ᠪᠤᠭᠤᠲᠤ᠎ᠬᠤᠲᠠ ᠶ᠋ᠢᠨ ᠰᠠᠭᠰᠤᠨ ᠪᠥᠮᠪᠥᠭᠡ᠎ᠶᠢᠨ ᠲᠥᠯᠥᠭᠡᠯᠡᠭᠴᠢᠳ᠎ᠦᠨ ᠠᠩᠭᠢ 20 ᠠᠯᠳᠠᠨ ᠮᠧᠳᠠᠯ ᠭᠠᠷᠳᠠᠯ᠎ᠠ
2026-08-14 09:43:47
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 12 ᠎ᠤ᠋ᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠠᠭᠰᠤᠨ ᠪᠥᠮᠪᠥᠭᠡ᠎ᠶᠢᠨ ᠲᠦᠷᠦᠯ ᠵᠦᠢᠯ᠎ᠤᠨ ᠤᠷᠤᠯᠳᠤᠭᠠᠨ ᠦᠨᠳᠦᠷᠯᠡᠪᠡ᠃ ᠪᠤᠭᠤᠳᠦ ᠬᠤᠲᠠ᠎ᠶᠢᠨ ᠰᠠᠭᠰᠤᠨ ᠪᠥᠮᠪᠥᠭᠡ᠎ᠶᠢᠨ ᠲᠠᠮᠢᠷᠴᠢᠳ ᠡᠷᠡᠯᠬᠡᠭᠯᠡᠨ ᠲᠡᠮᠡᠴᠡᠵᠦ᠂ ᠯᠠᠪᠳᠠᠭᠤᠨ ᠪᠠᠲᠤᠲᠠᠢ ᠮᠡᠷᠭᠡᠵᠢᠯ ᠵᠢᠡᠷ ᠵᠢᠡᠨ ᠨᠡᠢ᠍ᠢᠲᠡ 20 ᠠᠯᠳᠠᠨ ᠮᠧᠳᠠᠯ ᠭᠠᠷᠳᠠᠵᠦ᠂ ᠪᠤᠭᠤᠳᠦ ᠬᠤᠲᠠ᠎ᠶᠢᠨ᠎ᠰᠠᠭᠰᠤᠨ ᠪᠥᠮᠪᠥᠭᠡ᠎ᠶᠢᠨ ᠪᠦᠬᠦᠯᠢ ᠴᠣᠭᠴᠠ᠎ᠶᠢᠨ ᠬᠦᠴᠦᠨ᠎ᠢ ᠭᠠᠢᠬᠠᠭᠤᠯᠪᠠ᠃ 


1.jpg


ᠲᠣᠰ ᠬᠤᠭᠤᠴᠠᠭᠠᠨ᠎ᠤ ᠪᠥᠬᠥ ᠣᠷᠣᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠠᠭᠰᠤᠨ ᠪᠥᠮᠪᠥᠭᠡ᠎ᠶᠢᠨ ᠤᠷᠤᠯᠳᠤᠭᠠᠨ᠎ᠳᠦ ᠡᠯ᠎ᠡ ᠠᠢᠮᠠᠭ ᠬᠣᠲᠠ᠎ᠶᠢᠨ ᠲᠥᠯᠥᠭᠡᠯᠡᠭᠴᠢᠳ᠎ᠦᠨ ᠠᠩᠭᠢ ᠰᠢᠷᠦᠭᠦᠨ ᠦᠷᠢᠰᠦᠯᠳᠦᠪᠡ᠃ ᠰᠢᠢᠳᠪᠦᠷᠢᠳᠦ ᠤᠷᠤᠯᠳᠤᠭᠠᠨ᠎ᠳᠦ ᠪᠤᠭᠤᠳᠤ ᠬᠤᠲᠠ᠎ᠶᠢᠨ ᠲᠦᠯᠦᠭᠡᠯᠡᠭᠴᠢᠳ᠎ᠤᠨ ᠠᠨᠭᠭᠢ᠎ᠶᠢᠨ ᠡᠷᠡᠭᠲᠡᠢ᠎ᠶᠢᠨ ᠬᠥᠬᠡ ᠳᠤᠭᠤᠢᠯᠠᠩ ᠪᠠᠶᠠᠨᠨᠠᠭᠤᠷ ᠬᠤᠳᠠ ᠵᠢᠨ ᠲᠦᠯᠦᠭᠡᠯᠡᠭᠴᠢᠳ᠎ᠤᠨ ᠠᠩᠭᠢ᠎ᠶᠢ ᠤᠭᠲᠤᠨ ᠪᠠᠢᠯᠳᠤᠵᠤ᠂ ᠠᠩᠭᠢ᠎ᠶᠢᠨ ᠭᠡᠰᠢᠭᠦᠳ᠎ᠦᠨ ᠳᠠᠭᠠᠷᠢᠯᠲᠠ ᠰᠡᠷᠭᠡᠢᠯᠡᠯᠲᠡ ᠡᠮᠬᠢ ᠵᠢᠷᠤᠮ᠎ᠲᠠᠢ ᠶᠠᠪᠤᠬᠳᠠᠵᠤ᠂ ᠡᠴᠦᠰ᠎ᠲᠡᠬᠡᠨ 95᠄ 65 ᠪᠡᠷ ᠥᠷᠢᠰᠦᠯᠳᠦᠭᠴᠢ ᠡᠳᠡᠭᠡᠳ᠎ᠶ᠋ᠢᠡᠨ ᠢᠯᠠᠵᠤ ᠮᠠᠩᠯᠠᠢᠯᠠᠪᠠ; ᠡᠮᠡᠭᠲᠡᠢ᠎ᠶᠢᠨ ᠬᠥᠬᠡ ᠳᠤᠭᠤᠢᠯᠠᠩ ᠨᠢ ᠣᠷᠳᠣᠰ᠎ᠬᠤᠲᠠ᠎ᠶᠢᠨ ᠲᠦᠯᠦᠭᠡᠯᠡᠭᠴᠢᠳ ᠤ᠋ᠨ ᠠᠩᠭᠢ᠎ᠲᠠᠢ ᠤᠷᠤᠯᠳᠤᠵᠦ᠂ 52᠄ 44 ᠪᠡᠷ ᠮᠠᠩᠯᠠᠢᠯᠠᠪᠠ᠃


2.jpg


ᠲᠣᠰ ᠤᠳᠠᠭᠠᠨ᠎ᠤ ᠰᠠᠭᠰᠤᠨ ᠪᠥᠮᠪᠥᠭᠡ᠎ᠶᠢᠨ ᠤᠷᠤᠯᠳᠤᠭᠠᠨ᠎ᠢ ᠲᠠᠪᠤᠨ ᠬᠥᠮᠥᠨ᠎ᠦ ᠳᠦᠷᠢᠮᠳᠦ ᠤᠷᠤᠯᠳᠤᠭᠠᠨ᠂ ᠭᠤᠷᠪᠠᠨ ᠬᠥᠮᠥᠨ᠎ᠦ ᠳᠦᠷᠢᠮᠳᠦ ᠤᠷᠤᠯᠳᠤᠭᠠᠨ ᠭᠡᠵᠦ ᠬᠣᠶᠠᠷ ᠶᠡᠬᠡ ᠲᠥᠷᠥᠯ᠎ᠳᠦ ᠬᠤᠪᠢᠶᠠᠵᠤ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠰᠠᠭᠰᠤᠨ ᠪᠥᠮᠪᠥᠭᠡ᠎ᠶᠢᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠰᠢᠯᠭᠠᠨ ᠪᠠᠢᠴᠠᠭᠠᠵᠠᠢ᠃ ᠪᠤᠭᠤᠲᠤ᠎ᠬᠤᠲᠠ ᠶ᠋ᠢᠨ ᠰᠠᠭᠰᠤᠨ ᠪᠥᠮᠪᠥᠭᠡ᠎ᠶᠢᠨ ᠲᠥᠯᠥᠭᠡᠯᠡᠭᠴᠢᠳ᠎ᠦᠨ ᠠᠩᠭᠢ᠎ᠶᠢᠨ ᠡᠯ᠎ᠡ ᠡᠩᠨᠡᠭᠡ᠎ᠶᠢᠨ ᠭᠡᠰᠢᠭᠦᠳ᠎ᠤᠨ ᠰᠢᠯᠢᠳᠡᠭ ᠬᠢᠷᠢ ᠪᠦᠲᠦᠮᠵᠢ ᠤᠯᠤᠭᠰᠠᠨ ᠨᠢ ᠪᠤᠭᠤᠲᠤ ᠬᠤᠲᠠ᠎ᠶᠢᠨ ᠵᠠᠯᠠᠭᠤ ᠪᠠᠭ᠎ᠠ ᠲᠠᠮᠢᠷᠴᠢᠳ᠎ᠤᠨ ᠰᠢᠷᠭᠠᠭᠤ ᠬᠠᠲᠠᠭᠤᠵᠢᠯᠲᠠᠢ ᠲᠡᠮᠡᠴᠡᠬᠦ᠂ ᠥᠪᠡᠷ᠎ᠢ ᠪᠠᠨ ᠢᠯᠡᠨ ᠳᠠᠪᠠᠬᠤ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃ ᠮᠦᠨ᠎ᠴᠦ ᠪᠤᠭᠤᠲᠤ᠎ᠬᠤᠲᠠ ᠶ᠋ᠢᠨ ᠵᠠᠯᠠᠭᠤᠴᠤᠳ ᠪᠠᠭᠠᠴᠤᠳ᠎ᠤᠨ ᠰᠠᠭᠰᠤᠨ ᠪᠥᠮᠪᠥᠭᠡ᠎ᠶᠢᠨ ᠤᠷᠤᠯᠳᠤᠭᠠᠨ᠎ᠤ ᠬᠢᠷᠢ ᠲᠦᠪᠰᠢᠨ᠎ᠢ ᠨᠤᠲᠠᠯᠠᠭᠰᠠᠨ ᠮᠥᠷᠲᠡᠭᠡᠨ ᠪᠤᠭᠤᠳᠦ ᠬᠣᠲᠠ᠎ᠶᠢᠨ ᠰᠤᠷᠭᠠᠭᠤᠯᠢ᠎ᠶᠢᠨ ᠬᠦᠷᠢᠶᠡᠨ᠎ᠦ ᠰᠠᠭᠰᠤᠨ ᠪᠥᠮᠪᠥᠭᠡ᠂ ᠵᠠᠯᠠᠭᠤᠴᠤᠳ ᠪᠠᠭᠠᠴᠤᠳ᠎ᠤᠨ ᠠᠵᠢᠯ᠎ᠤᠨ ᠴᠢᠯᠦᠭᠡᠨ᠎ᠦ ᠰᠠᠭᠰᠤᠨ ᠪᠥᠮᠪᠥᠭᠡ᠎ᠶᠢᠨ ᠡᠩᠨᠡᠭᠡ᠎ᠶᠢᠨ ᠪᠠᠢᠭᠤᠯᠤᠯᠲᠠ᠎ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ᠎ᠶᠢ ᠬᠠᠷᠠᠭᠤᠯᠵᠤ᠂ ᠪᠥᠬᠥ ᠬᠣᠲᠠ᠎ᠶᠢᠨ ᠰᠠᠭᠰᠤᠨ ᠪᠥᠮᠪᠥᠭᠡ᠎ᠶᠢᠨ ᠬᠥᠳᠡᠯᠭᠡᠭᠡᠨ᠎ᠢ ᠲᠦᠭᠡᠮᠡᠯᠵᠢᠭᠦᠯᠦᠨ ᠳᠡᠯᠭᠡᠷᠡᠭᠦᠯᠬᠦ ᠪᠠ ᠪᠡᠯᠡᠳᠬᠡᠯ ᠴᠢᠳᠠᠪᠤᠷᠢᠲᠠᠨ᠎ᠢ ᠨᠥᠭᠡᠴᠡᠯᠡᠬᠦ᠎ᠳᠦ ᠬᠥᠳᠡᠯᠭᠡᠬᠦ ᠬᠦᠴᠦᠨ ᠨᠡᠮᠡᠷᠢᠯᠡᠪᠡ᠃




ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号