ᠲᠦᠷᠦᠭᠦᠬᠡᠨ 2026 ᠣᠨ᠎ᠤ ᠦᠪᠦᠷ ᠮᠤᠩᠭᠤᠯ ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠭ᠍ᠰᠢ᠎ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠳᠤᠮᠳᠠ ᠵᠡᠷᠭᠡ᠎ᠶᠢᠨ ᠠᠵᠢᠯ ᠮᠡᠷᠭᠡᠵᠢᠯ᠎ᠦᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠦᠨ ᠵᠢᠭᠠᠨ ᠰᠤᠷᠭᠠᠯᠲᠠ᠎ᠶᠢᠨ ᠴᠢᠳᠠᠪᠤᠷᠢ᠂ ᠠᠩᠭᠢ᠎ᠶᠢᠨ ᠡᠷᠬᠢᠯᠡᠭᠴᠢ᠎ᠶᠢᠨ ᠴᠢᠳᠠᠪᠤᠷᠢ᠂ ᠬᠠᠮᠤᠭ᠎ᠤᠨ ᠭᠣᠶᠣ᠌ ᠠᠩᠭᠢ᠎ᠶᠢᠨ ᠡᠷᠬᠢᠯᠡᠭᠴᠢ᠎ᠶᠢᠨ ᠴᠢᠳᠠᠪᠤᠷᠢ ᠪᠠ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠵᠢᠭᠠᠨ ᠰᠤᠷᠭᠠᠯᠲᠠ᠎ᠶᠢᠨ ᠴᠢᠳᠠᠪᠤᠷᠢ ᠵᠡᠷᠭᠡ ᠳᠥᠷᠪᠡᠨ ᠵᠦᠢᠯ᠎ᠦᠨ ᠲᠤᠬᠠᠢ᠎ᠶᠢᠨ ᠲᠠᠯᠠᠪᠤᠷ᠎ᠤᠨ ᠤᠷᠤᠯᠳᠤᠭᠠᠨ ᠬᠥᠬᠡᠬᠣᠲᠠ ᠳᠤ ᠠᠮᠵᠢᠯᠳᠠ ᠳᠠᠢ ᠶᠠᠪᠤᠭᠳᠠᠵᠠᠢ᠃ ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠪᠥᠬᠥ ᠣᠷᠣᠨ ᠤ ᠳᠤᠮᠳᠠ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠨᠡᠶ᠋ᠢᠲᠡ 151 ᠤᠷᠤᠯᠴᠠᠭᠴᠢ ᠤᠷᠤᠯᠳᠤᠭᠠᠨ᠎ᠳᠤ ᠣᠷᠣᠯᠴᠠᠵᠠᠢ᠃
ᠤᠷᠤᠯᠳᠤᠭᠠᠨ᠎ᠳᠤ ᠣᠷᠣᠯᠴᠠᠭᠰᠠᠨ ᠪᠠᠭ᠍ᠰᠢ ᠨᠠᠷ ᠦᠵᠡᠯ ᠰᠠᠨᠠᠭ᠎ᠠ ᠤᠯᠤᠰ ᠲᠥᠷᠥ᠎ᠪᠡᠷ ᠭᠣᠣᠯ ᠤᠳᠤᠷᠢᠳᠤᠮᠵᠢ ᠪᠣᠯᠭᠠᠵᠤ᠂ ᠲᠣᠭᠠᠴᠢᠯᠠᠭᠰᠠᠨ ᠵᠢᠭᠠᠨ ᠰᠤᠷᠭᠠᠯᠲᠠ᠎ᠶᠢᠨ ᠠᠷᠭ᠎ᠠ ᠪᠠᠷᠢᠯ ᠪᠠ ᠠᠵᠤ ᠦᠢᠯᠡᠰ᠎ᠦᠨ ᠬᠥᠮᠥᠨ ᠢ᠋ ᠬᠥᠮᠥᠵᠢᠭᠦᠯᠬᠦ ᠦᠯᠢᠭᠡᠷ ᠵᠢᠱ᠌ᠢᠶ᠎ᠡ ᠵᠢᠴᠢ ᠠᠩᠭᠢ᠎ᠶᠢᠨ ᠬᠠᠮᠢᠶᠠᠷᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ ᠵᠢ ᠠᠭᠤᠰᠤᠯᠴᠠᠭᠤᠯᠵᠤ᠂ ᠬᠢᠴᠢᠶᠡᠯ᠎ᠦᠨ ᠲᠠᠩᠬᠢᠮ᠎ᠳᠤ ᠬᠢᠴᠢᠶᠡᠯ ᠵᠢᠭᠠᠬᠤ᠂ ᠵᠢᠭᠠᠨ ᠰᠤᠷᠭᠠᠯᠲᠠ᠎ᠶᠢᠨ ᠮᠡᠳᠡᠭᠦᠯᠦᠯᠲᠡ ᠬᠢᠬᠦ᠂ ᠲᠤᠬᠠᠢ᠎ᠶᠢᠨ ᠲᠠᠯᠠᠪᠤᠷ᠎ᠲᠤ ᠨᠣᠮ ᠬᠠᠶᠠᠯᠴᠠᠬᠤ᠂ ᠦᠯᠢᠭᠡᠷ ᠵᠢᠱ᠌ᠢᠶ᠎ᠡ᠎ᠶᠢ ᠬᠤᠪᠢᠶᠠᠯᠴᠠᠬᠤ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠪᠥᠬᠥ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠪᠠᠭ᠍ᠰᠢ᠎ᠨᠠᠷ᠎ᠤᠨ ᠬᠥᠮᠥᠨ ᠢ᠋ ᠬᠥᠮᠥᠵᠢᠭᠦᠯᠬᠦ ᠦᠨᠳᠦᠰᠦᠨ ᠴᠢᠳᠠᠪᠤᠷᠢ᠎ᠶᠢ ᠢᠯᠡᠷᠡᠬᠦᠯᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠲᠤᠰ ᠤᠳᠠᠭᠠᠨ᠎ᠤ ᠤᠷᠤᠯᠳᠤᠭᠠᠨ ᠤ ᠦᠷ᠎ᠡ ᠪᠦᠲᠦᠭᠡᠯ ᠢ ᠪᠦᠬᠦ ᠣᠷᠣᠨ᠎ᠤ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ ᠳ᠋ᠤ ᠦᠢᠯᠡᠳᠦᠯᠭᠡᠵᠢᠬᠦᠯᠵᠦ᠂ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠬᠢᠭᠡᠳ ᠠᠵᠤ ᠦᠢᠯᠡᠰ᠎ᠦᠨ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ ᠢ ᠭᠦᠨᠵᠡᠭᠡᠢᠷᠡᠭᠦᠯᠵᠦ᠂ ᠣᠲᠣ᠌ ᠦᠶ᠎ᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠦᠨ ᠰᠢᠰᠲᠧᠮ᠎ᠤᠨ ᠪᠠᠢᠭᠤᠯᠤᠯᠲᠠ ᠥᠭᠡᠷᠡᠴᠢᠯᠡᠯᠲᠡ᠎ᠶᠢ ᠢᠳᠡᠪᠬᠢᠲᠡᠢ ᠠᠬᠢᠭᠤᠯᠬᠤ ᠪᠤᠯᠤᠨ᠎ᠠ ᠃