢᠶᠡᠵᠢᠭᠦᠯᠦᠨ ᠦᠨᠡᠯᠡᠨ ᠵᠢᠱ᠌ᠢᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠎ᠪᠠᠷ ᠳᠡᠮᠵᠢᠨ᠂ ᠤᠰᠤᠨ᠎ᠤ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠬᠢᠭᠡᠳ ᠣᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠬᠦ᠂ ᠬᠥᠳᠡᠭᠡ ᠲᠣᠰᠬᠣᠨ ᠎ᠢ ᠬᠥᠭᠵᠢᠭᠦᠯᠦᠨ ᠮᠠᠨᠳᠤᠭᠤᠯᠬᠤ ᠎ᠶᠢ ᠣᠷᠭᠠᠨᠢᠭ᠋᠎ᠢᠶᠠᠷ ᠤᠶᠠᠯᠳᠤᠭᠤᠯᠬᠤ ᠪᠠ ᠬᠠᠮᠲᠤ᠎ᠪᠠᠷ ᠪᠠᠢᠭᠤᠯᠵᠤ ᠬᠠᠮᠲᠤ᠎ᠪᠠᠷ ᠠᠰᠢᠭ᠋ ᠭᠥᠷᠳᠡᠬᠦ᠎ᠶᠢ ᠪᠡᠶᠡᠯᠡᠭᠦᠯᠪᠡ᠃


4.jpg

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号