ᠸᠠᠩ ᠸᠧᠢ ᠵᠦᠩ ᠪᠦᠦ ᠭᠠᠩ ᠶᠧ ᠰᠢᠶᠠᠩ ᠳ᠋ᠦᠩ ᠰᠢᠤᠢ ᠱᠤ᠌ ᠪᠢᠶᠤᠤ ᠲᠠᠢ ᠠᠭᠤᠯᠵᠠᠭᠰᠠᠨ ᠪᠥᠭᠡᠳ ᠵᠦᠪᠯᠡᠯᠴᠡᠭᠡᠷ ᠲᠤᠭᠳᠠᠬᠤ ᠵᠢ ᠬᠠᠮᠲᠤ᠎ᠪᠠᠷ ᠭᠡᠷᠡᠴᠢᠯᠡᠪᠡ
2026-08-14 10:33:25
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

  8 ᠰᠠᠷ᠎ᠠ᠎ᠶᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠶᠧ ᠰᠢᠶᠠᠩ ᠳ᠋ᠦᠩ᠂ ᠶᠡᠷᠦᠩᠬᠡᠢ ᠳᠠᠭᠠᠭᠠᠮᠠᠯ ᠰᠢᠤᠢ ᠱᠤ᠌ ᠪᠢᠶᠤᠤ ᠲᠠᠢ ᠠᠭᠤᠯᠵᠠᠭᠰᠠᠨ ᠪᠥᠭᠡᠳ ᠵᠦᠪᠯᠡᠯᠴᠡᠭᠡᠷ ᠲᠤᠭᠳᠠᠬᠤ ᠵᠢ ᠬᠠᠮᠲᠤ᠎ᠪᠠᠷ ᠭᠡᠷᠡᠴᠢᠯᠡᠪᠡ᠃


QQ20260814-103239.png


8 ᠰᠠᠷ᠎ᠠ᠎ᠶᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠶᠧ ᠰᠢᠶᠠᠩ ᠳ᠋ᠦᠩ᠂ ᠶᠡᠷᠦᠩᠬᠡᠢ ᠳᠠᠭᠠᠭᠠᠮᠠᠯ ᠰᠢᠤᠢ ᠱᠤ᠌ ᠪᠢᠶᠤᠤ ᠲᠠᠢ ᠠᠭᠤᠯᠵᠠᠭᠰᠠᠨ ᠪᠥᠭᠡᠳ ᠵᠦᠪᠯᠡᠯᠴᠡᠭᠡᠷ ᠲᠤᠭᠳᠠᠬᠤ ᠵᠢ ᠬᠠᠮᠲᠤ᠎ᠪᠠᠷ ᠭᠡᠷᠡᠴᠢᠯᠡᠪᠡ᠃   

ᠳᠤᠰ ᠰᠤᠨᠢᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠬᠦᠳᠡᠷᠯᠡᠪᠠ


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠳᠠᠶ᠋ᠢᠴᠢᠨ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠲᠤ᠌ ᠺᠣᠮᠫᠠᠨᠢ᠎ᠶᠢᠨ ᠳᠡᠳ᠋ ᠶᠡᠷᠦᠩᠬᠡᠶ ᠳᠠᠭᠠᠭᠠᠮᠠᠯ ᠦ᠋ ᠵᠢᠩ ᠺᠠᠶ ᠬᠣᠶᠠᠷ ᠲᠠᠯ᠎ᠠ᠎ᠶᠢ ᠲᠥᠯᠥᠭᠡᠯᠡᠨ ᠪᠠᠶ᠋ᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ ᠵᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠵᠥᠪᠯᠡᠯᠴᠡᠭᠡᠷ᠎ᠲᠦ᠍ ᠭᠠᠷ᠎ᠤᠨ ᠥᠰᠥᠭ ᠵᠢᠷᠤᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠶᠧ ᠰᠢᠶᠠᠩ ᠳ᠋ᠦᠩ ᠪᠣᠯᠤᠨ ᠰᠢᠤᠢ ᠱᠤ᠌ ᠪᠢᠶᠤᠤ ᠨᠠᠷ᠎ᠢ ᠪᠠᠶᠠᠷᠯᠠᠨ ᠤᠭᠲᠤᠵᠤ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠲᠤ᠌ ᠺᠣᠮᠫᠠᠨᠢ ᠵᠢᠨ ᠥᠪᠥᠷ ᠮᠣᠩᠭᠣᠯ᠎ᠤᠨ ᠠᠵᠢᠯ᠎ᠢ ᠳᠡᠮᠵᠢᠭᠰᠡᠨ᠎ᠳᠦ ᠲᠠᠯᠠᠷᠬᠠᠬᠤ᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ ᠪᠦᠬᠦ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ ᠠᠷᠢᠭᠤᠨ ᠴᠡᠪᠡᠷ ᠪᠠᠭ᠎ᠠ ᠨᠡᠭᠦᠷᠡᠰᠦᠲᠥᠶ᠋ᠷᠥᠭᠴᠢᠲᠦ᠍ ᠠᠮᠤᠷ ᠲᠦᠪᠰᠢᠨ ᠥᠨᠳᠥᠷ ᠪᠦᠲᠦᠮᠵᠢᠲᠡᠶ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠪᠣᠬᠢᠷᠲᠤᠯ ᠥᠬᠡᠶ ᠤᠰᠤᠲᠦ᠋ᠷᠥᠭᠴᠢ ᠰᠢᠪᠳᠤᠷ ᠤ᠋ᠨ ᠠᠯᠺᠣᠣᠯ᠂ ᠪᠤᠳᠤᠯᠳᠠ ᠵᠢᠨ ᠬᠦᠴᠦᠨ ᠴᠠᠬᠢᠯᠭᠠᠨ ᠬᠦᠴᠦᠨ ᠢ᠋ ᠬᠠᠮᠵᠢᠯᠴᠠᠭᠤᠯᠬᠤ᠂ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ᠌ ᠵᠡᠷᠭᠡ ᠠᠵᠤ ᠦᠢᠯᠡᠰ᠎ᠢ ᠲᠦᠷᠭᠡᠳᠬᠡᠨ ᠬᠥᠭᠵᠢᠭᠦᠯᠵᠦ᠍᠂ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢ ᠯᠠᠪᠳᠠᠭᠤᠨ ᠪᠠᠲᠤᠲᠠᠶ ᠠᠬᠢᠭᠤᠯᠵᠤ ᠪᠠᠶ᠋ᠢᠨ᠎ᠠ᠃ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠤᠳᠤᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠠᠢᠵᠦ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠲᠤ᠌ ᠺᠣᠮᠫᠠᠨᠢ ᠪᠤᠯ ᠲᠥᠪ ᠡᠴᠡ ᠬᠠᠮᠢᠶᠠᠷᠴᠤ ᠪᠠᠢᠭ᠎ᠠ ᠴᠠᠬᠢᠯᠭᠠᠨ ᠬᠦᠴᠦᠨ᠎ᠢᠶᠡᠷ ᠭᠣᠣᠯ ᠲᠤᠬᠠᠢᠯᠠᠭᠰᠠᠨ ᠠᠵᠢᠯ ᠵᠢᠡᠨ ᠪᠤᠯᠭᠠᠭᠰᠠᠨ ᠣᠨᠴᠠ ᠶᠡᠬᠡ ᠬᠡᠯᠪᠡᠷᠢ ᠵᠢᠨ ᠡᠨᠧᠷᠭᠢ᠎ᠶᠢᠨ ᠠᠵᠤ ᠠᠬᠤᠶ᠋ᠢᠯᠠᠯ ᠪᠤᠯᠬᠤᠷ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠶᠤᠮ᠃ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠲᠤ᠌  ᠺᠣᠮᠫᠠᠨᠢ ᠲᠣᠰ ᠤᠳᠠᠭ᠎ᠠ᠎ᠶᠢᠨ ᠵᠥᠪᠯᠡᠯᠴᠡᠭᠡᠷ᠎ᠲᠦ᠍ ᠭᠠᠷ᠎ᠤᠨ ᠥᠰᠥᠭ ᠵᠢᠷᠤᠬᠤ ᠪᠡᠷ ᠠᠵᠠ ᠲᠣᠬᠢᠶᠠᠯ ᠪᠣᠯᠭᠠᠵᠤ᠂ ᠤᠶᠤᠨᠲᠤ᠌ ᠨᠡᠭᠦᠷᠡᠰᠦᠲᠥᠶ᠋ᠷᠥᠭᠴᠢ ᠥᠬᠡᠶ ᠠᠭᠤᠷᠬᠠᠶ᠎ᠶᠢᠨ ᠣᠷᠣᠨ᠎ᠢ ᠪᠥᠲᠥᠭᠡᠨ ᠪᠠᠶ᠋ᠢᠭᠤᠯᠬᠤ᠂ ᠨᠡᠭᠦᠷᠡᠰᠦ ᠴᠠᠬᠢᠯᠭᠠᠨ᠎ᠢ ᠲᠠᠰ ᠳᠡᠪᠰᠢᠭᠦᠯᠦᠨ ᠥᠭᠡᠷᠡᠴᠢᠯᠡᠬᠦ᠌᠂ ᠰᠢᠨ᠎ᠡ ᠡᠨᠧᠷᠭᠢ᠎ᠶᠢ ᠨᠡᠭᠡᠭᠡᠨ ᠠᠰᠢᠭᠯᠠᠬᠤ᠂ ᠪᠤᠳᠤᠯᠳᠠ ᠵᠢᠨ ᠬᠦᠴᠤᠨ ᠴᠠᠬᠢᠯᠭᠠᠨ ᠬᠦᠴᠤᠨ᠎ᠢ ᠬᠠᠮᠵᠢᠯᠴᠠᠭᠤᠯᠬᠤ᠂ ᠠᠮᠢ ᠠᠬᠤᠶ᠎ᠶᠢ ᠵᠠᠰᠠᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠲᠣᠭᠣᠷᠢᠨ᠎ᠳᠤ ᠪᠠᠯᠠ ᠣᠷᠣᠭᠤᠯᠤᠯᠲᠠ᠎ᠶᠢᠨ ᠪᠠᠶ᠋ᠢᠷᠢᠰᠢᠭᠤᠯᠤᠯᠲᠠ ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠥᠲᠥᠭᠡᠨ ᠪᠠᠶ᠋ᠢᠭᠤᠯᠵᠤ ᠪᠠᠶ᠋ᠢᠭ᠎ᠠ ᠲᠥᠷᠥᠯ ᠵᠦᠢᠯ᠎ᠢ ᠨᠠᠶ᠋ᠢᠳᠠᠪᠤᠷᠢᠵᠢᠭᠤᠯᠵᠤ ᠵᠢᠱ᠌ᠢᠭᠰᠡᠨ ᠬᠠᠮᠤᠭ᠎ᠤᠨ ᠶᠡᠬᠡ ᠦᠢᠯᠡᠳᠪᠤᠷᠢᠯᠡᠯ ᠤ᠋ᠨ ᠴᠢᠳᠠᠪᠤᠷᠢ ᠳ᠋ᠤ ᠬᠦᠷᠭᠡᠬᠦ ᠵᠢ ᠲᠦᠷᠭᠡᠳᠬᠡᠨ ᠠᠬᠢᠭᠤᠯᠵᠤ᠂ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ᠎ᠶᠢᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠲᠡ᠎ᠶᠢᠨ ᠬᠠᠮᠵᠢᠯᠴᠠᠨ ᠰᠢᠨ᠎ᠡ᠎ᠶᠢ ᠡᠭᠦᠳᠬᠦ᠌᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠥᠪᠥᠷ ᠮᠣᠩᠭᠣᠯ᠎ᠯᠤᠭ᠎ᠠ ᠭᠠᠷ ᠬᠣᠯᠪᠣᠨ ᠤᠯᠤᠰ᠎ᠤᠨ ᠬᠥᠭᠵᠢᠯᠲᠡ᠎ᠶᠢᠨ ᠶᠡᠬᠡ ᠲᠠᠯ᠎ᠠ᠎ᠳᠤ ᠨᠠᠩ ᠰᠠᠶ᠋ᠢᠲᠤᠷ ᠦᠢᠯᠡᠴᠢᠯᠡᠨ ᠪᠠᠲᠤᠯᠠᠬᠤ᠎ᠶᠢ ᠬᠦᠰᠡᠵᠦ᠍ ᠪᠠᠶ᠋ᠢᠨ᠎ᠠ᠃ ᠬᠥᠭᠵᠢᠯᠲᠡ᠎ᠶᠢ ᠠᠳᠬᠤᠬᠤ᠎ᠳᠤ ᠠᠮᠤᠷ ᠲᠦᠪᠰᠢᠨ᠎ᠢ ᠮᠠᠷᠲᠠᠵᠤ ᠪᠣᠯᠬᠤ ᠦᠭᠡᠢ᠂ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠳᠤ ᠺᠣᠮᠫᠠᠨᠢ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢ ᠦᠷᠭᠦᠯᠵᠢᠯᠡᠨ ᠴᠢᠩᠭ᠎ᠠ ᠨᠢᠮᠪᠠᠢ ᠰᠠᠶ᠋ᠢᠲᠤᠷ ᠠᠳᠬᠤᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠡᠷ ᠴᠢᠨᠠᠷ ᠰᠠᠶ᠋ᠢᠲᠠᠢ ᠬᠥᠭᠵᠢᠯᠲᠡ᠎ᠶᠢ ᠬᠠᠮᠠᠭᠠᠯᠠᠬᠤ ᠵᠢ ᠬᠦᠰᠡᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠡᠴᠡ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠍᠂ ᠠᠵᠤ ᠠᠬᠤᠶ᠋ᠢᠯᠠᠯ᠎ᠤᠨ ᠥᠪᠥᠷ ᠮᠣᠩᠭᠣᠯ᠎ᠳᠡᠬᠢ ᠨᠠᠩ ᠰᠠᠶ᠋ᠢᠨ ᠬᠥᠭᠵᠢᠯᠳᠠ᠎ᠳᠦ ᠳᠡᠮᠵᠢᠯᠭᠡ ᠦᠵᠡᠬᠦᠯᠦᠨ᠎ᠡ ᠭᠡᠪᠡ᠃

ᠶᠧ ᠰᠢᠶᠠᠩ ᠳ᠋ᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ ᠬᠢᠵᠠᠭᠠᠷᠳᠤ ᠺᠤᠮᠫᠠᠨᠢ᠎ᠳᠤ  ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠭᠰᠠᠨ ᠪᠥᠭᠡᠳ ᠠᠵᠤ ᠠᠬᠤᠶ᠋ᠢᠯᠠᠯ᠎ᠤᠨ ᠬᠣᠯᠪᠣᠭᠳᠠᠯ ᠪᠦᠬᠦᠢ ᠪᠠᠶ᠋ᠢᠳᠠᠯ᠎ᠢᠶᠡᠨ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠡᠨᠧᠷᠭᠢ᠎ᠶᠢᠨ ᠠᠵᠤ ᠦᠢᠯᠡᠰ᠎ᠢ ᠬᠥᠭᠵᠢᠭᠦᠯᠬᠦ᠌ ᠳᠠᠪᠠᠭᠤᠯᠢᠭ ᠲᠤᠪᠤᠢ᠌ᠮ᠎ᠠ ᠪᠠᠶ᠋ᠢᠵᠤ᠂ ᠤᠢ᠌ᠷ᠎ᠠ᠎ᠶᠢᠨ ᠵᠢᠯ᠎ᠡᠴᠡ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠶᠠᠪᠤᠬᠤ ᠲᠤᠳᠤᠮ ᠨᠢᠭᠲᠠᠷᠠᠵᠤ᠂ ᠪᠤᠳᠤᠯᠳᠠ ᠵᠢᠨ ᠬᠦᠴᠤᠨ ᠴᠠᠬᠢᠯᠭᠠᠨ ᠬᠦᠴᠤᠨ᠎ᠤ ᠬᠠᠮᠵᠢᠯᠴᠠᠭ᠎ᠠ᠂ ᠰᠠᠯᠬᠢᠨ ᠬᠦᠴᠤᠨ ᠤ᠋ ᠴᠠᠬᠢᠯᠭᠠᠨ ᠭᠡᠷᠡᠯᠴᠢ ᠴᠡᠨᠡᠭ᠎ᠤᠨ ᠡᠨ᠋ᠸᠷᠬᠢ ᠵᠢ ᠤᠰᠤᠲᠥᠷᠥᠭᠴᠢᠵᠢᠬᠦᠯᠤᠨ  ᠬᠠᠳᠠᠭᠠᠯᠠᠬᠤ ᠵᠡᠷᠭᠡ ᠬᠦᠷᠢᠶᠡᠨ᠎ᠳᠦ ᠨᠢᠭᠡ ᠪᠦᠯᠦᠭ ᠲᠦᠷᠦᠯ ᠵᠦᠢᠯ᠎ᠢ ᠨᠠᠶ᠋ᠢᠳᠠᠪᠤᠷᠢᠵᠢᠭᠤᠯᠪᠠ᠃ ᠲᠠᠷᠠᠭᠠᠴᠢ᠎ᠶᠢᠨ ᠠᠯᠬᠤᠮ᠎ᠳᠤ ᠳᠤᠮᠳᠠᠳᠤ ᠤᠯᠤᠰ᠎ᠤᠨ ᠬᠤᠸᠠ ᠳ᠋ᠢᠶᠠᠨ  ᠪᠦᠯᠦᠭᠯᠡᠯ ᠬᠢᠵᠠᠭᠠᠷᠳᠤ ᠺᠣᠮᠫᠠᠨᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠡᠨᠧᠷᠭᠢ᠎ᠶᠢᠨ ᠬᠤᠪᠢᠰᠬᠠᠯ᠎ᠤᠨ ᠲᠤᠬᠠᠶ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠡᠴᠡ ᠬᠠᠮᠢᠶᠠᠷᠴᠤ ᠪᠠᠢᠭ᠎ᠠ ᠠᠵᠤ ᠠᠬᠤᠶ᠋ᠢᠯᠠᠯ᠎ᠤᠨ ᠪᠠᠯᠠ ᠮᠥᠩᠭᠥ᠌᠂ ᠮᠡᠷᠭᠡᠵᠢᠯ᠂ ᠠᠵᠤ ᠦᠢᠯᠡᠰ᠎ᠦᠨ ᠬᠡᠯᠬᠢᠶ᠎ᠡ᠎ᠶᠢᠨ ᠳᠠᠪᠠᠭᠤᠯᠢᠭ᠎ᠢᠶᠡᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠣᠯ᠎ᠤᠨ ᠬᠥᠭᠵᠢᠯᠲᠡ᠎ᠶᠢᠨ ᠬᠡᠷᠡᠭᠴᠡᠭᠡ ᠯᠤᠭᠡ ᠨᠢᠬᠳᠠ ᠤᠶᠠᠯᠳᠤᠭᠤᠯᠵᠤ᠂ ᠪᠠᠯᠠ ᠣᠷᠣᠭᠤᠯᠤᠯᠲᠠ᠎ᠶᠢᠨ ᠪᠠᠶ᠋ᠢᠷᠢᠰᠢᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠰᠠᠯᠬᠢ ᠬᠡᠷᠡᠯ᠎ᠦᠨ ᠡᠬᠢ ᠪᠠᠶᠠᠯᠢᠭ᠎ᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ᠌᠂ ᠡᠨ᠋ᠸᠷᠬᠢ ᠲᠤᠤᠷ ᠳᠠᠭᠠᠭᠠᠴᠠ ᠨᠥᠭᠡᠴᠡ᠎ᠶᠢᠨ ᠪᠥᠲᠥᠭᠡᠨ ᠪᠠᠶ᠋ᠢᠭᠤᠯᠤᠯᠲᠠ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠵᠡᠷᠭᠡ ᠬᠦᠷᠢᠶᠡᠨ᠎ᠳᠡᠬᠢ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号