《ᠲᠡᠷᠢᠭᠦᠯᠡᠭᠴᠢ ᠬᠤᠨᠳᠠᠭᠠᠲᠤ》 ᠵᠢᠨ ᠳᠤᠮᠳᠠ ᠵᠡᠷᠭᠡ᠎ᠶᠢᠨ ᠠᠵᠢᠯ ᠮᠡᠷᠭᠡᠵᠢᠯ ᠲᠤᠰᠬᠠᠢ ᠮᠡᠷᠭᠡᠵᠢᠯ᠎ᠦᠨ ᠳᠤᠭᠤᠢᠯᠠᠩ᠎ᠤᠨ ᠤᠷᠤᠯᠳᠤᠭᠠᠨ ᠳᠠᠭᠤᠰᠪᠠ
2026-08-13 16:26:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭᠠᠲᠤ》 ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠳᠥᠷᠪᠡᠳᠦᠭᠡᠷ ᠳᠡᠰ᠎ᠤᠨ ᠬᠣᠯᠪᠣᠭᠠᠲᠤ ᠤᠷᠤᠯᠳᠤᠭᠠᠨ᠎ᠤ ᠳᠤᠮᠳᠠ ᠵᠡᠷᠭᠡ᠎ᠶᠢᠨ ᠠᠵᠢᠯ ᠮᠡᠷᠭᠡᠵᠢᠯ ᠲᠤᠮᠳᠠ ᠵᠡᠷᠭᠡ ᠵᠢᠨ ᠲᠤᠰᠬᠠᠢ ᠮᠡᠷᠭᠡᠵᠢᠯ᠎ᠦᠨ ᠳᠤᠭᠤᠢᠯᠠᠩ᠎ᠤᠨ ᠤᠷᠤᠯᠳᠤᠭᠠᠨ 8 ᠰᠠᠷ᠎ᠠ᠎ᠶᠢᠨ 10 ᠎ᠤ ᠡᠳᠦᠷ ᠲᠦᠩᠯᠢᠶᠣᠣ ᠬᠣᠲᠠ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠥᠨᠳᠥᠷᠯᠡᠪᠡ᠃ ᠲᠣᠰ ᠤᠳᠠᠭᠠᠨ᠎ᠤ ᠤᠷᠤᠯᠳᠤᠭᠠᠨ᠎ᠳᠤ ᠪᠥᠬᠥ ᠣᠷᠣᠨ᠎ᠤ 15 ᠡᠷᠡᠭᠲᠡᠢ᠎ᠶᠢᠨ ᠲᠥᠯᠥᠭᠡᠯᠡᠭᠴᠢᠳ᠎ᠦᠨ ᠠᠩᠭᠢ ᠪᠠ 6 ᠡᠮᠡᠭᠲᠡᠢ᠎ᠶᠢᠨ ᠲᠥᠯᠥᠭᠡᠯᠡᠭᠴᠢᠳ᠎ᠦᠨ ᠠᠩᠭᠢ ᠵᠢᠨ 450 ᠰᠢᠬᠠᠮ ᠬᠥᠯ ᠪᠥᠮᠪᠥᠭᠡ᠎ᠶᠢᠨ ᠲᠠᠮᠢᠷᠴᠢᠨ ᠤᠷᠤᠯᠳᠤᠭᠠᠨ ᠳ᠋ᠦ ᠤᠷᠤᠯᠴᠠᠪᠠ᠃  


640.png


ᠡᠷᠡᠭᠲᠡᠢ᠎ᠶᠢᠨ ᠳᠤᠭᠤᠢᠯᠠᠩ᠎ᠤᠨ ᠤᠷᠤᠯᠳᠤᠭᠠᠨ᠎ᠳᠤ᠂ ᠬᠥᠬᠡᠬᠣᠲᠠ᠎ᠶᠢᠨ ᠣᠲᠣ᠌ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠰᠤᠷᠭᠠᠭᠤᠯᠢ᠎ᠶᠢᠨ ᠬᠥᠯ ᠪᠥᠮᠪᠥᠭᠡ᠎ᠶᠢᠨ ᠠᠩᠭᠢ ᠮᠠᠩᠯᠠᠢᠯᠠᠵᠤ᠂ ᠡᠮᠡᠭᠲᠡᠢ ᠵᠢᠨ ᠳᠤᠭᠤᠢᠯᠠᠩ᠎ᠤᠨ ᠤᠷᠤᠯᠳᠤᠭᠠᠨ ᠳ᠋ᠤ᠂ ᠲᠦᠩᠯᠢᠶᠣᠣ ᠬᠣᠲᠠ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠮᠠᠩᠯᠠᠢᠯᠠᠪᠠ᠃

ᠣᠳᠣᠬᠠᠨ᠎ᠳᠤ᠂ 2026 ᠣᠨ᠎ᠤ ᠥᠪᠥᠷ ᠮᠣᠩᠭᠣᠯ᠎ᠤᠨ ᠰᠤᠷᠭᠠᠭᠤᠯᠢ᠎ᠶᠢᠨ ᠬᠦᠷᠢᠶᠡᠨ ᠎ᠦ ᠬᠥᠯ ᠪᠥᠮᠪᠥᠭᠡ ᠎ᠶᠢᠨ ᠳᠥᠷᠪᠡᠳᠦᠭᠡᠷ ᠳᠡᠰ᠎ᠤᠨ ᠬᠣᠯᠪᠣᠭᠠᠲᠤ ᠤᠷᠤᠯᠳᠤᠭᠠᠨ᠎ᠤ ᠡᠯ᠎ᠡ ᠲᠥᠷᠥᠯ᠎ᠦᠨ ᠤᠷᠤᠯᠳᠤᠭᠠᠨ ᠶᠠᠭ ᠡᠮᠬᠢ ᠵᠢᠷᠤᠮ᠎ᠲᠠᠢ ᠶᠠᠪᠤᠭᠳᠠᠵᠤ ᠪᠠᠢᠨ᠎ᠠ᠃ 8 ᠰᠠᠷ᠎ᠠ᠎ᠶᠢᠨ 17 ᠎ᠤ ᠡᠳᠦᠷ᠂ ᠠᠩᠬ᠎ᠠ ᠳᠤᠮᠳᠠᠳᠤ᠎ᠶᠢᠨ ᠳᠤᠭᠤᠢᠯᠠᠩ᠎ᠤᠨ ᠰᠣᠳᠣᠴᠤᠤᠯ᠎ᠤᠨ ᠤᠷᠤᠯᠳᠤᠭᠠᠨ ᠪᠤᠭᠤᠲᠤ ᠬᠣᠲᠠ᠎ᠳᠤ ᠡᠬᠢᠯᠡᠨ᠎ᠠ; 8 ᠰᠠᠷ᠎ᠠ᠎ᠶᠢᠨ 29 ᠎ᠦ ᠡᠳᠦᠷ᠂ ᠥᠨᠳᠥᠷ ᠳᠤᠮᠳᠠᠳᠤ᠎ᠶᠢᠨ ᠳᠤᠭᠤᠢᠯᠠᠩ᠎ᠤᠨ ᠬᠥᠬᠡ ᠲᠡᠰ᠎ᠤᠨ ᠬᠣᠯᠪᠣᠭᠠᠲᠤ ᠤᠷᠤᠯᠳᠤᠭᠠᠨ ᠣᠷᠳᠣᠰ ᠬᠣᠲᠠ᠎ᠳᠤ ᠡᠬᠢᠯᠡᠨ᠎ᠠ᠃

ᠣᠢᠯᠠᠭᠠᠭᠰᠠᠨ᠎ᠢᠶᠠᠷ᠂ ᠥᠪᠥᠷ ᠮᠣᠩᠭᠣᠯ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠰᠤᠷᠭᠠᠭᠤᠯᠢ᠂ ᠬᠣᠰᠢᠭᠤ (ᠰᠢᠶᠠᠨ)᠂ ᠠᠢᠮᠠᠭ (ᠬᠣᠲᠠ) ᠪᠣᠯᠣᠨ ᠲᠡᠷᠢᠭᠦᠯᠡᠭᠴᠢ ᠬᠤᠨᠳᠠᠭᠠᠲᠤ ᠳᠥᠷᠪᠡᠨ ᠱᠠᠲᠤᠨ᠎ᠤ ᠰᠤᠷᠭᠠᠭᠤᠯᠢ᠎ᠶᠢᠨ ᠬᠦᠷᠢᠶᠡᠨ᠎ᠦ ᠬᠣᠯᠪᠣᠭᠠᠲᠤ ᠤᠷᠤᠯᠳᠤᠭᠠᠨ᠎ᠤ ᠰᠢᠰᠲᠧᠮ᠎ᠢ ᠪᠠᠢᠭᠤᠯᠵᠤ᠂ 《ᠲᠡᠷᠢᠭᠦᠯᠡᠭᠴᠢ ᠬᠤᠨᠳᠠᠭᠠᠲᠤ》 ᠪᠣᠯ ᠡᠭᠦᠨ᠎ᠦ ᠳᠣᠲᠣᠷᠠᠬᠢ ᠬᠠᠮᠤᠭ᠎ᠤᠨ ᠳᠡᠭᠡᠳᠦ ᠲᠠᠰ᠎ᠤᠨ ᠤᠷᠤᠯᠳᠤᠭᠠᠨ ᠪᠣᠯᠣᠨ᠎ᠠ᠃ ᠬᠣᠯᠪᠣᠭᠠᠲᠤ ᠤᠷᠤᠯᠳᠤᠭᠠᠨ ᠨᠢ 2014 ᠣᠨ᠎ᠳᠤ ᠠᠩᠬ᠎ᠠ ᠤᠳᠠᠭ᠎ᠠ ᠶᠠᠪᠤᠭᠳᠠᠭᠰᠠᠨ᠎ᠠᠴᠠ ᠨᠠᠭᠠᠰᠢ᠂ ᠨᠢᠭᠡᠨᠲᠡ ᠣᠨ᠎ᠤ ᠡᠩ᠎ᠦᠨ ᠤᠷᠤᠯᠳᠤᠭᠠᠨ ᠪᠣᠯᠵᠤ᠂ ᠬᠥᠯ ᠪᠥᠮᠪᠥᠭᠡ᠎ᠶᠢᠨ ᠥᠭᠡᠷᠡᠴᠢᠯᠡᠯᠲᠡ ᠬᠥᠭᠵᠢᠯᠲᠡ᠎ᠶᠢ ᠠᠬᠢᠭᠤᠯᠪᠠ᠃

ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号