— ᠬᠦᠢᠲᠠᠨ ᠢᠳᠡᠭᠡᠨ ᠤᠮᠳᠠᠭᠠᠨ ᠤ᠋ ᠠᠵᠤ ᠦᠢᠯᠡᠰ ᠤ᠋ᠨ ᠲᠤᠬᠠᠢ ᠠᠵᠢᠭᠯᠠᠯᠳᠠ ①
ᠨᠠᠢᠷᠠᠭᠤᠯᠤᠭᠴᠢ ᠶ᠋ᠢᠨ ᠦᠭᠡ᠄
ᠠᠭᠠᠬᠢᠮ᠎ᠠ ᠬᠠᠯᠠᠭᠤᠨ ᠠᠭᠤᠷ ᠠᠮᠢᠰᠬᠤᠯ 《ᠬᠦᠢᠳᠡᠨ ᠰᠡᠷᠢᠭᠦᠨ ᠠᠵᠤ ᠠᠬᠤᠢ》 ᠶ᠋ᠢ ᠬᠦᠭᠵᠢᠬᠡᠪᠡ᠃ ᠤᠯᠠᠷᠢᠯ ᠤ᠋ᠨ ᠴᠢᠨᠠᠷᠳᠠᠢ ᠬᠡᠷᠡᠭᠯᠡᠭᠡ ᠶ᠋ᠢᠨ ᠴᠢᠬᠤᠯᠠ ᠦᠷᠢᠰᠦᠯᠳᠦᠭᠡᠨ ᠤ᠋ ᠵᠠᠮ ᠪᠤᠯᠤᠭᠰᠠᠨ ᠤ᠋ ᠬᠤᠪᠢ ᠳ᠋ᠤ ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠨᠢ ᠬᠦᠳᠡᠭᠡ ᠠᠵᠤ ᠠᠬᠤᠢ᠂ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠬᠦ ᠦᠢᠯᠡᠰ᠂ ᠬᠦᠢᠳᠡᠨ ᠬᠡᠯᠬᠢᠶᠡᠳᠦ ᠡᠳ᠋ ᠪᠠᠷᠠᠭᠠᠨ ᠤ᠋ ᠭᠦᠢᠯᠭᠡᠭᠡ᠂ ᠰᠤᠶᠤᠯ ᠵᠢᠭᠤᠯᠴᠢᠯᠠᠯ ᠤ᠋ᠨ ᠬᠡᠷᠡᠭᠯᠡᠭᠡ ᠶ᠋ᠢᠨ ᠪᠦᠷᠢᠨ ᠪᠦᠲᠦᠨ ᠬᠡᠯᠬᠢᠶ᠎ᠠ ᠶ᠋ᠢ ᠬᠡᠯᠬᠢᠵᠤ᠂ ᠤᠷᠤᠨ ᠪᠦᠰᠡ ᠶ᠋ᠢᠨ ᠡᠬᠢ ᠪᠠᠶᠠᠯᠢᠭ ᠤ᠋ᠨ ᠳᠠᠪᠠᠭᠤᠯᠢᠭ᠂ ᠠᠵᠤ ᠦᠢᠯᠡᠰ ᠤ᠋ᠨ ᠬᠡᠯᠪᠡᠷᠢ ᠶ᠋ᠢᠨ ᠬᠤᠪᠢᠷᠠᠯᠳᠠ ᠬᠢᠭᠡᠳ ᠬᠡᠷᠡᠭᠯᠡᠭᠡ ᠶ᠋ᠢᠨ ᠬᠤᠪᠢᠰᠤᠯᠳᠠ ᠶ᠋ᠢ ᠠᠵᠢᠭᠯᠠᠬᠤ ᠴᠢᠬᠤᠯᠠ ᠴᠤᠩᠬᠤᠪᠴᠢ ᠪᠤᠯᠵᠠᠢ᠃ ᠤᠢᠷ᠎ᠠ ᠳ᠋ᠤ ᠲᠤᠰ ᠰᠤᠨᠢᠨ ᠤ᠋ ᠰᠤᠷᠪᠤᠯᠵᠢᠯᠠᠭᠴᠢᠳ ᠦᠪᠦᠷ ᠮᠤᠩᠭᠤᠯ᠂ ᠬᠠᠷᠠᠮᠦ᠋ᠷᠡᠨ᠂ ᠭᠤᠸᠠᠩᠳ᠋ᠦ᠋ᠩ᠂ ᠪᠡᠭᠡᠵᠢᠩ᠂ ᠱᠠᠩᠬᠠᠢ ᠵᠡᠷᠭᠡ ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠤ᠋ᠨ ᠦᠨᠳᠦᠷᠯᠢᠭ ᠭᠠᠵᠠᠷ ᠶ᠋ᠢᠡᠷ ᠬᠦᠷᠴᠤ ᠰᠤᠷᠪᠤᠯᠵᠢᠯᠠᠨ᠂ ᠠᠵᠤ ᠦᠢᠯᠡᠰ ᠤ᠋ᠨ ᠬᠦᠭᠵᠢᠯᠳᠡ ᠶ᠋ᠢᠨ ᠪᠠᠢᠳᠠᠯ ᠬᠠᠨᠳᠤᠰᠢ ᠶ᠋ᠢ ᠠᠵᠢᠭᠯᠠᠵᠤ᠂ ᠠᠵᠤ ᠦᠢᠯᠡᠰ ᠤ᠋ᠨ ᠵᠦᠷᠢᠶᠡᠴᠢᠯᠡᠭᠰᠡᠨ ᠬᠦᠭᠵᠢᠯᠳᠡ ᠶ᠋ᠢᠨ ᠠᠷᠭ᠎ᠠ ᠵᠠᠮ᠂ ᠵᠠᠬ᠎ᠠ ᠳᠡᠯᠭᠡᠭᠦᠷ ᠲᠤ᠌ ᠤᠷᠤᠰᠢᠵᠤ ᠪᠠᠢᠭ᠎ᠠ ᠬᠦᠨᠳᠡᠭᠦᠷ ᠴᠡᠭ ᠬᠢᠭᠡᠳ ᠳᠡᠰ ᠳᠡᠪᠰᠢᠬᠦ ᠰᠢᠨ᠎ᠠ ᠠᠵᠠ ᠳᠤᠬᠢᠶᠠᠯ ᠢ᠋ ᠵᠠᠳᠠᠯᠵᠠᠢ᠃
ᠠᠭᠠᠬᠢᠮ᠎ᠠ ᠵᠤᠨ ᠤ᠋ ᠬᠠᠯᠠᠭᠤᠨ ᠳ᠋ᠤ ᠵᠠᠢᠷᠮᠠᠭ᠂ ᠴᠠᠰᠤᠮᠠᠭ ᠵᠡᠷᠭᠡ ᠭᠦᠢᠳᠡᠨ ᠢᠳᠡᠭᠡᠨ ᠤᠮᠳᠠᠭᠠᠨ ᠤ᠋ ᠵᠦᠢᠯᠡᠰ ᠤ᠋ᠨ ᠪᠤᠷᠤᠯᠠᠭᠤᠯᠭ᠎ᠠ ᠬᠦᠭᠵᠢᠶᠡᠨᠲᠠᠢ ᠪᠤᠯᠵᠤ᠂ ᠦᠷᠭᠡᠨ ᠤᠯᠠᠨ ᠬᠡᠷᠡᠭᠯᠡᠭᠴᠢ ᠶ᠋ᠢᠨ ᠰᠡᠷᠢᠭᠦᠴᠡᠵᠦ ᠵᠤᠭᠠᠯᠠᠬᠤ ᠦᠶᠡᠰ ᠤ᠋ᠨ ᠴᠢᠬᠤᠯᠠ ᠰᠤᠩᠭᠤᠯᠳᠠ ᠪᠤᠯᠪᠠ᠃ ᠠᠷᠠᠳ ᠢᠷᠭᠡᠳ ᠤ᠋ᠨ ᠬᠡᠷᠡᠭᠯᠡᠭᠡᠨ ᠤ᠋ ᠲᠦᠪᠰᠢᠨ ᠲᠠᠰᠤᠷᠠᠯᠳᠠ ᠦᠭᠡᠢ ᠳᠡᠭᠡᠭᠰᠢᠯᠡᠭᠦ ᠶ᠋ᠢ ᠳᠠᠭᠠᠯᠳᠤᠨ ᠤᠯᠤᠰ ᠤ᠋ᠨ ᠳᠤᠳᠤᠭᠠᠳᠤ ᠶ᠋ᠢᠨ ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠠᠭᠠᠵᠢᠮ ᠶ᠋ᠢᠡᠷ ᠡᠷᠡᠭᠦᠯ ᠲᠡᠢᠰᠢ᠂ ᠵᠤᠭ᠎ᠠ ᠰᠡᠯᠡᠭᠦᠴᠡᠯ ᠤ᠋ᠨ ᠳᠡᠢᠰᠢ᠂ ᠪᠦᠬᠦ ᠵᠢᠯ ᠤ᠋ᠨ ᠬᠡᠷᠡᠭᠯᠡᠭᠡ ᠳᠡᠢᠰᠢ ᠬᠡᠯᠪᠡᠷᠢ ᠪᠡᠨ ᠬᠤᠪᠢᠷᠠᠭᠤᠯᠤᠨ ᠬᠦᠭᠵᠢᠵᠤ᠂ ᠵᠠᠬ᠎ᠠ ᠳᠡᠯᠭᠡᠭᠦᠷ ᠤ᠋ᠨ ᠨᠡᠮᠡᠭᠳᠡᠯ ᠤ᠋ᠨ ᠤᠷᠤᠨ ᠵᠠᠢ ᠲᠠᠰᠤᠷᠠᠯᠳᠠ ᠦᠭᠡᠢ ᠦᠷᠭᠡᠵᠢᠨ ᠲᠡᠯᠡᠪᠡ᠃ ᠬᠤᠯᠪᠤᠭᠳᠠᠯ ᠪᠦᠬᠦᠢ ᠪᠠᠢᠭᠤᠯᠤᠮᠵᠢ ᠶ᠋ᠢᠨ ᠪᠦᠷᠢᠳᠭᠡᠯ ᠢ᠋ ᠦᠨᠳᠦᠰᠦᠯᠡᠪᠡᠯ᠂ 2025 ᠤᠨ ᠳ᠋ᠤ ᠪᠦᠬᠦ ᠤᠯᠤᠰ ᠤ᠋ᠨ ᠵᠠᠢᠷᠮᠠᠭ ᠤ᠋ᠨ ᠠᠵᠢᠯ ᠲᠦᠷᠦᠯ ᠤ᠋ᠨ ᠵᠠᠬ᠎ᠠ ᠳᠡᠯᠭᠡᠭᠦᠷ ᠤ᠋ᠨ ᠬᠡᠪᠴᠢᠶ᠎ᠠ 1912 ᠳ᠋ᠦᠩᠰᠢᠭᠤᠷ ᠲᠦᠭᠦᠷᠢᠭ ᠲᠦ᠍ ᠲᠦᠬᠦᠵᠤ᠂ 2027 ᠤᠨ ᠪᠤᠯᠬᠤ ᠳ᠋ᠤ ᠵᠠᠬ᠎ᠠ ᠳᠡᠯᠭᠡᠭᠦᠷ ᠤ᠋ᠨ ᠬᠡᠪᠴᠢᠶ᠎ᠠ ᠨᠢ 2000 ᠳ᠋ᠦᠩᠰᠢᠭᠤᠷ ᠲᠦᠭᠦᠷᠢᠭ ᠤ᠋ᠨ ᠪᠤᠭᠤᠮᠳᠠ ᠶ᠋ᠢ ᠳᠠᠪᠠᠨ᠎ᠠ ᠬᠡᠮᠡᠨ ᠵᠢᠱ᠌ᠢᠵᠦ ᠪᠤᠢ᠃
ᠦᠪᠦᠷ ᠮᠤᠩᠭᠤᠯ ᠤᠮᠠᠷᠠᠳᠦ ᠦᠷᠭᠡᠷᠢᠭ ᠤ᠋ᠨ 40 ᠭᠷᠠᠳᠦ᠋ᠰ ᠤ᠋ᠨ ᠰᠦ ᠶ᠋ᠢᠨ ᠢᠷᠡᠯᠳᠡ ᠶ᠋ᠢᠨ ᠰᠢᠵᠢᠷ ᠠᠯᠳᠠᠨ ᠪᠦᠰᠡ ᠳ᠋ᠤ ᠤᠷᠤᠰᠢᠬᠤ ᠦᠪᠡᠷᠮᠢᠴᠡ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠰᠢᠭᠯᠡᠵᠦ ᠨᠢᠭᠡᠨᠳᠡ ᠤᠯᠤᠰ ᠤ᠋ᠨ ᠲᠤᠳᠤᠭᠠᠳᠤ ᠶ᠋ᠢᠨ ᠬᠦᠢᠳᠡᠨ ᠢᠳᠡᠭᠡᠨ ᠤᠮᠳᠠᠭᠠᠨ ᠤ᠋ ᠭᠤᠤᠯ ᠲᠦᠭᠦᠭᠡᠢ ᠮᠠᠲᠧᠷᠢᠶᠠᠯ ᠬᠢᠭᠡᠳ ᠦᠢᠯᠡᠳᠪᠤᠷᠢᠯᠡᠯ ᠤ᠋ᠨ ᠰᠠᠭᠤᠷᠢᠨ ᠪᠤᠯᠵᠠᠢ᠃ ᠤᠢᠷ᠎ᠠ ᠶ᠋ᠢᠨ ᠵᠢᠯ ᠡᠴᠡ ᠦᠪᠦᠷ ᠮᠤᠩᠭᠤᠯ ᠤ᠋ᠨ ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠨᠢ ᠪᠦᠬᠦ ᠬᠡᠯᠬᠢᠶᠡᠨ ᠤ᠋ ᠶᠠᠰᠤ ᠴᠢᠨᠠᠷ ᠢ᠋ ᠳᠡᠭᠡᠭᠰᠢᠯᠡᠭᠦᠯᠦᠨ ᠳᠡᠰ ᠳᠡᠪᠰᠢᠭᠦᠯᠬᠦ ᠪᠡᠷ ᠭᠤᠤᠯᠯᠠᠨ ᠬᠦᠴᠦᠯᠡᠵᠦ᠂ ᠪᠦᠬᠦ ᠤᠷᠤᠨ ᠪᠦᠰᠡ ᠶ᠋ᠢᠨ ᠪᠤᠷᠤᠯᠠᠭᠤᠯᠭ᠎ᠠ ᠶ᠋ᠢᠨ ᠠᠷᠭ᠎ᠠ ᠵᠠᠮ ᠢ᠋ ᠦᠷᠭᠡᠳᠬᠡᠨ᠂ ᠲᠦᠷᠦᠯ ᠲᠡᠮᠳᠡᠭ ᠶ᠋ᠢᠡᠨ ᠠᠰᠢᠭᠯᠠᠨ ᠳᠡᠰ ᠳᠠᠪᠬᠤᠷᠭ᠎ᠠ ᠬᠤᠪᠢᠶᠠᠨ ᠪᠠᠢᠷᠢᠰᠢᠭᠤᠯᠤᠯᠳᠠ ᠬᠢᠬᠦ ᠲᠤᠰ ᠲᠤᠰ ᠤ᠋ᠨ ᠪᠠᠢᠷᠢ ᠪᠠᠢᠷᠢᠰᠢᠯ ᠶ᠋ᠢᠡᠷ ᠪᠦᠰᠡᠯᠡᠯᠳᠡ ᠰᠢᠪᠳᠤᠯᠵᠤ᠂ ᠡᠬᠢ ᠪᠠᠶᠠᠯᠢᠭ ᠶ᠋ᠢᠡᠷ ᠬᠦᠳᠡᠯᠭᠡᠬᠦ ᠬᠦᠴᠦᠨ ᠨᠡᠮᠡᠷᠢᠯᠡᠭᠰᠡᠨ᠂ ᠰᠢᠨ᠎ᠠ ᠶ᠋ᠢ ᠡᠭᠦᠳᠬᠦ ᠪᠡᠷ ᠬᠦᠳᠡᠯᠭᠡᠭᠦᠷ ᠪᠤᠯᠭᠠᠭᠰᠠᠨ᠂ ᠡᠵᠡᠩᠨᠡᠯᠳᠡ ᠶ᠋ᠢᠨ ᠬᠡᠯᠪᠡᠷᠢ ᠶ᠋ᠢ ᠤᠯᠠᠨ ᠡᠰᠢᠵᠢᠭᠦᠯᠦᠭᠰᠡᠨ ᠴᠢᠨᠠᠷ ᠰᠠᠢᠳᠠᠢ ᠬᠦᠭᠵᠢᠯᠳᠡ ᠶ᠋ᠢᠨ ᠰᠢᠨ᠎ᠠ ᠵᠠᠮ ᠢ᠋ ᠨᠡᠭᠡᠭᠡᠪᠡ᠃
ᠴᠢᠨᠠᠷ ᠰᠠᠢᠳᠠᠢ ᠰᠦ ᠶ᠋ᠢᠨ ᠢᠷᠡᠯᠳᠡ ᠪᠡᠷ ᠠᠵᠤ ᠦᠢᠯᠡᠰ ᠤ᠋ᠨ ᠰᠠᠭᠤᠷᠢ ᠵᠢ ᠪᠠᠳᠤᠳᠬᠠᠪᠠ
ᠤᠯᠠᠨ ᠵᠢᠯ ᠤ᠋ᠨ ᠪᠤᠢᠵᠢᠭᠤᠯᠤᠯᠳᠠ ᠬᠦᠭᠵᠢᠭᠦᠯᠦᠯᠳᠡ ᠪᠡᠷ ᠳᠠᠮᠵᠢᠨ ᠦᠪᠦᠷ ᠮᠤᠩᠭᠤᠯ ᠤ᠋ᠨ ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠨᠢᠭᠡᠨᠳᠡ ᠬᠦᠬᠡᠬᠤᠳᠠ ᠪᠡᠷ ᠭᠤᠤᠯ ᠪᠤᠯᠭᠠᠵᠤ᠂ ᠢᠯᠢ ᠪᠠ ᠮᠧᠩ ᠨᠢᠤ ᠬᠤᠶᠠᠷ ᠲᠤᠮᠤ ᠳᠠᠭᠠᠭᠤᠯᠤᠭᠴᠢ ᠠᠵᠤ ᠠᠬᠤᠢᠯᠠᠯ ᠬᠦᠲᠦᠯᠦᠨ ᠳᠠᠭᠠᠭᠤᠯᠤᠭᠰᠠᠨ᠂ ᠡᠯ᠎ᠠ ᠠᠢᠮᠠᠭ ᠬᠤᠳᠠ ᠶ᠋ᠢᠨ ᠤᠨᠴᠠᠯᠢᠭᠳᠤ ᠳᠤᠮᠳᠠ ᠪᠠᠭ᠎ᠠ ᠠᠵᠤ ᠠᠬᠤᠢᠯᠠᠯ ᠤᠯᠠᠨ ᠴᠡᠭ ᠵᠢᠡᠷ ᠪᠠᠢᠷᠢᠰᠢᠭᠰᠠᠨ ᠪᠤᠯᠪᠠᠰᠤᠷᠠᠩᠭᠤᠢ ᠠᠵᠤ ᠦᠢᠯᠡᠰ ᠤ᠋ᠨ ᠰᠢᠰᠲᠧᠮ ᠲᠠᠢ ᠪᠤᠯᠪᠠ᠃ ᠪᠦᠷᠢᠨ ᠪᠤᠰᠤ ᠪᠦᠷᠢᠳᠭᠡᠯ ᠢ᠋ ᠦᠨᠳᠦᠰᠦᠯᠡᠪᠡᠯ᠂ ᠦᠪᠦᠷ ᠮᠤᠩᠭᠤᠯ ᠤ᠋ᠨ ᠴᠠᠭᠠᠨ ᠢᠳᠡᠭᠡᠨ ᠤ᠋ ᠠᠵᠤ ᠠᠬᠤᠢᠯᠠᠯ ᠤ᠋ᠨ 2025 ᠤᠨ ᠤ᠋ ᠬᠦᠢᠳᠡᠨ ᠢᠳᠡᠭᠡᠨ ᠤᠮᠳᠠᠭᠠᠨ ᠤ᠋ ᠲᠤᠬᠠᠢᠯᠠᠭᠰᠠᠨ ᠠᠵᠢᠯ ᠤ᠋ᠨ ᠦᠢᠯᠡᠳᠪᠤᠷᠢ ᠡᠴᠡ ᠭᠠᠷᠬᠤ ᠦᠶᠡᠰ ᠤ᠋ᠨ ᠡᠵᠡᠩᠨᠡᠯᠳᠡ ᠶ᠋ᠢᠨ ᠤᠷᠤᠯᠭ᠎ᠠ ᠨᠢ ᠨᠡᠢᠯᠡᠭᠡᠳ 150 ᠳ᠋ᠦᠩᠰᠢᠭᠤᠷ ᠲᠦᠭᠦᠷᠢᠭ ᠢ᠋ ᠳᠠᠪᠠᠵᠠᠢ᠃
ᠴᠢᠨᠠᠷ ᠰᠠᠢᠳᠠᠢ ᠰᠦ ᠶ᠋ᠢᠨ ᠢᠷᠡᠯᠳᠡ ᠪᠤᠯ ᠦᠪᠦᠷ ᠮᠤᠩᠭᠤᠯ ᠤ᠋ᠨ ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠤ᠋ᠨ ᠭᠤᠤᠯᠯᠠᠬᠤ ᠦᠷᠢᠰᠦᠯᠳᠦᠬᠦ ᠬᠦᠴᠦᠨ ᠪᠤᠯᠤᠨ᠎ᠠ᠃ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶ᠋ᠢᠨ ᠲᠢᠩᠬᠢᠮ ᠤ᠋ᠨ ᠬᠡᠷᠡᠭᠯᠡᠭᠡᠨ ᠤ᠋ ᠪᠤᠳᠠᠰ ᠤ᠋ᠨ ᠠᠵᠤ ᠦᠢᠯᠡᠳᠪᠤᠷᠢ ᠶ᠋ᠢᠨ ᠭᠠᠵᠠᠷ ᠤ᠋ᠨ ᠳᠠᠷᠤᠭ᠎ᠠ ᠶᠠᠩ ᠵᠢᠶᠧ ᠶ᠋ᠢᠨ ᠬᠡᠯᠡᠬᠦ ᠪᠡᠷ᠂ 2025 ᠤᠨ ᠳ᠋ᠤ ᠪᠦᠬᠦ ᠤᠷᠤᠨ ᠤ᠋ ᠰᠦ ᠶ᠋ᠢᠨ ᠵᠦᠢᠯᠡᠰ ᠤ᠋ᠨ ᠶᠡᠷᠦᠩᠬᠡᠢ ᠭᠠᠷᠤᠯᠳᠠ 762.54 ᠲᠦᠮᠡᠨ ᠳᠤᠨ ᠳ᠋ᠤ ᠬᠦᠷᠪᠡ᠃ ᠡᠭᠦᠨ ᠳ᠋ᠤ ᠦᠨᠢᠶᠡᠨ ᠰᠦ ᠶ᠋ᠢᠨ ᠭᠠᠷᠤᠯᠳᠠ 758.5 ᠲᠦᠮᠡᠨ ᠳᠤᠨ ᠳ᠋ᠤ ᠬᠦᠷᠴᠤ᠂ ᠴᠢᠨᠠᠷ ᠰᠠᠢᠳᠠᠢ ᠰᠦ ᠶ᠋ᠢᠨ ᠢᠷᠡᠯᠳᠡ ᠶ᠋ᠢᠨ ᠦᠢᠯᠡᠳᠪᠤᠷᠢᠯᠡᠯ ᠤ᠋ᠨ ᠴᠢᠳᠠᠪᠤᠷᠢ ᠭᠦᠢᠴᠡᠳ᠂ ᠬᠠᠩᠭᠠᠯᠭ᠎ᠠ ᠳᠤᠭᠳᠠᠭᠤᠨ ᠪᠠᠢᠨ᠎ᠠ᠃
ᠢᠯᠢ ᠶ᠋ᠢᠨ ᠤᠳᠤ ᠦᠶ᠎ᠡ ᠶ᠋ᠢᠨ ᠤᠶᠤᠨᠴᠢ ᠡᠷᠡᠭᠦᠯ ᠮᠡᠨᠳᠦ ᠶ᠋ᠢᠨ ᠬᠦᠨᠳᠡᠢ ᠳ᠋ᠤ ᠠᠯᠬᠤᠨ ᠤᠷᠤᠪᠠᠯ ᠬᠦᠢᠳᠡᠨ ᠢᠳᠡᠭᠡᠨ ᠤᠮᠳᠠᠭᠠᠨ ᠢ᠋ ᠪᠡᠶᠡᠴᠢᠯᠡᠨ ᠠᠮᠳᠠᠯᠠᠬᠤ ᠲᠤᠭᠤᠷᠢᠭ ᠲᠤ᠌ ᠬᠦᠮᠦᠨ ᠬᠠᠷ᠎ᠠ ᠴᠤᠭᠯᠠᠷᠠᠭᠠᠳ᠂ ᠴᠢᠶᠤᠤ ᠯᠧ ᠽᠢ᠂ ᠪᠢᠩ ᠭᠦᠩ ᠴᠠᠩ᠂ ᠰᠢᠤᠢ ᠵᠢᠨ ᠬᠤᠸᠠᠨ ᠵᠡᠷᠭᠡ ᠤᠯᠠᠨ ᠶᠠᠩᠵᠤ ᠶ᠋ᠢᠨ ᠵᠠᠢᠷᠮᠠᠭ ᠨᠢ ᠬᠡᠷᠡᠭᠯᠡᠭᠴᠢ ᠶ᠋ᠢᠨ ᠳᠠᠭᠠᠰᠢᠶᠠᠯ ᠳ᠋ᠤ ᠶᠡᠬᠡᠳᠡ ᠬᠦᠷᠴᠤ ᠪᠠᠢᠯ᠎ᠠ᠃ ᠢᠯᠢ ᠪᠦᠯᠦᠭᠯᠡᠯ ᠤ᠋ᠨ ᠳᠡᠳ᠋ ᠶᠡᠷᠦᠩᠬᠡᠢ ᠵᠠᠬᠢᠷᠤᠭᠴᠢ ᠬᠠᠨ ᠹᠧᠢ ᠰᠤᠷᠪᠤᠯᠵᠢᠯᠠᠭᠴᠢ ᠳ᠋ᠤ ᠳᠠᠨᠢᠯᠴᠠᠭᠤᠯᠤᠭᠰᠠᠨ ᠵᠢᠡᠷ᠂ ᠢᠯᠢ ᠪᠦᠯᠦᠭᠯᠡᠯ ᠤ᠋ᠨ 14 ᠦᠢᠯᠡᠳᠪᠤᠷᠢᠯᠡᠯ ᠤ᠋ᠨ ᠰᠠᠭᠤᠷᠢᠨ ᠨᠢ ᠡᠯ᠎ᠠ ᠭᠠᠵᠠᠷ ᠤ᠋ᠨ ᠬᠡᠷᠡᠭᠯᠡᠭᠴᠢ ᠶ᠋ᠢᠨ ᠬᠡᠷᠡᠭᠴᠡᠭᠡ ᠱᠠᠭᠠᠷᠳᠠᠯᠭ᠎ᠠ ᠳ᠋ᠤ ᠨᠠᠷᠢᠨ ᠤᠨᠤᠴᠠᠳᠠᠢ ᠵᠤᠬᠢᠴᠠᠭᠤᠯᠤᠨ᠂ ᠦᠢᠯᠡᠳᠪᠤᠷᠢᠯᠡᠯ ᠤ᠋ᠨ ᠱᠤᠭᠤᠮ ᠶ᠋ᠢᠡᠨ ᠤᠶᠠᠨ ᠬᠠᠳᠠᠨ ᠪᠦᠭᠡᠳ ᠪᠤᠬᠢᠷᠳᠦᠯ ᠦᠭᠡᠢ ᠲᠡᠢᠰᠢ ᠳᠡᠰ ᠳᠡᠪᠰᠢᠭᠦᠯᠬᠦ ᠶ᠋ᠢ ᠲᠠᠰᠤᠷᠠᠯᠳᠠ ᠦᠭᠡᠢ ᠠᠬᠢᠭᠤᠯᠵᠤ᠂ ᠬᠦᠭᠵᠢᠶᠡᠨ ᠲᠠᠢ ᠤᠯᠠᠷᠢᠯ ᠤ᠋ᠨ ᠬᠠᠩᠭᠠᠯᠭ᠎ᠠ ᠶ᠋ᠢ ᠪᠠᠳᠤᠯᠠᠬᠤ ᠴᠢᠳᠠᠪᠤᠷᠢ ᠪᠡᠨ ᠭᠦᠢᠴᠡᠳ ᠪᠡᠯᠡᠳᠭᠡᠨ᠂ 2025 ᠤᠨ ᠳ᠋ᠤ ᠪᠦᠯᠦᠭᠯᠡᠯ ᠺᠤᠮᠫᠠᠨᠢ ᠶ᠋ᠢᠨ ᠬᠦᠢᠳᠡᠨ ᠢᠳᠡᠭᠡᠨ ᠤᠮᠳᠠᠭᠠᠨ ᠤ᠋ ᠵᠦᠢᠯᠡᠰ ᠤ᠋ᠨ ᠶᠡᠷᠦᠩᠬᠡᠢ ᠭᠠᠷᠤᠯᠳᠠ ᠨᠢ 64 ᠲᠦᠮᠡᠨ ᠲᠤᠨ ᠳ᠋ᠤ ᠬᠦᠷᠴᠠᠢ᠃
ᠲᠢᠶᠠᠨ ᠮᠤ᠌ ᠴᠠᠭᠠᠨ ᠢᠳᠡᠭᠡᠨ ᠤ᠋ ᠦᠢᠯᠡᠰ ᠤ᠋ᠨ ᠬᠢᠵᠠᠭᠠᠷᠳᠦ ᠺᠤᠮᠫᠠᠨᠢ ᠨᠢ ᠤᠷᠤᠨ ᠨᠤᠳᠤᠭ ᠤ᠋ᠨ 《ᠪᠠᠭ᠎ᠠ ᠪᠤᠯᠪᠠᠴᠤ ᠨᠠᠷᠢᠯᠢᠭ》 ᠬᠦᠢᠳᠡᠨ ᠢᠳᠡᠭᠡᠨ ᠤᠮᠳᠠᠭᠠᠨ ᠤ᠋ ᠠᠵᠤ ᠠᠬᠤᠢᠯᠠᠯ ᠤ᠋ᠨ ᠲᠦᠯᠦᠭᠡᠯᠡᠭᠴᠢ ᠪᠤᠯᠤᠭᠰᠠᠨ ᠤ᠋ ᠬᠤᠪᠢ ᠳ᠋ᠤ 《ᠦᠪᠡᠷ ᠤ᠋ᠨ ᠮᠠᠯᠵᠢᠯ ᠤ᠋ᠨ ᠲᠠᠯᠠᠪᠠᠢ + ᠡᠮᠦᠨ᠎ᠠ ᠤᠮᠠᠷ᠎ᠠ ᠶ᠋ᠢᠨ ᠬᠤᠶᠠᠷ ᠰᠠᠭᠤᠷᠢᠨ + ᠦᠪᠡᠷ ᠤ᠋ᠨ ᠰᠤᠳᠤᠯᠤᠨ ᠨᠡᠭᠡᠭᠡᠭᠰᠡᠨ ᠤᠷ᠎ᠠ ᠮᠡᠷᠭᠡᠰᠢᠯ》ᠤ᠋ᠨ ᠤᠨᠴᠠᠯᠢᠭᠳᠤ ᠵᠠᠭᠪᠤᠷ ᠢ᠋ ᠪᠦᠷᠢᠯᠳᠦᠭᠦᠯᠵᠦ᠂ ᠦᠪᠡᠷ ᠤ᠋ᠨ 4 ᠮᠠᠯᠵᠢᠯ ᠤ᠋ᠨ ᠲᠠᠯᠠᠪᠠᠢ ᠨᠢ ᠺᠤᠮᠫᠠᠨᠢ ᠶ᠋ᠢᠨ ᠰᠦ ᠶ᠋ᠢᠨ ᠬᠡᠷᠡᠭᠴᠡᠭᠡ ᠶ᠋ᠢ 100% ᠪᠡᠷ ᠪᠠᠳᠤᠯᠠᠵᠤ ᠪᠠᠢᠨ᠎ᠠ᠃ ᠪᠡᠶ᠎ᠠ ᠪᠡᠨ ᠳᠠᠭᠠᠭᠠᠵᠤ ᠰᠤᠳᠤᠯᠤᠨ ᠨᠡᠭᠡᠭᠡᠭᠰᠡᠨ ᠲᠦᠭᠦᠭᠡᠢ ᠰᠦ ᠶ᠋ᠢ ᠠᠭᠰᠢᠭᠠᠬᠤ ᠮᠡᠷᠭᠡᠵᠢᠯ ᠳ᠋ᠡᠭᠡᠨ ᠲᠦᠰᠢᠭᠯᠡᠨ ᠡᠮᠦᠨ᠎ᠠ ᠤᠮᠠᠷ᠎ᠠ ᠶ᠋ᠢᠨ ᠬᠤᠶᠠᠷ ᠦᠢᠯᠡᠳᠪᠤᠷᠢ ᠨᠢ ᠠᠵᠢᠯ ᠬᠤᠪᠢᠶᠠᠷᠢᠯᠠᠨ ᠦᠢᠯᠡᠳᠪᠤᠷᠢᠯᠡᠵᠤ᠂ ᠦᠢᠯᠡᠳᠭᠦᠨ ᠨᠢ ᠰᠦ ᠶ᠋ᠢᠨ ᠦᠨᠦᠷ ᠶ᠋ᠢᠡᠷ ᠬᠠᠩᠬᠤᠯᠤᠭᠤᠨ᠂ ᠴᠢᠨᠠᠷ ᠨᠢ ᠳᠤᠭᠳᠠᠪᠤᠷᠢᠳᠠᠢ ᠪᠠᠢᠵᠤ᠂ ᠡᠨᠡ ᠵᠢᠯ ᠡᠴᠡ ᠰᠢᠩᠭᠠᠫᠤᠷ ᠵᠡᠷᠭᠡ ᠤᠯᠤᠰ ᠤ᠋ᠨ ᠵᠠᠬ᠎ᠠ ᠳᠡᠯᠭᠡᠭᠦᠷ ᠲᠤ᠌ ᠤᠷᠤᠪᠠ᠃
ᠠᠵᠤ ᠠᠬᠤᠢᠯᠠᠯ ᠨᠢ ᠳᠡᠯᠡᠬᠡᠢ ᠶ᠋ᠢᠨ ᠲᠡᠷᠢᠭᠦᠨ ᠵᠡᠷᠭᠡ ᠶ᠋ᠢᠨ ᠲᠦᠭᠦᠭᠡᠢ ᠰᠦ ᠶ᠋ᠢ ᠠᠭᠰᠢᠭᠠᠬᠤ ᠲᠦᠬᠦᠭᠡᠷᠦᠮᠵᠢ ᠶ᠋ᠢ ᠤᠷᠤᠭᠤᠯᠤᠨ ᠠᠪᠴᠢᠷᠠᠵᠤ᠂ ᠤᠯᠤᠰ ᠤ᠋ᠨ ᠲᠤᠳᠤᠭᠠᠳᠤ ᠳ᠋ᠤ ᠲᠦᠷᠦᠬᠦᠯᠡᠭᠰᠡᠨ ᠰᠠᠴᠤᠨ ᠬᠦᠷᠦᠭᠡᠵᠤ ᠠᠭᠤᠷᠰᠢᠭᠤᠯᠤᠨ ᠠᠭᠰᠢᠭᠠᠬᠤ ᠤᠷ᠎ᠠ ᠮᠡᠷᠭᠡᠰᠢᠯ ᠢ᠋ ᠰᠢᠨ᠎ᠠ ᠶ᠋ᠢ ᠡᠭᠦᠳᠬᠦ ᠴᠢᠨᠠᠷᠳᠠᠢ ᠪᠡᠷ ᠬᠡᠷᠡᠭᠯᠡᠵᠤ᠂ ᠪᠦᠬᠦ ᠶᠠᠪᠤᠴᠠ ᠪᠡᠷ ᠮᠦᠷᠳᠡᠵᠦ ᠪᠤᠯᠬᠤ ᠢᠳᠡᠭᠡᠨ ᠤ᠋ ᠠᠮᠦᠷ ᠲᠦᠪᠰᠢᠨ ᠢ᠋ ᠬᠠᠮᠢᠶᠠᠷᠤᠨ ᠡᠵᠡᠮᠳᠡᠬᠦ ᠰᠢᠰᠲᠧᠮ ᠢ᠋ ᠪᠠᠢᠭᠤᠯᠪᠠ᠃ ᠤᠳᠤ ᠲᠤᠰ ᠺᠤᠮᠫᠠᠨᠢ ᠶ᠋ᠢᠨ ᠬᠠᠷᠢᠶ᠎ᠠ 《ᠵᠢᠨ ᠽᠤᠸᠠᠨ》᠂ 《ᠶᠢᠤ ᡁᠢ 100》 ᠵᠡᠷᠭᠡ ᠨᠡᠷᠡᠳᠦ ᠦᠢᠯᠡᠳᠭᠦᠨ ᠨᠢ ᠳᠡᠭᠡᠳᠦ ᠳᠡᠰ ᠤ᠋ᠨ ᠲᠦᠭᠦᠭᠡᠢ ᠰᠦ ᠶ᠋ᠢᠨ ᠵᠠᠢᠷᠮᠠᠭ ᠤ᠋ᠨ ᠵᠠᠬ᠎ᠠ ᠳᠡᠯᠭᠡᠭᠦᠷ ᠢ᠋ ᠭᠦᠨᠵᠡᠭᠡᠢ ᠡᠵᠡᠯᠡᠵᠤ᠂ ᠨᠢᠭᠡᠨᠳᠡ ᠤᠯᠠᠨ ᠵᠢᠯ ᠤ᠋ᠨ ᠬᠠᠯᠠᠮᠰᠢᠯ ᠪᠦᠲᠦᠭᠡᠭᠳᠡᠭᠦᠨ ᠪᠤᠯᠤᠭᠰᠠᠨ ᠪᠠᠢᠨ᠎ᠠ ᠭᠡᠵᠦ ᠲᠢᠶᠠᠨ ᠮᠤ᠌ ᠴᠠᠭᠠᠨ ᠢᠳᠡᠭᠡᠨ ᠤ᠋ ᠦᠢᠯᠡᠰ ᠤ᠋ᠨ ᠬᠢᠵᠠᠭᠠᠷᠳᠦ ᠺᠤᠮᠫᠠᠨᠢ ᠶ᠋ᠢᠨ ᠵᠠᠢᠷᠮᠠᠭ ᠤ᠋ᠨ ᠦᠢᠯᠡᠰ ᠤ᠋ᠨ ᠬᠡᠯᠳᠡᠰ ᠤ᠋ᠨ ᠬᠠᠷᠢᠭᠤᠴᠠᠯᠭᠠᠳᠠᠨ ᠵᠠᠩ ᠳ᠋ᠦᠩ ᠹᠧᠩ ᠳᠠᠨᠢᠯᠴᠠᠭᠤᠯᠪᠠ᠃
ᠦᠪᠦᠷ ᠮᠤᠩᠭᠤᠯ ᠴᠢᠨᠠᠷ ᠰᠠᠢᠳᠠᠢ ᠰᠦ ᠶ᠋ᠢᠨ ᠢᠷᠡᠯᠳᠡ ᠶ᠋ᠢᠨ ᠳᠠᠪᠠᠭᠤᠯᠢᠭ ᠲᠤ᠌ ᠰᠠᠭᠤᠷᠢᠯᠠᠨ ᠭᠦᠢᠳᠡᠨ ᠬᠡᠯᠬᠢᠶᠡᠳᠦ ᠡᠳ᠋ ᠪᠠᠷᠠᠭᠠᠨ ᠤ᠋ ᠭᠦᠢᠯᠭᠡᠭᠡ᠂ ᠲᠤᠰᠬᠠᠢ ᠮᠡᠷᠭᠡᠵᠢᠯ ᠤ᠋ᠨ ᠴᠢᠳᠠᠪᠤᠷᠢᠳᠠᠨ᠂ ᠮᠡᠷᠭᠡᠵᠢᠯ ᠢ᠋ ᠰᠤᠳᠤᠯᠤᠨ ᠨᠡᠭᠡᠭᠡᠬᠦ ᠵᠡᠷᠭᠡ ᠢᠵᠢ ᠪᠦᠷᠢᠳᠦᠭᠦᠯᠭᠡ ᠶ᠋ᠢᠨ ᠳᠤᠳᠠᠭᠤᠳᠠᠯ ᠢ᠋ ᠲᠠᠰᠤᠷᠠᠯᠳᠠ ᠦᠭᠡᠢ ᠨᠦᠬᠦᠪᠤᠷᠢᠯᠡᠵᠦ᠂ ᠰᠦ ᠶ᠋ᠢᠨ ᠦᠢᠯᠡᠰ ᠤ᠋ᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠪᠠ᠃ ᠳᠠᠭᠠᠭᠤᠯᠤᠭᠴᠢ ᠠᠵᠤ ᠠᠬᠤᠢᠯᠠᠯ ᠳᠡᠭᠡᠳᠦ ᠳᠡᠰ ᠤ᠋ᠨ ᠴᠢᠳᠠᠮᠵᠢᠳᠦ ᠭᠦᠢᠳᠡᠨ ᠢᠳᠡᠭᠡᠨ ᠤᠮᠳᠠᠭᠠᠨ ᠢ᠋ ᠭᠤᠤᠯᠴᠢᠯᠠᠨ ᠦᠢᠯᠡᠳᠪᠤᠷᠢᠯᠡᠬᠦ᠂ ᠳᠤᠮᠳᠠ ᠪᠠᠭ᠎ᠠ ᠲᠦᠷᠦᠯ ᠲᠡᠮᠳᠡᠭᠳᠤ ᠠᠵᠤ ᠠᠬᠤᠢᠯᠠᠯ ᠤ᠋ᠨ ᠬᠢᠨ ᠤ᠋ ᠲᠠᠯ᠎ᠠ ᠨᠤᠳᠤᠭ ᠤ᠋ᠨ ᠤᠨᠴᠠᠯᠢᠭᠳᠦ ᠬᠦᠢᠲᠡᠨ ᠦᠢᠯᠡᠳᠭᠦᠨ ᠢ᠋ ᠴᠢᠷᠮᠠᠢᠨ ᠦᠢᠯᠡᠳᠪᠤᠷᠢᠯᠡᠬᠦ ᠶ᠋ᠢ ᠬᠦᠲᠦᠯᠦᠨ ᠵᠢᠯᠤᠭᠤᠳᠬᠤ ᠪᠡᠷ ᠳᠠᠮᠵᠢᠨ ᠱᠠᠳᠤᠯᠢᠭ ᠴᠢᠨᠠᠷᠳᠠᠢ᠂ ᠬᠠᠷᠢᠯᠴᠠᠨ ᠨᠦᠬᠦᠪᠤᠷᠢᠯᠡᠬᠦ ᠬᠡᠯᠪᠡᠷᠢ ᠶ᠋ᠢᠨ ᠠᠵᠤ ᠦᠢᠯᠡᠰ ᠤ᠋ᠨ ᠬᠦᠭᠵᠢᠯᠳᠡ ᠶ᠋ᠢᠨ ᠪᠠᠢᠷᠢᠰᠢᠯ ᠢ᠋ ᠪᠦᠷᠢᠯᠳᠦᠭᠦᠯᠪᠠ᠃
ᠤᠯᠠᠨ ᠠᠷᠭ᠎ᠠ ᠪᠡᠷ ᠤᠷᠤᠯᠭ᠎ᠠ ᠪᠡᠨ ᠨᠡᠮᠡᠭᠳᠡᠭᠦᠯᠬᠦ ᠵᠠᠮ ᠢ᠋ ᠦᠷᠭᠡᠳᠬᠡᠪᠡ
ᠬᠦᠢᠳᠡᠨ ᠢᠳᠡᠭᠡᠨ ᠤᠮᠳᠠᠭᠠᠨ ᠤ᠋ ᠠᠵᠤ ᠦᠢᠯᠡᠰ ᠪᠤᠯ ᠰᠦ ᠶ᠋ᠢᠨ ᠦᠢᠯᠡᠰ ᠤ᠋ᠨ ᠦᠨᠳᠦᠷ ᠨᠡᠮᠡᠯᠳᠡ ᠦᠷᠳᠡᠭ ᠪᠦᠬᠦᠢ ᠨᠠᠷᠢᠯᠢᠭ ᠪᠤᠯᠪᠠᠰᠤᠷᠠᠭᠤᠯᠬᠤ ᠠᠵᠤ ᠦᠢᠯᠡᠳᠪᠤᠷᠢ ᠶ᠋ᠢᠨ ᠵᠠᠩᠬᠢᠯᠠᠭ᠎ᠠ ᠶ᠋ᠢᠨ ᠭᠤᠭᠴᠤᠭ᠎ᠠ ᠪᠤᠯᠬᠤ ᠪᠦᠭᠡᠳ ᠴᠠᠭᠠᠨ ᠢᠳᠡᠭᠡᠨ ᠤ᠋ ᠠᠵᠤ ᠦᠢᠯᠡᠰ ᠤ᠋ᠨ ᠬᠡᠯᠬᠢᠶ᠎ᠠ ᠶ᠋ᠢ ᠤᠷᠳᠤᠳᠬᠠᠬᠤ᠂ ᠠᠵᠤ ᠦᠢᠯᠡᠰ ᠤ᠋ᠨ ᠦᠷ᠎ᠠ ᠠᠰᠢᠭ ᠢ᠋ ᠳᠡᠭᠡᠭᠰᠢᠯᠡᠭᠦᠯᠬᠦ ᠴᠢᠬᠤᠯᠠ ᠭᠠᠷᠳᠠᠴᠠ ᠪᠤᠯᠤᠨ᠎ᠠ᠃ ᠤᠢᠷ᠎ᠠ ᠶ᠋ᠢᠨ ᠵᠢᠯ ᠳ᠋ᠤ ᠦᠪᠦᠷ ᠮᠤᠩᠭᠤᠯ ᠠᠵᠤ ᠦᠢᠯᠡᠰ ᠤ᠋ᠨ ᠪᠤᠬᠢᠷᠳᠦᠯ ᠦᠭᠡᠢ ᠲᠡᠢᠰᠢ ᠳᠡᠰ ᠳᠠᠪᠰᠢᠬᠦ᠂ ᠶᠠᠰᠤ ᠴᠢᠨᠠᠷ ᠢ᠋ ᠳᠡᠭᠡᠭᠰᠢᠯᠡᠬᠦᠯᠤᠨ ᠦᠷ᠎ᠠ ᠠᠰᠢᠭ ᠢ᠋ ᠨᠡᠮᠡᠭᠳᠡᠬᠦᠯᠬᠦ ᠶ᠋ᠢ ᠲᠠᠰᠤᠷᠠᠯᠳᠠ ᠦᠭᠡᠢ ᠠᠬᠢᠭᠤᠯᠵᠤ᠂ ᠠᠵᠤ ᠠᠬᠤᠢᠯᠠᠯ ᠤ᠋ᠨ ᠪᠤᠳᠠᠳᠤ ᠴᠤᠭᠴᠠ ᠶ᠋ᠢᠨ ᠳᠡᠯᠭᠡᠭᠦᠷ ᠨᠡᠭᠡᠭᠡᠬᠦ᠂ ᠰᠦᠯᠵᠢᠶ᠎ᠠ ᠪᠡᠷ ᠵᠢᠵᠢᠭᠯᠡᠨ ᠪᠤᠷᠤᠯᠠᠭᠤᠯᠬᠤ ᠪᠠ ᠤᠯᠤᠰ ᠤ᠋ᠨ ᠭᠠᠳᠠᠭᠠᠳᠦ ᠶ᠋ᠢᠨ ᠵᠠᠬ᠎ᠠ ᠳᠡᠯᠭᠡᠭᠦᠷ ᠢ᠋ ᠨᠡᠭᠡᠭᠡᠬᠦ ᠵᠡᠷᠭᠡ 3 ᠦᠷᠢᠰᠦᠯᠳᠦᠭᠡᠨ ᠤ᠋ ᠵᠠᠮ ᠢ᠋ ᠨᠢᠭᠡᠳᠦᠯᠳᠠᠢ ᠲᠦᠯᠦᠪᠵᠢᠭᠦᠯᠬᠦ ᠶ᠋ᠢ ᠬᠦᠲᠦᠯᠦᠨ ᠵᠢᠯᠤᠭᠤᠳᠴᠤ᠂ ᠪᠦᠬᠦ ᠤᠷᠤᠨ ᠪᠦᠰᠡ ᠶ᠋ᠢᠨ ᠪᠤᠰᠤᠭ᠎ᠠ ᠴᠤᠭᠴᠠᠳᠤ ᠪᠤᠷᠤᠯᠠᠭᠤᠯᠭ᠎ᠠ ᠶ᠋ᠢᠨ ᠳᠤᠤᠷ ᠢ᠋ ᠪᠠᠢᠭᠤᠯᠤᠨ᠂ ᠤᠷᠤᠯᠭ᠎ᠠ ᠪᠡᠨ ᠨᠡᠮᠡᠭᠳᠡᠭᠦᠯᠬᠦ ᠠᠷᠭ᠎ᠠ ᠵᠠᠮ ᠢ᠋ ᠪᠦᠬᠦ ᠲᠠᠯ᠎ᠠ ᠪᠡᠷ ᠦᠷᠭᠡᠳᠬᠡᠪᠡ᠃
ᠡᠨᠡ ᠵᠤᠨ ᠦᠪᠦᠷ ᠮᠤᠩᠭᠤᠯ ᠤ᠋ᠨ ᠬᠦᠢᠳᠡᠨ ᠢᠳᠡᠭᠡᠨ ᠤᠮᠳᠠᠭᠠᠨ ᠤ᠋ ᠬᠡᠷᠡᠭᠯᠡᠭᠡ ᠮᠦᠨ ᠬᠦ᠌ ᠬᠠᠯᠠᠮᠰᠢᠯ ᠪᠤᠯᠵᠠᠢ᠃ ᠬᠦᠬᠡᠬᠤᠳᠠ ᠶ᠋ᠢᠨ ᠢᠤᠢᠴᠢᠤᠸᠠᠨ ᠲᠤᠭᠤᠷᠢᠭ ᠤ᠋ᠨ ᠮᠧᠩ ᠨᠢᠤ ᠶ᠋ᠢᠨ ᠮᠠᠯᠵᠢᠯ ᠤ᠋ᠨ ᠲᠠᠯᠠᠪᠠᠢ ᠶ᠋ᠢᠨ ᠠᠨᠳᠠ ᠬᠤᠰᠢᠭᠤᠴᠢ ᠳᠡᠯᠭᠡᠭᠦᠷ ᠲᠤ᠌ ᠱᠤᠤᠮᠠᠢ ᠲᠠᠢ ᠵᠠᠢᠷᠮᠠᠭ᠂ ᠵᠠᠢᠷᠮᠠᠭ ᠲᠠᠢ ᠬᠠᠯᠠᠭᠤᠨ ᠲᠤᠭᠤᠭ᠎ᠠ ᠵᠡᠷᠭᠡ 34 ᠶᠠᠩᠵᠤ ᠶ᠋ᠢᠨ ᠪᠦᠲᠦᠭᠡᠯᠴᠢ ᠰᠡᠳᠬᠢᠮᠵᠢ ᠶ᠋ᠢᠨ ᠢᠵᠢ ᠬᠤᠭᠤᠯᠠ ᠨᠢ ᠬᠡᠷᠡᠭᠯᠡᠭᠴᠢᠳ ᠤ᠋ᠨ ᠳᠠᠭᠠᠰᠢᠶᠠᠯ ᠢ᠋ ᠤᠯᠵᠤ᠂ ᠲᠦᠯᠦᠭᠡᠯᠡᠭᠴᠢ ᠬᠠᠯᠠᠮᠰᠢᠯ ᠪᠦᠲᠦᠭᠡᠭᠳᠡᠭᠦᠨ ᠪᠤᠯᠤᠭᠰᠠᠨ 6 ᠴᠠᠭ ᠤ᠋ᠨ ᠲᠤᠳᠤᠷ᠎ᠠ ᠪᠡᠯᠡᠨ ᠬᠢᠭᠰᠡᠨ ᠰᠢᠬᠢᠷᠯᠢᠭ ᠬᠤᠩᠬᠢᠶ᠎ᠠ ᠵᠢᠨ ᠡᠳᠦᠷ ᠤ᠋ᠨ ᠬᠠᠮᠤᠭ ᠤ᠋ᠨ ᠠᠷᠪᠢᠨ ᠪᠤᠷᠤᠯᠠᠭᠤᠯᠭ᠎ᠠ ᠨᠢ 5000 ᠬᠤᠪᠢ ᠵᠢ ᠲᠠᠪᠠᠵᠤ ᠪᠤᠢ᠃
《ᠪᠢᠳᠡ ᠪᠦᠬᠦ ᠤᠷᠤᠨ ᠪᠦᠰᠡ ᠳ᠋ᠤ ᠰᠢᠪᠳᠤᠯᠤᠯᠳᠠ ᠬᠢᠬᠦ᠂ ᠵᠠᠭᠤᠨ ᠳᠡᠯᠭᠡᠭᠦᠷ ᠨᠡᠭᠡᠭᠡᠬᠦ ᠪᠡᠷ ᠬᠦᠭᠵᠢᠯᠳᠡ ᠶ᠋ᠢᠨ ᠬᠠᠷᠠᠯᠳᠠ ᠪᠤᠯᠭᠠᠵᠤ᠂ ᠪᠤᠳᠠᠳᠤ ᠴᠤᠭᠴᠠ ᠶ᠋ᠢᠨ ᠪᠡᠶᠡᠴᠢᠯᠠᠨ ᠠᠮᠳᠠᠯᠠᠬᠤ ᠳᠡᠯᠭᠡᠭᠦᠷ ᠢ᠋ ᠪᠠᠢᠷᠢᠰᠢᠭᠤᠯᠬᠤ ᠪᠡᠷ ᠱᠠᠯᠠᠪᠳᠠᠨ ᠠᠵᠢᠯᠯᠠᠵᠤ ᠪᠠᠢᠨ᠎ᠠ》ᠭᠡᠵᠦ ᠮᠧᠩ ᠨᠢᠤ ᠪᠦᠯᠦᠭᠯᠡᠯ ᠤ᠋ᠨ ᠬᠦᠢᠳᠡᠨ ᠦᠢᠯᠡᠳᠭᠦᠨ ᠤ᠋ ᠬᠦᠬᠡᠬᠤᠳᠠ ᠳ᠋ᠡᠬᠢ ᠰᠢᠨ᠎ᠠ ᠵᠢᠵᠢᠭᠯᠡᠨ ᠪᠤᠷᠤᠯᠠᠭᠤᠯᠬᠤ ᠬᠤᠳᠠ ᠶ᠋ᠢᠨ ᠵᠠᠬᠢᠷᠤᠯ ᠯᠢ ᠬᠤᠤ ᠬᠡᠯᠡᠭᠰᠡᠨ ᠵᠢᠡᠨ ᠵᠠᠯᠭᠠᠭᠠᠳ᠄ 《ᠡᠨᠡ ᠵᠢᠯ ᠠᠵᠤ ᠠᠬᠤᠢᠯᠠᠯ ᠨᠢ ᠬᠦᠬᠡᠬᠤᠳᠠ ᠳ᠋ᠤ 100 ᠦᠪᠡᠰᠦᠪᠡᠨ ᠡᠵᠡᠩᠨᠡᠬᠦ ᠳᠡᠯᠭᠡᠭᠦᠷ ᠵᠢᠴᠢ ᠬᠠᠮᠳᠤᠷᠠᠨ ᠠᠵᠢᠯᠯᠠᠬᠤ ᠳᠡᠯᠭᠡᠭᠦᠷ ᠨᠡᠭᠡᠭᠡᠬᠦ ᠪᠡᠷ ᠲᠦᠯᠦᠪᠯᠡᠵᠦ᠂ ᠤᠳᠤᠬᠠᠨ ᠪᠤᠯᠳᠠᠯ᠎ᠠ ᠨᠢᠭᠡᠨᠳᠡ 20 ᠭᠠᠷᠤᠢ ᠳᠡᠯᠭᠡᠭᠦᠷ ᠢ᠋ ᠭᠡᠷ᠎ᠠ ᠳᠤᠬᠢᠷᠠᠯᠴᠠᠨ ᠨᠠᠢᠳᠠᠪᠤᠷᠢᠵᠢᠭᠤᠯᠪᠠ᠃ ᠡᠭᠦᠨ ᠤ᠋ ᠬᠠᠮᠳᠤ ᠴᠤᠤᠷᠢᠶ᠎ᠠ᠂ ᠮᠧᠢ ᠲᠤᠸᠠᠨ ᠵᠡᠷᠭᠡ ᠰᠦᠯᠵᠢᠶᠡᠨ ᠳᠠᠪᠴᠠᠩ ᠢ᠋ ᠰᠠᠢᠳᠦᠷ ᠡᠵᠡᠩᠨᠡᠵᠦ᠂ ᠰᠦᠯᠵᠢᠶ᠎ᠠ ᠪᠠ ᠪᠤᠳᠠᠳᠤ ᠳᠡᠯᠭᠡᠭᠦᠷ ᠤ᠋ᠨ ᠬᠤᠷᠰᠢᠯᠴᠠᠭ᠎ᠠ ᠪᠡᠷ ᠬᠡᠷᠡᠭᠯᠡᠭᠴᠢᠳ ᠢ᠋ ᠳᠠᠳᠠᠬᠤ ᠶ᠋ᠢ ᠪᠡᠶᠡᠯᠡᠭᠦᠯᠬᠦ ᠪᠤᠯᠤᠨ᠎ᠠ》ᠭᠡᠵᠦ ᠲᠠᠨᠢᠯᠴᠠᠭᠤᠯᠪᠠ᠃
ᠳᠠᠭᠠᠭᠤᠯᠤᠭᠴᠢ ᠠᠵᠤ ᠠᠬᠤᠢᠯᠠᠯ ᠤ᠋ᠨ ᠪᠦᠬᠦ ᠤᠷᠤᠨ ᠪᠦᠰᠡ ᠶ᠋ᠢᠨ ᠪᠠᠢᠷᠢᠰᠢᠭᠤᠯᠤᠯᠳᠠ ᠲᠠᠢ ᠬᠠᠷᠢᠴᠠᠭᠤᠯᠪᠠᠯ ᠤᠷᠤᠨ ᠨᠤᠳᠤᠭ ᠤ᠋ᠨ ᠪᠠᠭ᠎ᠠ ᠵᠢᠵᠢᠭ ᠠᠵᠤ ᠠᠬᠤᠢᠯᠠᠯ ᠤ᠋ᠨ ᠬᠢᠨ 《ᠪᠠᠭ᠎ᠠ ᠪᠤᠯᠪᠠᠴᠤ ᠨᠠᠷᠢᠯᠢᠭ᠂ ᠲᠤᠰᠬᠠᠢᠵᠢᠭᠰᠠᠨ ᠪᠦᠭᠡᠳ ᠴᠢᠨᠠᠷᠯᠢᠭ》 ᠵᠦᠷᠢᠶᠡᠴᠢᠯᠡᠭᠰᠡᠨ ᠬᠦᠭᠵᠢᠯᠳᠡ ᠶ᠋ᠢᠨ ᠵᠠᠮ ᠱᠤᠭᠤᠮ ᠶ᠋ᠢᠡᠷ ᠭᠤᠤᠯᠯᠠᠨ ᠬᠦᠭᠵᠢᠵᠦ ᠪᠤᠢ᠃ ᠦᠬᠠᠢ ᠬᠤᠳᠠ ᠶ᠋ᠢᠨ ᠤᠷᠤᠨ ᠨᠤᠳᠤᠭ ᠤ᠋ᠨ ᠲᠦᠷᠦᠯ ᠲᠡᠮᠳᠡᠭ ᠪᠤᠯᠬᠤ 《ᠴᠦ ᠯᠤ᠌》ᠨᠢ ᠤᠷᠤᠨ ᠪᠦᠰᠡ ᠶ᠋ᠢᠨ ᠤᠨᠴᠠᠯᠢᠭ ᠰᠢᠨᠵᠢ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ ᠰᠦ ᠵᠢ ᠳᠤᠤᠷ᠎ᠠ ᠳᠤᠯᠠᠭᠠᠨ ᠪᠤᠯᠪᠠᠰᠤᠷᠠᠭᠤᠯᠤᠭᠰᠠᠨ ᠬᠦᠢᠳᠡᠨ ᠢᠳᠡᠭᠡᠨ ᠤᠮᠳᠠᠭᠠᠨ ᠤ᠋ ᠵᠦᠢᠯ ᠳ᠋ᠤ ᠦᠷᠢᠰᠦᠯᠳᠦᠬᠦ ᠪᠡᠷ ᠬᠦᠴᠦᠯᠡᠨ ᠴᠢᠷᠮᠠᠢᠵᠤ᠂ ᠡᠭᠡᠳᠡᠭᠰᠡᠨ ᠰᠦ᠂ ᠦᠷᠦᠮ᠎ᠠ ᠶ᠋ᠢᠨ ᠰᠢᠷᠢᠰ ᠭᠦᠢᠳᠡᠨ ᠦᠢᠯᠡᠳᠭᠦᠨ ᠢ᠋ ᠭᠤᠤᠯᠯᠠᠨ ᠡᠵᠡᠩᠨᠡᠵᠦ᠂ ᠤᠷᠤᠨ ᠨᠤᠳᠤᠭ ᠵᠢᠴᠢ ᠡᠷᠬᠢᠨ ᠲᠤᠭᠤᠷᠢᠨ ᠤ᠋ ᠰᠤᠶᠤᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠲᠤ᠌ ᠨᠠᠷᠢᠨ ᠤᠨᠤᠴᠠᠳᠠᠢ ᠦᠢᠯᠡᠴᠢᠯᠡᠭᠡ ᠬᠠᠩᠭᠠᠵᠤ ᠪᠠᠢᠨ᠎ᠠ᠃ ᠦᠪᠦᠷ ᠮᠤᠩᠭᠤᠯ ᠤ᠋ᠨ ᠴᠦ ᠯᠤ᠌ ᠠᠷᠠᠯᠵᠢᠶ᠎ᠠ ᠬᠤᠳᠠᠯᠳᠤᠭᠠᠨ ᠤ᠋ ᠬᠢᠵᠠᠭᠠᠷᠳᠦ ᠺᠤᠮᠫᠠᠨᠢ ᠶ᠋ᠢᠨ ᠬᠠᠷᠢᠭᠤᠴᠠᠯᠭᠠᠳᠠᠨ ᠷᠧᠨ ᠬᠠᠨ ᠪᠦᠧᠧ ᠵᠢᠨ ᠳᠠᠨᠢᠯᠴᠠᠭᠤᠯᠤᠭᠰᠠᠨ ᠵᠢᠡᠷ᠂ ᠠᠵᠤ ᠠᠬᠤᠢᠯᠠᠯ ᠨᠢ ᠦᠬᠠᠢ ᠨᠠᠭᠤᠷ ᠤ᠋ᠨ ᠰᠡᠯᠡᠭᠦᠴᠠᠯ ᠤ᠋ᠨ ᠠᠮᠠᠷᠠᠯᠳᠠ ᠵᠢᠭᠤᠯᠴᠢᠯᠠᠯ ᠤ᠋ᠨ ᠲᠤᠭᠤᠷᠢᠭ ᠤ᠋ᠨ ᠤᠢᠷ᠎ᠠ ᠬᠠᠪᠢ ᠳ᠋ᠤ ᠡᠮᠦᠨ᠎ᠠ ᠨᠢ ᠳᠡᠯᠭᠡᠭᠦᠷ ᠲᠠᠢ᠂ ᠠᠷᠤ ᠳ᠋ᠤᠨᠢ ᠦᠢᠯᠡᠳᠪᠤᠷᠢ ᠪᠠᠢᠬᠤ ᠰᠢᠭᠤᠳ ᠡᠵᠡᠩᠨᠡᠯᠳᠡ ᠶ᠋ᠢᠨ ᠳᠡᠯᠭᠡᠭᠦᠷ ᠨᠡᠭᠡᠭᠡᠵᠦ᠂ ᠦᠢᠯᠡᠳᠭᠦᠨ ᠬᠢᠬᠦ ᠶ᠋ᠢ ᠪᠡᠶᠡᠴᠢᠯᠡᠨ ᠤᠢᠯᠠᠭᠠᠬᠤ᠂ ᠰᠤᠳᠤᠯᠤᠨ ᠰᠤᠷᠤᠯᠴᠠᠵᠤ ᠬᠠᠮᠵᠢᠯᠴᠠᠬᠤ ᠵᠡᠷᠭᠡ ᠡᠵᠡᠩᠨᠡᠯᠳᠡ ᠶ᠋ᠢᠨ ᠬᠡᠯᠪᠡᠷᠢ ᠶ᠋ᠢ ᠰᠢᠨ᠎ᠠ ᠪᠡᠷ ᠨᠡᠮᠡᠭᠳᠡᠭᠦᠯᠦᠨ᠂ ᠠᠭᠤᠰᠤᠯᠴᠠᠬᠤ ᠬᠡᠯᠪᠡᠷᠢ ᠶ᠋ᠢᠨ ᠬᠡᠷᠡᠭᠯᠡᠭᠡ ᠪᠡᠷ ᠨᠡᠩ ᠤᠯᠠᠨ ᠬᠡᠷᠡᠭᠯᠡᠭᠴᠢ ᠶ᠋ᠢᠨ ᠠᠩᠬᠠᠷᠤᠯ ᠢ᠋ ᠳᠠᠳᠠᠵᠤ ᠪᠠᠢᠨ᠎ᠠ᠃
ᠨᠡᠢᠭᠡᠮ ᠲᠣᠭᠣᠷᠢᠭ ᠤ᠋ᠨ ᠠᠷᠠᠳ ᠲᠤ᠌ ᠳᠥᠭᠥᠮ ᠦᠵᠡᠭᠦᠯᠬᠦ ᠦᠵᠦᠭᠦᠷᠯᠢᠭ ᠨᠢ ᠲᠦᠷᠦᠯ ᠳᠡᠮᠳᠡᠭ ᠵᠢᠡᠷ ᠠᠷᠠᠳ ᠲᠤ᠌ ᠠᠰᠢᠭ ᠬᠦᠷᠲᠡᠭᠡᠬᠦ ᠴᠢᠬᠤᠯᠠ ᠠᠴᠢᠶᠠᠯᠠᠪᠤᠷᠢ ᠪᠤᠯᠵᠠᠢ᠃ ᠪᠤᠭᠤᠲᠤ ᠬᠣᠲᠠ ᠵᠢᠨ ᠣᠯᠠᠨ ᠰᠠᠭᠤᠭᠠᠯᠢ ᠠᠷᠠᠳ ᠤ᠋ᠨ ᠲᠣᠭᠣᠷᠢᠭ ᠤ᠋ᠨ ᠡᠭᠦᠳᠡᠨ ᠳ᠋ᠡᠬᠢ ᠢᠯᠢ ᠵᠢᠨ ᠠᠷᠠᠳ ᠲᠤ᠌ ᠳᠥᠭᠥᠮ ᠦᠵᠡᠭᠦᠯᠬᠦ ᠰᠢᠭᠤᠳ ᠪᠣᠷᠣᠯᠠᠭᠤᠯᠭ᠎ᠠ ᠵᠢᠨ ᠭᠠᠵᠠᠷ ᠨᠢ ᠬᠥᠮᠦᠰ ᠤ᠋ᠨ ᠬᠦᠷᠢᠶᠡᠯᠡᠯ ᠢ᠋ ᠶᠡᠭᠡᠳᠡ ᠬᠦᠷᠳᠡᠵᠤ᠂ ᠦᠢᠯᠡᠳᠪᠦᠷᠢ ᠡᠴᠡ ᠰᠢᠭᠤᠳ ᠬᠠᠩᠭᠠᠬᠤ ᠵᠠᠭᠪᠤᠷ ᠲᠦ᠍ ᠲᠦᠰᠢᠭᠯᠡᠨ ᠵᠠᠪᠰᠠᠷ ᠤ᠋ᠨ ᠦᠨ᠎ᠡ ᠵᠢᠨ ᠵᠦᠷᠢᠶ᠎ᠡ ᠡᠴᠡ ᠵᠠᠢᠯᠠᠰᠬᠢᠨ᠂ ᠬᠦᠷᠢᠶᠡᠯᠡᠯ ᠶᠡᠭᠡᠲᠠᠢ ᠦᠢᠯᠡᠳᠬᠦᠨ ᠢ᠋ ᠡᠩ ᠤ᠋ᠨ ᠦᠨ᠎ᠡ ᠪᠡᠷ ᠪᠣᠷᠣᠯᠠᠭᠤᠯᠵᠤ᠂ ᠣᠢᠷ᠎ᠠ ᠬᠠᠪᠢ ᠵᠢᠨ ᠰᠠᠭᠤᠭᠠᠯᠢ ᠠᠷᠠᠳ ᠲᠤ᠌ ᠠᠰᠢᠭ ᠬᠦᠷᠲᠡᠭᠡᠪᠡ᠃ ᠢᠯᠢ ᠪᠦᠯᠦᠭᠯᠡᠯ ᠤ᠋ᠨ ᠬᠦᠢᠲᠡᠨ ᠢᠳᠡᠭᠡᠨ ᠤᠮᠳᠠᠭᠠᠨ ᠤ᠋ ᠠᠵᠢᠯ ᠦᠢᠯᠡᠰ ᠤ᠋ᠨ ᠬᠡᠯᠳᠡᠰ ᠤ᠋ᠨ ᠰᠤᠳᠤᠯᠤᠨ ᠨᠡᠭᠡᠭᠡᠬᠦ ᠶᠡᠷᠦᠩᠬᠡᠢ ᠬᠢᠨᠠᠭᠴᠢ ᠸᠧᠨ ᠬᠣᠩ ᠷᠦᠢ ᠵᠢᠨ ᠢᠯᠡᠷᠬᠡᠢᠯᠡᠭᠰᠡᠨ ᠵᠢᠡᠷ᠂ ᠠᠵᠤ ᠠᠬᠤᠢᠯᠠᠯ ᠤ᠋ᠨ ᠪᠦᠬᠦ ᠬᠡᠯᠬᠢᠶ᠎ᠡ ᠵᠢᠨ ᠪᠠᠢᠷᠢᠰᠢᠭᠤᠯᠤᠯᠳᠠ᠂ ᠰᠠᠩ ᠬᠥᠮᠥᠷᠭᠡ ᠵᠢᠨ ᠭᠡᠰᠢᠭᠦᠨ ᠳᠡᠯᠭᠡᠭᠦᠷ᠂ ᠰᠤᠯᠠ ᠢᠳᠡᠭᠡᠨ ᠤ᠋ ᠬᠢᠮᠳᠠᠷᠠᠭᠤᠯᠤᠨ ᠬᠤᠳᠤᠯᠳᠤᠬᠤ ᠳᠡᠯᠭᠡᠭᠦᠷ ᠵᠡᠷᠭᠡ ᠰᠢᠨ᠎ᠡ ᠪᠡᠷ ᠮᠠᠨᠳᠤᠭᠰᠠᠨ ᠪᠤᠷᠤᠯᠠᠭᠤᠯᠭ᠎ᠠ ᠵᠢᠨ ᠠᠷᠭ᠎ᠠ ᠵᠠᠮ ᠤ᠋ᠨ ᠡᠵᠡᠩᠨᠡᠯᠲᠡ ᠵᠢᠨ ᠣᠷᠣᠯᠭ᠎ᠠ ᠵᠢᠨ ᠨᠡᠮᠡᠭᠳᠡᠯ ᠤ᠋ᠨ ᠬᠤᠷᠳᠤᠴᠠ ᠨᠢ 20% ᠶ᠋ᠢ ᠳᠠᠪᠠᠵᠤ᠂ ᠪᠤᠷᠤᠯᠠᠭᠤᠯᠭ᠎ᠠ ᠵᠢᠨ ᠠᠷᠭ᠎ᠠ ᠵᠠᠮ ᠤ᠋ᠨ ᠪᠦᠲᠦᠴᠡ ᠨᠢ ᠦᠷᠭᠦᠯᠵᠢᠯᠡᠨ ᠰᠢᠯᠢᠳᠡᠭᠵᠢᠪᠡ᠃
ᠤᠯᠤᠰ ᠤ᠋ᠨ ᠳᠣᠲᠣᠭᠠᠳᠤ ᠵᠢᠨ ᠵᠠᠬ᠎ᠠ ᠳᠡᠯᠭᠡᠭᠦᠷ ᠤ᠋ᠨ ᠶᠠᠰᠤ ᠴᠢᠨᠠᠷ ᠢ᠋ ᠲᠣᠭᠲᠠᠭᠤᠨ ᠵᠢᠡᠷ ᠳᠡᠭᠡᠭᠰᠢᠯᠡᠭᠦᠯᠬᠦ ᠵᠢᠨ ᠬᠠᠮᠳᠤ ᠭᠠᠳᠠᠭᠠᠳᠤ ᠵᠢᠨ ᠵᠠᠬ᠎ᠠ ᠳᠡᠯᠭᠡᠭᠦᠷ ᠨᠢ ᠠᠵᠤ ᠦᠢᠯᠡᠳᠪᠦᠷᠢ ᠵᠢᠨ ᠰᠢᠨ᠎ᠡ ᠨᠡᠮᠡᠭᠳᠡᠯ ᠤ᠋ᠨ ᠲᠤᠢᠯ ᠪᠣᠯᠪᠠ᠃ ᠸᠧᠨ ᠬᠣᠩ ᠷᠦᠢ ᠵᠢᠨ ᠲᠠᠨᠢᠯᠴᠠᠭᠤᠯᠤᠭᠰᠠᠨ ᠵᠢᠠᠷ᠂ ᠢᠯᠢ ᠪᠦᠯᠦᠭᠯᠡᠯ ᠵᠡᠭᠦᠨ ᠡᠮᠦᠨᠡᠲᠦ ᠠᠽᠢᠶ᠎ᠠ᠂ ᠤᠮᠠᠷᠠᠲᠤ ᠠᠮᠧᠷᠢᠺᠠ᠂ ᠮᠣᠩᠭᠣᠯ ᠤᠯᠤᠰ ᠵᠡᠷᠭᠡ ᠭᠣᠣᠯ ᠵᠠᠬ᠎ᠠ ᠳᠡᠯᠭᠡᠭᠦᠷ ᠢ᠋ ᠭᠦᠨᠵᠡᠭᠡᠢᠷᠡᠭᠦᠯᠦᠨ ᠨᠡᠭᠡᠭᠡᠵᠤ᠂ ᠳᠤᠮᠳᠠᠳᠤ ᠳᠣᠷᠣᠨᠠᠲᠤ᠂ ᠠᠹᠷᠢᠺᠠ ᠵᠡᠷᠭᠡ ᠵᠢᠨ ᠰᠢᠨ᠎ᠡ ᠪᠡᠷ ᠮᠠᠨᠳᠤᠭᠰᠠᠨ ᠵᠠᠬ᠎ᠠ ᠳᠡᠯᠭᠡᠭᠦᠷ ᠢ᠋ ᠲᠣᠭᠲᠠᠭᠤᠨ ᠵᠢᠠᠷ ᠥᠷᠭᠡᠳᠬᠡᠵᠦ᠂ ᠣᠷᠣᠨ ᠨᠤᠲᠤᠭᠴᠢᠯᠠᠭᠰᠠᠨ ᠦᠢᠯᠡᠳᠭᠦᠨ ᠤ᠋ ᠨᠠᠢᠷᠠᠯᠭ᠎ᠠ ᠵᠢ ᠰᠢᠯᠢᠳᠡᠭᠵᠢᠭᠦᠯᠬᠦ᠂ ᠲᠤᠰᠬᠠᠢ ᠬᠦᠢᠳᠡᠨ ᠬᠡᠯᠬᠢᠶ᠎ᠡ ᠵᠢ ᠢᠵᠢ ᠪᠦᠷᠢᠳᠦᠭᠦᠯᠬᠦ᠂ ᠲᠤᠬᠠᠢ ᠵᠢᠨ ᠭᠠᠵᠠᠷ ᠤ᠋ᠨ ᠳᠤᠰᠬᠠᠢ ᠪᠦᠯᠬᠦᠮ ᠵᠢᠡᠷ ᠡᠵᠡᠩᠨᠡᠯᠳᠡ ᠬᠢᠯᠭᠡᠭᠦ ᠠᠷᠭ᠎ᠠ ᠵᠠᠮ ᠵᠢᠠᠷ ᠳᠠᠮᠵᠢᠨ ᠭᠠᠳᠠᠭᠠᠳᠤ ᠵᠢᠨ ᠬᠡᠷᠡᠭᠯᠡᠭᠡᠨ ᠤ᠋ ᠬᠡᠷᠡᠭᠴᠡᠭᠡ ᠱᠠᠭᠠᠷᠳᠠᠯᠭ᠎ᠠ ᠳ᠋ᠤ ᠤᠨᠤᠴᠠᠳᠠᠢ ᠳᠤᠬᠢᠷᠠᠭᠤᠯᠪᠠ᠃
ᠮᠧᠩ ᠨᠢᠦ ᠪᠦᠯᠦᠭᠯᠡᠯ ᠤ᠋ᠨ ᠮᠥᠰᠥᠨ ᠦᠢᠯᠡᠳᠭᠦᠨ ᠤ᠋ ᠠᠷᠠᠯᠵᠢᠶᠠᠨ ᠤ᠋ ᠬᠡᠯᠳᠡᠰ ᠤ᠋ᠨ ᠬᠠᠷᠢᠭᠤᠴᠠᠯᠭᠠᠲᠠᠨ ᠭᠦᠸᠧ ᠰᠢᠶᠣᠤ ᠪᠢᠨ ᠤ᠋ ᠬᠡᠯᠡᠬᠦ ᠪᠡᠷ᠂ ᠮᠧᠩ ᠨᠢᠦ ᠪᠦᠯᠦᠭᠯᠡᠯ ᠵᠡᠭᠦᠨ ᠡᠮᠦᠨᠡᠲᠦ ᠠᠽᠢᠶ᠎ᠠ ᠪᠠᠷ ᠳᠠᠯᠠᠢ ᠳ᠋ᠤ ᠭᠠᠷᠬᠤ ᠭᠣᠣᠯ ᠵᠢᠭᠰᠠᠯ ᠤ᠋ᠨ ᠭᠠᠵᠠᠷ ᠪᠣᠯᠭᠠᠨ ᠢᠨᠳᠦᠨᠧᠰᠢᠶ᠎ᠠ᠂ ᠸᠢᠶᠧᠲᠨᠠᠮ᠂ ᠹᠢᠯᠢᠫᠢᠨ ᠳ᠋ᠦ᠍ ᠲᠤᠬᠠᠢ ᠵᠢᠨ ᠭᠠᠵᠠᠷ ᠤ᠋ᠨ ᠤᠨᠴᠠᠯᠢᠭ ᠲᠠᠢ ᠦᠢᠯᠡᠳᠪᠦᠷᠢᠯᠡᠯ ᠰᠤᠳᠤᠯᠭᠠᠨ ᠪᠣᠷᠣᠯᠠᠭᠤᠯᠭ᠎ᠠ ᠵᠢᠨ ᠰᠢᠰᠲ᠋ᠧᠮ ᠢ᠋ ᠪᠠᠢᠭᠤᠯᠵᠤ᠂ ᠣᠯᠠᠨ ᠤᠯᠤᠰ ᠤ᠋ᠨ ᠵᠠᠬ᠎ᠠ ᠳᠡᠯᠭᠡᠭᠦᠷ ᠤ᠋ᠨ ᠡᠵᠡᠯᠡᠬᠦ ᠬᠤᠪᠢ ᠵᠢᠨ ᠬᠠᠷᠢᠴᠠᠯ ᠨᠢ ᠠᠵᠢᠯ ᠲᠥᠷᠥᠯ ᠤ᠋ᠨ ᠡᠮᠦᠨ᠎ᠡ ᠡᠩᠨᠡᠭᠡᠨ ᠳ᠋ᠦ᠍ ᠵᠢᠬᠰᠠᠭᠠᠬᠳᠠᠵᠤ ᠪᠣᠢ᠃
ᠪᠦᠬᠦ ᠣᠷᠣᠨ ᠪᠦᠰᠡ ᠵᠢᠨ ᠪᠤᠷᠤᠯᠠᠭᠤᠯᠭ᠎ᠠ ᠵᠢᠨ ᠠᠷᠭ᠎ᠠ ᠵᠠᠮ ᠵᠢᠠᠷ ᠠᠵᠤ ᠦᠢᠯᠡᠰ ᠤ᠋ᠨ ᠦᠷ᠎ᠡ ᠠᠰᠢᠭ ᠤ᠋ᠨ ᠲᠣᠭᠲᠠᠭᠤᠨ ᠵᠢᠠᠷ ᠳᠡᠭᠡᠭᠰᠢᠯᠡᠬᠦ ᠵᠢ ᠠᠬᠢᠭᠤᠯᠪᠠ᠃ 2025 ᠣᠨ ᠳ᠋ᠤ᠌ ᠢᠯᠢ ᠪᠦᠯᠦᠭᠯᠡᠯ ᠤ᠋ᠨ ᠬᠦᠢᠲᠡᠨ ᠢᠳᠡᠭᠡᠨ ᠤᠮᠳᠠᠭᠠᠨ ᠤ᠋ ᠠᠵᠢᠯ ᠲᠦᠷᠦᠯ ᠤ᠋ᠨ ᠡᠵᠡᠩᠨᠡᠯᠳᠡ ᠵᠢᠨ ᠣᠷᠣᠯᠭ᠎ᠠ 98.22 ᠳ᠋ᠦᠩᠰᠢᠭᠤᠷ ᠲᠥᠭᠥᠷᠢᠭ ᠲᠦ᠍ ᠬᠦᠷᠴᠦ᠂ ᠲᠠᠬᠡᠷ᠎ᠠ ᠵᠢᠯ ᠤ᠋ᠨ ᠬᠢ ᠡᠴᠡ ᠪᠠᠨ 12.63% ᠪᠠᠷ ᠨᠡᠮᠡᠭᠳᠡᠵᠡᠢ; ᠮᠧᠩ ᠨᠢᠦ ᠵᠠᠢᠷᠮᠠᠭ ᠤ᠋ᠨ ᠤᠯᠤᠰ ᠤ᠋ᠨ ᠳᠣᠲᠣᠭᠠᠳᠤ ᠵᠢᠨ ᠠᠵᠢᠯ ᠲᠥᠷᠥᠯ ᠬᠣᠶᠠᠷ ᠣᠷᠣᠨᠲᠤ ᠲᠣᠭ᠎ᠠ ᠵᠢᠨ ᠥᠨᠳᠥᠷ ᠨᠡᠮᠡᠭᠳᠡᠯ ᠢ᠋ ᠪᠡᠶᠡᠯᠡᠭᠦᠯᠵᠦ᠂ ᠨᠡᠮᠡᠭᠳᠡᠯ ᠤ᠋ᠨ ᠬᠤᠷᠳᠤᠴᠠ ᠨᠢ ᠠᠵᠢᠯ ᠲᠥᠷᠥᠯ ᠤ᠋ᠨ ᠳᠤᠮᠳᠠᠴᠢ ᠲᠦᠪᠰᠢᠨ ᠢ᠋ ᠳᠠᠪᠠᠪᠠ᠃
ᠡᠭᠦᠨ ᠤ᠋ ᠬᠠᠮᠲᠤ ᠠᠵᠤ ᠦᠢᠯᠡᠰ ᠤ᠋ᠨ ᠬᠦᠭᠵᠢᠯᠳᠡ ᠵᠢᠨ ᠠᠷᠭ᠎ᠠ ᠵᠠᠮ ᠤ᠋ᠨ ᠳᠤᠲᠠᠭᠤᠳᠠᠯ ᠢ᠋ ᠮᠥᠨ ᠬᠦ᠌ ᠣᠮᠲᠣᠭᠠᠢᠯᠠᠵᠤ ᠪᠣᠯᠬᠤ ᠦᠭᠡᠢ ᠶᠤᠮ᠃ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠢᠨ ᠠᠵᠤ ᠠᠬᠤᠢ ᠵᠢᠨ ᠬᠠᠮᠢᠶᠠᠷᠤᠯᠲᠠ ᠵᠢᠨ ᠳᠡᠭᠡᠳᠦ ᠰᠤᠷᠭᠠᠭᠤᠯᠢ ᠵᠢᠨ ᠫᠷᠣᠹᠧᠰᠰᠣᠷ ᠭᠠᠢ ᡁᠢ ᠢ ᠵᠢᠨ ᠢᠯᠡᠷᠭᠡᠢᠯᠡᠭᠰᠡᠨ ᠵᠢᠡᠷ᠂ ᠣᠳᠣᠬᠠᠨ ᠳ᠋ᠤ᠌ ᠪᠦᠬᠦ ᠣᠷᠣᠨ ᠤ᠋ ᠬᠦᠢᠲᠡᠨ ᠢᠳᠡᠭᠡᠨ ᠤᠮᠳᠠᠭᠠᠨ ᠤ᠋ ᠠᠵᠤ ᠦᠢᠯᠡᠰ ᠤ᠋ᠨ ᠰᠦᠯᠵᠢᠶᠡᠨ ᠳᠡᠭᠡᠷᠡᠬᠢ ᠰᠢᠨ᠎ᠡ ᠵᠠᠭᠤᠴᠢᠯᠠᠭᠤᠷ ᠤ᠋ᠨ ᠡᠵᠡᠩᠨᠡᠯᠲᠡ᠂ ᠰᠢᠭᠤᠳ ᠨᠡᠪᠲᠡᠷᠡᠭᠦᠯᠭᠡ ᠪᠡᠷ ᠪᠤᠷᠤᠯᠠᠭᠤᠯᠬᠤ ᠴᠢᠳᠠᠪᠤᠷᠢ ᠪᠠᠭᠤᠷᠠᠢ ᠪᠠᠢᠨ᠎ᠠ᠂ ᠰᠦᠯᠵᠢᠶᠡᠨ ᠳᠡᠭᠡᠷᠡᠬᠢ ᠨᠦᠯᠦᠭᠡᠯᠡᠯᠳᠡ ᠵᠢᠨ ᠨᠣᠷᠮ᠎ᠠ ᠵᠢ ᠳᠡᠭᠡᠭᠰᠢᠯᠡᠭᠦᠯᠬᠦ ᠴᠢᠬᠤᠯᠠᠲᠠᠢ; ᠪᠤᠳᠠᠳᠤ ᠴᠤᠭᠴᠠ ᠵᠢᠨ ᠵᠠᠬ᠎ᠠ ᠳᠡᠯᠭᠡᠭᠦᠷ ᠨᠢ ᠪᠠᠷᠠᠭᠤᠨ ᠬᠣᠢᠲᠤ ᠤᠷᠤᠨ᠂ ᠤᠮᠠᠷᠠᠲᠤ ᠣᠷᠣᠨ ᠳ᠋ᠤ᠌ ᠳᠡᠭᠡᠳᠦ ᠬᠡᠮᠵᠢᠶ᠎ᠡ ᠪᠡᠷ ᠲᠥᠪᠯᠡᠷᠡᠵᠦ᠂ ᠡᠮᠦᠨᠡᠲᠦ ᠣᠷᠣᠨ ᠤ᠋ ᠵᠠᠬ᠎ᠠ ᠳᠡᠯᠭᠡᠭᠦᠷ ᠢ᠋ ᠨᠡᠭᠡᠭᠡᠬᠦ ᠡᠷᠴᠢᠮ ᠵᠢᠡᠷ ᠬᠦᠷᠦᠯᠴᠡᠬᠦ ᠦᠭᠡᠢ ᠪᠠᠢᠨ᠎ᠠ᠃ ᠢᠷᠡᠭᠡᠳᠦᠢ ᠳ᠋ᠦ᠍ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠵᠢᠨ ᠬᠠᠮᠵᠢᠯᠴᠠᠨ ᠬᠥᠭᠵᠢᠬᠦ ᠵᠢ ᠭᠦᠨᠵᠡᠭᠡᠢᠷᠡᠭᠦᠯᠵᠦ᠂ ᠰᠦᠯᠵᠢᠶᠡᠨ ᠳᠡᠭᠡᠷ᠎ᠡ《ᠲᠠᠯ᠎ᠠ ᠨᠤᠲᠤᠭ ᠤ᠋ᠨ ᠬᠦᠢᠲᠡᠨ ᠢᠳᠡᠭᠡᠨ ᠤᠮᠳᠠᠭᠠᠨ》ᠣᠷᠣᠨ ᠪᠦᠰᠡ ᠵᠢᠨ ᠲᠦᠷᠦᠯ ᠳᠡᠮᠳᠡᠭ ᠤ᠋ᠨ IP ᠶ᠋ᠢ ᠨᠢᠭᠡᠳᠦᠯᠲᠡᠢ ᠡᠭᠦᠳᠴᠦ᠂ ᠸᠢᠳᠢᠤ᠋ ᠪᠢᠴᠢᠯᠭᠡ ᠪᠠᠷ ᠰᠢᠭᠤᠳ ᠨᠡᠪᠲᠡᠷᠡᠭᠦᠯᠬᠦ᠂ ᠨᠡᠢᠭᠡᠮ ᠲᠣᠭᠣᠷᠢᠭ ᠡᠴᠡ ᠪᠦᠬᠡᠮ ᠵᠢᠡᠷ ᠬᠤᠳᠠᠯᠳᠤᠨ ᠠᠪᠬᠤ ᠵᠡᠷᠭᠡ ᠰᠢᠨ᠎ᠡ ᠪᠤᠷᠤᠯᠠᠭᠤᠯᠭ᠎ᠠ ᠵᠢᠨ ᠠᠷᠭ᠎ᠠ ᠵᠠᠮ ᠢ᠋ ᠪᠣᠢ ᠪᠣᠯᠭᠠᠨ᠎ᠠ; ᠤᠮᠠᠷᠠᠲᠤ ᠣᠷᠣᠨ ᠤ᠋ ᠪᠤᠳᠠᠳᠤ ᠴᠤᠭᠴᠠ ᠵᠢᠨ ᠭᠣᠣᠯ ᠵᠠᠬ᠎ᠠ ᠳᠡᠯᠭᠡᠭᠦᠷ ᠢ᠋ ᠲᠣᠭᠲᠠᠪᠤᠷᠢᠵᠢᠭᠤᠯᠵᠤ᠂《ᠣᠨᠴᠠᠯᠢᠭᠲᠤ ᠦᠢᠯᠡᠳᠬᠦᠨ + ᠰᠣᠶᠣᠯ ᠵᠢᠭᠤᠯᠴᠢᠯᠠᠯ ᠨᠡᠷ᠎ᠠ ᠬᠤᠯᠪᠤᠭᠠᠯᠠᠬᠤ》 ᠵᠠᠭᠪᠤᠷ ᠵᠢᠠᠷ ᠡᠮᠦᠨᠡᠲᠦ ᠣᠷᠣᠨ ᠤ᠋ ᠵᠠᠬ᠎ᠠ ᠳᠡᠯᠭᠡᠭᠦᠷ ᠢ᠋ ᠨᠡᠭᠡᠭᠡᠨ ᠬᠦᠭᠵᠢᠭᠦᠯᠵᠤ᠂ ᠪᠦᠬᠦ ᠣᠷᠣᠨ ᠪᠦᠰᠡ ᠵᠢᠨ ᠲᠡᠩᠴᠡᠭᠦᠷᠢᠲᠡᠢ ᠬᠥᠭᠵᠢᠯᠲᠡ ᠵᠢ ᠪᠡᠶᠡᠯᠡᠭᠦᠯᠪᠡᠯ ᠵᠤᠬᠢᠨ᠎ᠠ᠃
ᠰᠢᠨ᠎ᠡ ᠵᠢ ᠡᠭᠦᠳᠭᠦ ᠵᠢ ᠴᠢᠩᠭᠠᠳᠬᠠᠵᠤ ᠲᠦᠷᠦᠯ ᠳᠡᠮᠳᠡᠭ ᠢ᠋ ᠠᠯᠳᠠᠷᠰᠢᠭᠤᠯᠪᠠ
ᠰᠦ ᠵᠢᠨ ᠦᠢᠯᠡᠰ ᠤ᠋ᠨ ᠡᠬᠢ ᠪᠠᠶᠠᠯᠢᠭ ᠤ᠋ᠨ ᠳᠠᠪᠠᠭᠤᠯᠢᠭ ᠡᠴᠡ ᠪᠡᠨ ᠲᠥᠷᠥᠯ ᠲᠡᠮᠳᠡᠭ ᠤ᠋ᠨ ᠳᠠᠪᠠᠭᠤᠯᠢᠭ᠂ ᠥᠷᠲᠡᠭ ᠤ᠋ᠨ ᠳᠠᠪᠠᠭᠤᠯᠢᠭ ᠳᠠᠢᠰᠢᠬᠢ ᠳᠠᠪᠠᠯᠳᠠ ᠵᠢ ᠠᠬᠢᠭᠤᠯᠬᠤ ᠵᠢᠨ ᠬᠠᠮᠲᠤ ᠥᠪᠥᠷ ᠮᠣᠩᠭᠣᠯ ᠤ᠋ᠨ ᠬᠦᠢᠲᠡᠨ ᠢᠳᠡᠭᠡᠨ ᠤᠮᠳᠠᠭᠠᠨ ᠤ᠋ ᠠᠵᠤ ᠦᠢᠯᠡᠰ ᠲᠦ᠍ ᠪᠦᠲᠦᠴᠡ ᠵᠢᠨ ᠴᠢᠨᠠᠷᠲᠠᠢ ᠬᠦᠴᠢᠷ ᠠᠰᠠᠭᠤᠳᠠᠯ ᠣᠷᠣᠰᠢᠵᠤ ᠪᠤᠢ᠃ ᠢᠯᠢ ᠂ ᠮᠧᠩ ᠨᠢᠦ ᠬᠣᠶᠠᠷ ᠲᠣᠮᠣ ᠳᠠᠭᠠᠭᠤᠯᠤᠭᠴᠢ ᠠᠵᠤ ᠠᠬᠤᠢᠯᠠᠯ ᠨᠢ ᠦᠢᠯᠡᠳᠪᠦᠷᠢᠯᠡᠯ ᠤ᠋ᠨ ᠴᠢᠳᠠᠪᠤᠷᠢ ᠵᠢᠨ 80% ᠵᠢ ᠡᠵᠡᠯᠡᠵᠦ᠂ ᠲᠦᠷᠦᠯ ᠲᠡᠮᠳᠡᠭ᠂ ᠲᠧᠭᠨᠢᠭ ᠮᠡᠷᠭᠡᠵᠢᠯ᠂ ᠪᠤᠷᠤᠯᠠᠭᠤᠯᠭ᠎ᠠ ᠵᠢᠨ ᠠᠷᠭ᠎ᠠ ᠵᠠᠮ ᠤ᠋ᠨ ᠳᠠᠪᠠᠭᠤᠯᠢᠭ ᠨᠢ ᠳᠣᠪᠣᠢᠮ᠎ᠠ; ᠲᠢᠶᠠᠨ ᠮᠦ᠍᠂ ᠴᠦ ᠯᠦ᠍ ᠵᠡᠷᠭᠡ ᠣᠷᠣᠨ ᠨᠤᠲᠤᠭ ᠤ᠋ᠨ ᠳᠤᠮᠳᠠ ᠪᠠᠭ᠎ᠠ ᠠᠵᠤ ᠠᠬᠤᠢᠯᠠᠯ ᠤ᠋ᠨ ᠶᠠᠰᠤ ᠴᠢᠨᠠᠷ ᠰᠠᠢᠨ ᠪᠣᠯᠪᠠᠴᠤ ᠲᠥᠷᠥᠯ ᠲᠡᠮᠳᠡᠭ ᠤ᠋ᠨ ᠠᠪᠴᠢᠷᠠᠭᠰᠠᠨ ᠦᠨ᠎ᠡ ᠦᠰᠦᠯᠳᠡ ᠨᠢ ᠳᠣᠣᠷ᠎ᠠ᠂ ᠪᠤᠷᠤᠯᠠᠭᠤᠯᠭ᠎ᠠ ᠵᠢᠨ ᠠᠷᠭ᠎ᠠ ᠵᠠᠮ ᠨᠢ ᠢᠪᠴᠤᠤ᠂ ᠵᠠᠬ᠎ᠠ ᠳᠡᠯᠭᠡᠭᠦᠷ ᠤ᠋ᠨ ᠠᠯᠳᠠᠷᠰᠢᠯ ᠨᠢ ᠥᠨᠳᠥᠷ ᠪᠢᠰᠢ ᠵᠡᠷᠭᠡ ᠠᠰᠠᠭᠤᠳᠠᠯ ᠨᠡᠢᠳᠡᠮ ᠣᠷᠣᠰᠢᠵᠤ᠂ ᠶᠡᠬᠡ ᠪᠠᠭ᠎ᠠ ᠠᠵᠤ ᠠᠬᠤᠢᠯᠠᠯ ᠬᠠᠮᠵᠢᠯᠴᠠᠨ ᠬᠦᠳᠡᠯᠭᠡᠭᠦ ᠬᠦᠴᠦᠨ ᠣᠯᠭᠣᠬᠤ ᠠᠵᠤ ᠦᠢᠯᠡᠰ ᠤ᠋ᠨ ᠪᠠᠢᠷᠢᠰᠢᠯ ᠢ᠋ ᠮᠥᠨ ᠬᠦ᠌ ᠦᠷᠭᠦᠯᠵᠢᠯᠡᠨ ᠲᠡᠭᠦᠯᠳᠡᠷᠵᠢᠭᠦᠯᠬᠦ ᠴᠢᠬᠤᠯᠠᠲᠠᠢ ᠪᠠᠢᠨ᠎ᠠ᠃
ᠠᠵᠤ ᠦᠢᠯᠡᠰ ᠤ᠋ᠨ ᠶᠡᠰᠤ ᠴᠢᠨᠠᠷ ᠵᠢᠡᠨ ᠲᠡᠩᠴᠡᠭᠦᠷᠢᠲᠡᠢ ᠪᠡᠷ ᠳᠡᠭᠡᠭᠰᠢᠯᠡᠭᠦᠯᠬᠦ ᠵᠢᠨ ᠲᠤᠰᠠᠳᠠ ᠥᠪᠥᠷ ᠮᠣᠩᠭᠣᠯ ᠤᠷᠢᠳ ᠬᠣᠵᠢᠳ《ᠰᠦ ᠵᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠢᠰᠤᠨ ᠵᠦᠢᠯ ᠤ᠋ᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ》᠂ 《ᠰᠦ ᠵᠢᠨ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠨᠦ᠍ᠭᠦᠳ》᠂ 《ᠰᠦ ᠶ᠋ᠢᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ》 ᠵᠡᠷᠭᠡ ᠪᠦᠬᠦ ᠬᠡᠯᠬᠢᠶ᠎ᠡ ᠪᠡᠷ ᠲᠡᠮᠵᠢᠬᠦ ᠲᠥᠷᠥ ᠵᠢᠨ ᠪᠣᠳᠣᠯᠭ᠎ᠠ ᠵᠢ ᠨᠠᠢᠳᠠᠪᠤᠷᠢᠵᠢᠭᠤᠯᠵᠤ᠂ ᠮᠠᠯᠵᠢᠯ ᠤ᠋ᠨ ᠲᠠᠯᠠᠪᠠᠢ ᠵᠢᠨ ᠪᠦᠲᠦᠭᠡᠨ ᠪᠠᠢᠭᠤᠯᠤᠯᠲᠠ᠂ ᠲᠡᠵᠢᠭᠡᠨ ᠦᠷᠡᠵᠢᠭᠦᠯᠵᠤ ᠪᠣᠯᠪᠠᠰᠤᠷᠠᠭᠤᠯᠬᠤ᠂ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ᠂ ᠲᠥᠷᠥᠯ ᠲᠡᠮᠳᠡᠭ ᠢ᠋ ᠪᠣᠢᠵᠢᠭᠤᠯᠬᠤ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠬᠠᠮᠤᠷᠴᠤ᠂ ᠮᠢᠩᠭᠠᠨ ᠳ᠋ᠦᠩᠰᠢᠭᠤᠷ ᠲᠥᠭᠥᠷᠢᠭ ᠤ᠋ᠨ ᠳᠡᠰ ᠤ᠋ᠨ ᠰᠦ ᠵᠢᠨ ᠦᠢᠯᠡᠰ ᠤ᠋ᠨ ᠪᠦᠯᠦᠭᠵᠢᠯ ᠢ᠋ ᠪᠦᠬᠦ ᠬᠦᠴᠦᠨ ᠵᠢᠡᠷ ᠵᠢᠡᠨ ᠪᠤᠵᠠᠭᠠᠢᠷᠠᠭᠤᠯᠵᠤ᠂ ᠳᠠᠭᠠᠭᠤᠯᠤᠭᠴᠢ ᠠᠵᠤ ᠠᠬᠤᠢᠯᠠᠯ ᠵᠢᠡᠷ ᠳᠠᠢᠴᠢᠯᠠᠭᠤᠯᠬᠤ᠂ ᠪᠠᠭ᠎ᠠ ᠵᠢᠵᠢᠭ ᠠᠵᠤ ᠠᠬᠤᠢᠯᠠᠯ ᠵᠢᠡᠷ ᠰᠢᠪᠲᠤᠯᠤᠯᠲᠠ ᠬᠢᠬᠦ᠂ ᠳᠠᠪᠠᠭᠤᠯᠢᠭ ᠵᠢᠠᠨ ᠬᠠᠷᠢᠯᠴᠠᠨ ᠨᠥᠬᠥᠪᠥᠷᠢᠯᠡᠬᠦ ᠲᠦᠷᠦᠯ ᠲᠡᠮᠳᠡᠭ ᠤ᠋ᠨ ᠱᠠᠲᠤᠯᠢᠭ ᠵᠢᠭᠰᠠᠯ ᠤ᠋ᠨ ᠡᠩᠨᠡᠭᠡ ᠵᠢ ᠬᠦᠴᠦᠯᠡᠨ ᠪᠠᠢᠭᠤᠯᠵᠤ᠂ 《ᠥᠪᠥᠷ ᠮᠣᠩᠭᠣᠯ ᠤ᠋ᠨ ᠴᠢᠨᠠᠷ ᠰᠠᠢᠲᠠᠢ ᠮᠥᠰᠥᠨ ᠦᠢᠯᠡᠳᠭᠦᠨ》 ᠣᠷᠣᠨ ᠪᠦᠰᠡ ᠵᠢᠨ ᠲᠦᠷᠦᠯ ᠲᠡᠮᠳᠡᠭ ᠤ᠋ᠨ ᠨᠥᠯᠥᠭᠡᠯᠡᠬᠦ ᠬᠦᠴᠦᠨ ᠢ᠋ ᠦᠷᠭᠦᠯᠵᠢᠯᠡᠨ ᠨᠡᠮᠡᠭᠳᠡᠭᠦᠯᠪᠡ᠃
ᠬᠡᠷᠡᠭᠯᠡᠭᠡ ᠳᠡᠰ ᠲᠡᠪᠰᠢᠭᠰᠡᠨ ᠠᠬᠤᠢ ᠪᠠᠢᠳᠠᠯ ᠳᠣᠣᠷ᠎ᠠ᠂ ᠬᠦᠢᠲᠡᠨ ᠢᠳᠡᠭᠡᠨ ᠤᠮᠳᠠᠭᠠᠨ ᠤ᠋ ᠬᠡᠷᠡᠭᠯᠡᠭᠡ ᠶᠠᠭ ᠤᠯᠠᠷᠢᠯ ᠤ᠋ᠨ ᠬᠢᠵᠠᠭᠠᠷᠯᠡᠯ ᠢ᠋ ᠡᠪᠳᠡᠵᠤ᠂ ᠡᠷᠡᠭᠦᠯ ᠮᠡᠨᠳᠤ ᠵᠢᠨ᠂ ᠠᠬᠤᠢ ᠪᠠᠢᠳᠠᠯ ᠤ᠋ᠨ᠂ ᠨᠡᠢᠭᠡᠮ ᠤ᠋ᠨ ᠬᠠᠷᠢᠯᠴᠠᠭ᠎ᠠ ᠵᠢᠨ ᠲᠠᠢᠰᠢ ᠬᠦᠭᠵᠢᠬᠦ ᠰᠢᠨ᠎ᠡ ᠬᠠᠨᠳᠤᠰᠢ ᠪᠣᠯᠵᠤ ᠪᠠᠢᠨ᠎ᠠ᠃ ᠡᠭᠦᠨ ᠳ᠋ᠦ᠍ ᠥᠪᠥᠷ ᠮᠣᠩᠭᠣᠯ ᠴᠠᠭᠠᠨ ᠢᠳᠡᠭᠡᠨ ᠤ᠋ ᠪᠤᠳᠠᠰ ᠤ᠋ᠨ ᠪᠤᠰᠤ ᠰᠣᠶᠣᠯ ᠤ᠋ᠨ ᠥᠪ᠂ ᠨᠠᠭᠠᠳᠤᠮ ᠤ᠋ᠨ ᠬᠤᠷᠠᠯ ᠵᠡᠷᠭᠡ ᠲᠠᠯ᠎ᠠ ᠨᠤᠲᠤᠭ ᠤ᠋ᠨ ᠰᠣᠶᠣᠯ ᠵᠢᠭᠤᠯᠴᠢᠯᠠᠯ ᠤ᠋ᠨ IP ᠵᠢ ᠭᠦᠨᠵᠡᠭᠡᠢ ᠠᠭᠤᠳᠠᠯᠵᠤ᠂ ᠰᠤᠶᠤᠯ ᠤ᠋ᠨ ᠪᠦᠳᠦᠭᠡᠯᠴᠢ ᠴᠢᠨᠠᠷᠳᠠᠢ ᠮᠥᠰᠥᠨ ᠦᠢᠯᠡᠳᠭᠦᠨ ᠭᠠᠷᠭᠠᠨ᠂ ᠦᠨᠳᠦᠰᠦᠲᠡᠨ ᠤ᠋ ᠢᠳᠡᠭᠡᠨ ᠤᠮᠳᠠᠭᠠᠨ ᠤ᠋ ᠰᠣᠶᠣᠯ ᠢ᠋ ᠦᠢᠯᠡᠳᠬᠦᠨ ᠤ᠋ ᠰᠢᠰᠲ᠋ᠧᠮ ᠳ᠋ᠦ᠍ ᠠᠭᠤᠰᠤᠯᠴᠠᠭᠤᠯᠵᠤ᠂ ᠠᠵᠢᠯ ᠲᠥᠷᠥᠯ ᠤ᠋ᠨ ᠬᠢᠨ ᠤ᠋ ᠴᠢᠨᠠᠷ ᠢᠵᠢᠯᠢᠰᠢᠭᠰᠡᠨ ᠬᠦᠴᠢᠷ ᠠᠰᠠᠭᠤᠳᠠᠯ ᠢ᠋ ᠬᠦᠴᠦᠯᠡᠨ ᠰᠢᠢᠳᠪᠦᠷᠢᠯᠡᠬᠦ ᠵᠢ ᠬᠠᠢᠨ ᠰᠦᠪᠡᠭᠴᠢᠯᠡᠪᠡ᠃
《ᠤᠯᠠᠮᠵᠢᠯᠠᠯᠲᠤ ᠴᠠᠭᠠᠨ ᠢᠳᠡᠭᠡᠨ ᠤ᠋ ᠰᠣᠶᠣᠯ᠂ ᠣᠷᠣᠨ ᠪᠦᠰᠡ ᠵᠢᠨ ᠰᠣᠶᠣᠯ ᠵᠢᠭᠤᠯᠴᠢᠯᠠᠯ ᠤ᠋ᠨ IP ᠵᠢ ᠣᠯᠠᠨ ᠤᠯᠤᠰ ᠤ᠋ᠨ ᠴᠠᠭ ᠤ᠋ᠨ ᠤᠷᠤᠰᠬᠠᠯ ᠤ᠋ᠨ ᠡᠯᠧᠮᠧᠨ᠋ᠲ ᠯᠤᠭ᠎ᠠ ᠣᠷᠭᠠᠨᠢᠭ ᠵᠢᠠᠷ ᠠᠭᠤᠰᠤᠯᠴᠠᠭᠤᠯᠬᠤ ᠪᠠ ᠦᠷᠭᠦᠯᠵᠢᠯᠡᠨ ᠰᠢᠨ᠎ᠡ ᠵᠢ ᠡᠭᠦᠳᠴᠦ᠂ ᠦᠢᠯᠡᠳᠬᠦᠨ ᠤ᠋ ᠬᠡᠯᠪᠡᠷᠢ ᠲᠦᠷᠰᠤ᠂ ᠠᠮᠳᠠ ᠰᠢᠮᠳᠠ ᠪᠠ ᠠᠭᠤᠯᠤᠭᠳᠠᠬᠤᠨ ᠢ᠋ ᠪᠦᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠᠳᠠᠢ》 ᠭᠡᠵᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠢᠭᠡᠮ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠮᠠᠯᠵᠢᠬᠤ ᠣᠷᠣᠨ ᠤ᠋ ᠬᠥᠭᠵᠢᠯᠳᠠ ᠵᠢᠨ ᠰᠤᠳᠤᠯᠭᠠᠨ ᠤ᠋ ᠭᠠᠵᠠᠷ ᠤ᠋ᠨ ᠰᠤᠳᠤᠯᠤᠭᠴᠢ ᠬᠤᠸᠠ ᠷᠦᠢ ᠬᠡᠯᠡᠨ᠎ᠡ᠃ ᠳᠡᠭᠦᠨ ᠤ᠋ ᠦᠵᠡᠭᠦ ᠪᠡᠷ᠂ ᠴᠠᠭᠠᠨ ᠢᠳᠡᠭᠡᠨ ᠤ᠋ ᠠᠵᠤ ᠦᠢᠯᠡᠰ ᠵᠢᠡᠷ ᠬᠥᠳᠡᠯᠭᠡᠭᠦᠷ ᠪᠣᠯᠭᠠᠨ᠂ ᠰᠢᠨ᠎ᠡ ᠵᠢ ᠡᠭᠦᠳᠬᠦ ᠪᠡᠷ ᠬᠥᠳᠡᠯᠭᠡᠭᠦ ᠬᠦᠴᠦᠨ ᠪᠣᠯᠭᠠᠵᠤ᠂ ᠬᠦᠢᠲᠡᠨ ᠢᠳᠡᠭᠡᠨ ᠤᠮᠳᠠᠭᠠᠨ ᠤ᠋ ᠠᠵᠤ ᠦᠢᠯᠡᠰ ᠢ᠋ ᠲᠤᠰᠬᠠᠢ ᠳᠡᠮᠵᠢᠬᠦ ᠲᠥᠷᠥ ᠵᠢᠨ ᠪᠣᠳᠣᠯᠭ᠎ᠠ ᠵᠢ ᠲᠦᠷᠭᠡᠨ ᠲᠣᠭᠲᠠᠭᠠᠵᠤ᠂ ᠲᠡᠬᠦᠨ ᠢ᠋ ᠴᠠᠭᠠᠨ ᠢᠳᠡᠭᠡᠨ ᠤ᠋ ᠦᠢᠯᠡᠰ ᠤ᠋ᠨ ᠪᠦᠬᠦ ᠠᠵᠤ ᠦᠢᠯᠡᠰ ᠤ᠋ᠨ ᠬᠡᠯᠬᠢᠶ᠎ᠡ ᠵᠢᠨ ᠪᠦᠬᠦ ᠴᠣᠭᠴᠠ ᠵᠢᠨ ᠪᠠᠢᠷᠢᠰᠢᠭᠤᠯᠤᠯᠲᠠ ᠳ᠋ᠤ᠌ ᠣᠷᠣᠭᠤᠯᠪᠠᠯ ᠵᠤᠬᠢᠨ᠎ᠠ᠃
ᠭᠠᠢ ᡁᠢ ᠢ ᠵᠢᠨ ᠦᠵᠡᠬᠦ ᠪᠡᠷ᠂ ᠠᠵᠤ ᠦᠢᠯᠡᠰ ᠢ᠋ ᠬᠠᠮᠵᠢᠯᠴᠠᠭᠤᠯᠤᠨ ᠬᠥᠭᠵᠢᠭᠦᠯᠬᠦ ᠲᠠᠯ᠎ᠠ ᠪᠠᠷ ᠳᠠᠭᠠᠭᠤᠯᠤᠭᠴᠢ ᠠᠵᠤ ᠠᠬᠤᠢᠯᠠᠯ ᠡᠴᠡ ᠳᠠᠢᠴᠢᠯᠠᠬᠤ᠂ ᠪᠠᠭ᠎ᠠ ᠵᠢᠵᠢᠭ ᠠᠵᠤ ᠠᠬᠤᠢᠯᠠᠯ ᠬᠠᠷᠢᠯᠴᠠᠨ ᠨᠥᠬᠥᠪᠥᠷᠢᠯᠡᠬᠦ ᠵᠦᠷᠢᠶᠡᠴᠢᠯᠡᠭᠰᠡᠨ ᠬᠥᠭᠵᠢᠯᠲᠡ ᠵᠢᠨ ᠪᠠᠢᠷᠢᠰᠢᠯ ᠢ᠋ ᠪᠠᠢᠭᠤᠯᠪᠠᠯ ᠵᠣᠬᠢᠨ᠎ᠠ᠃ ᠳᠠᠭᠠᠭᠤᠯᠤᠭᠴᠢ ᠠᠵᠤ ᠠᠬᠤᠢᠯᠠᠯ ᠨᠢ ᠲᠧᠭᠨᠢᠭ ᠮᠡᠷᠭᠡᠵᠢᠯ᠂ ᠦᠢᠯᠡᠳᠪᠦᠷᠢᠯᠡᠯ ᠤ᠋ᠨ ᠴᠢᠳᠠᠪᠤᠷᠢ᠂ ᠪᠤᠷᠤᠯᠠᠭᠤᠯᠭ᠎ᠠ ᠵᠢᠨ ᠠᠷᠭ᠎ᠠ ᠵᠠᠮ ᠤ᠋ᠨ ᠳᠠᠪᠠᠭᠤᠯᠢᠭ ᠲᠠᠭᠠᠨ ᠲᠦᠰᠢᠭᠯᠡᠨ ᠣᠶᠤᠨᠴᠢ ᠪᠠᠷ ᠦᠢᠯᠡᠳᠬᠦ ᠪᠠ ᠳᠡᠭᠡᠳᠦ ᠳᠡᠰ ᠤ᠋ᠨ ᠴᠢᠳᠠᠮᠵᠢᠲᠤ ᠮᠥᠰᠥᠨ ᠦᠢᠯᠡᠳᠬᠦᠨ ᠢ᠋ ᠰᠤᠳᠤᠯᠤᠨ ᠨᠡᠭᠡᠭᠡᠵᠦ ᠤᠷᠤᠯᠠᠭᠤᠯᠬᠤ ᠳ᠋ᠤ ᠠᠩᠬᠠᠷᠤᠯ ᠵᠢᠠᠨ ᠬᠠᠨᠳᠤᠭᠤᠯᠤᠨ᠎ᠠ; ᠳᠤᠮᠳᠠ ᠪᠠᠭ᠎ᠠ ᠲᠦᠷᠦᠯ ᠳᠡᠮᠳᠡᠭᠳᠤ ᠠᠵᠤ ᠠᠬᠤᠢᠯᠠᠯ ᠨᠢ ᠲᠠᠯ᠎ᠠ ᠨᠤᠲᠤᠭ ᠤ᠋ᠨ ᠦᠪᠡᠷᠮᠢᠴᠡ ᠤᠨᠴᠠᠯᠢᠭ ᠲᠠᠢ ᠡᠬᠢ ᠪᠠᠶᠠᠯᠢᠭ ᠲᠤ᠌ ᠰᠠᠭᠤᠷᠢᠯᠠᠨ ᠥᠷᠥᠮ᠎ᠡ᠂ ᠴᠡᠭᠡ᠂ ᠲᠠᠯ᠎ᠠ ᠨᠤᠲᠤᠭ ᠤ᠋ᠨ ᠰᠢᠭᠦᠰᠦᠯᠢᠭ ᠵᠢᠮᠢᠰ ᠵᠡᠷᠭᠡ ᠤᠷᠤᠨ ᠨᠤᠲᠤᠭ ᠤ᠋ᠨ ᠲᠦᠭᠦᠬᠡᠢ ᠮᠠᠲ᠋ᠧᠷᠢᠶᠠᠯ ᠤ᠋ᠨ ᠳᠠᠪᠠᠭᠤᠯᠢᠭ ᠢ᠋ ᠭᠦᠨᠵᠡᠬᠡᠢ ᠠᠭᠤᠳᠠᠯᠵᠤ᠂ ᠥᠪᠡᠷᠮᠢᠴᠡ ᠣᠨᠴᠠᠯᠢᠭ ᠲᠠᠢ ᠦᠢᠯᠡᠳᠬᠦᠨ ᠢ᠋ ᠪᠣᠢ ᠪᠣᠯᠭᠠᠨ᠎ᠠ᠃ ᠡᠭᠦᠨ ᠤ᠋ ᠬᠠᠮᠲᠤ ᠬᠡᠷᠡᠭᠯᠡᠭᠡᠨ ᠤ᠋ ᠬᠠᠨᠳᠤᠰᠢ ᠵᠢ ᠮᠦᠷᠳᠡᠵᠤ᠂ ᠳᠡᠭᠡᠳᠦ ᠳᠡᠰ ᠤ᠋ᠨ ᠦᠨᠢᠶᠡᠨ ᠰᠦ᠂ ᠳᠣᠣᠷ᠎ᠠ ᠳᠤᠯᠠᠭᠠᠨ ᠳ᠋ᠤ᠌ ᠢᠰᠬᠡᠬᠦ᠂ ᠨᠡᠮᠡᠯᠲᠡ ᠡᠳ᠋ ᠦᠭᠡᠢ ᠦᠢᠯᠡᠳᠬᠦᠨ ᠢ᠋ ᠰᠤᠳᠤᠯᠤᠨ ᠨᠡᠭᠡᠭᠡᠬᠦ ᠡᠷᠴᠢᠮ ᠵᠢᠡᠨ ᠴᠢᠩᠭᠠᠷᠠᠭᠤᠯᠵᠤ᠂ ᠵᠠᠬ᠎ᠠ ᠳᠡᠯᠭᠡᠭᠦᠷ ᠤ᠋ᠨ ᠬᠡᠷᠡᠭᠴᠡᠭᠡ ᠱᠠᠭᠠᠷᠳᠠᠯᠭ᠎ᠠ ᠳ᠋ᠤ᠌ ᠣᠨᠣᠴᠠᠲᠠᠢ ᠲᠣᠬᠢᠷᠠᠭᠤᠯᠤᠯᠳᠠ ᠬᠢᠪᠡᠯ ᠵᠤᠬᠢᠨ᠎ᠠ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠵᠢᠨ ᠮᠡᠷᠭᠡᠵᠢᠯ ᠢ᠋ ᠳᠡᠯᠭᠡᠷᠡᠭᠦᠯᠬᠦ ᠲᠥᠪ ᠤ᠋ᠨ ᠳᠡᠭᠡᠳᠦ ᠵᠡᠷᠭᠡ ᠵᠢᠨ ᠮᠠᠯ ᠠᠬᠤᠢᠴᠢ ᠬᠤᠸᠠᠩ ᠱᠠ ᠨᠠ ᠵᠢᠨ ᠲᠠᠨᠢᠯᠴᠠᠭᠤᠯᠤᠭᠰᠠᠨ ᠵᠢᠡᠷ᠂ ᠥᠪᠥᠷ ᠮᠣᠩᠭᠣᠯ ᠴᠠᠭᠠᠨ ᠢᠳᠡᠭᠡᠨ ᠤ᠋ ᠪᠦᠲᠦᠴᠡ ᠪᠡᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠶᠡᠬᠡ ᠳᠤᠮᠳᠠ ᠪᠠᠭ᠎ᠠ ᠠᠵᠤ ᠠᠬᠤᠢᠯᠠᠯ ᠤ᠋ᠨ ᠬᠠᠮᠵᠢᠯᠴᠠᠨ ᠬᠥᠭᠵᠢᠬᠦ ᠪᠠ ᠣᠷᠣᠨ ᠨᠤᠲᠤᠭ ᠤ᠋ᠨ ᠣᠨᠴᠠᠯᠢᠭ ᠲᠠᠢ ᠴᠠᠭᠠᠨ ᠢᠳᠡᠭᠡᠨ ᠤ᠋ ᠠᠵᠤ ᠦᠢᠯᠡᠰ ᠤ᠋ᠨ ᠳᠡᠰ ᠳᠡᠪᠰᠢᠬᠦ ᠵᠢ ᠳᠡᠮᠵᠢᠵᠦ᠂ ᠳᠡᠭᠡᠳᠦ ᠳᠡᠰ ᠤ᠋ᠨ ᠴᠠᠭᠠᠨ ᠢᠳᠡᠭᠡᠨ ᠤ᠋ ᠨᠡᠭᠡᠭᠡᠯᠲᠡ ᠵᠢ ᠴᠢᠩᠭᠠᠳᠬᠠᠨ᠂ ᠬᠠᠲᠠᠭᠤ ᠪᠡᠶᠡᠲᠦ ᠴᠠᠭᠠᠨ ᠢᠳᠡᠭᠡᠨ ᠤ᠋ ᠡᠵᠡᠯᠡᠬᠦ ᠬᠠᠷᠢᠴᠠᠯ ᠢ᠋ ᠳᠡᠭᠡᠭᠰᠢᠯᠡᠭᠦᠯᠬᠦ ᠪᠤᠯᠤᠨ᠎ᠠ᠃ ᠴᠠᠭᠠᠨ ᠢᠳᠡᠭᠡᠨ ᠤ᠋ ᠠᠵᠤ ᠠᠬᠤᠢᠯᠠᠯ ᠤ᠋ᠨ 《ᠭᠠᠳᠠᠭᠰᠢ ᠭᠠᠷᠭᠠᠬᠤ》 ᠶ᠋ᠢ ᠠᠬᠢᠭᠤᠯᠤᠨ᠂ ᠵᠡᠭᠦᠨ ᠡᠮᠦᠨᠡᠲᠦ ᠠᠽᠢᠶ᠎ᠠ ᠵᠢᠨ ᠤᠯᠤᠰ ᠤ᠋ᠳ ᠤ᠋ᠨ ᠬᠣᠯᠪᠣᠭ᠎ᠠ ᠵᠢᠴᠢ 《ᠨᠢᠭᠡ ᠪᠦᠰᠡ ᠨᠢᠭᠡ ᠵᠠᠮ》 ᠤ᠋ᠨ ᠤᠯᠤᠰ ᠤ᠋ᠳ ᠤ᠋ᠨ ᠵᠠᠬ᠎ᠠ ᠳᠡᠯᠭᠡᠭᠦᠷ ᠢ᠋ ᠴᠢᠨᠠᠭᠰᠢᠳᠠ ᠥᠷᠭᠡᠳᠬᠡᠵᠤ᠂ ᠥᠪᠥᠷ ᠮᠣᠩᠭᠣᠯ ᠤ᠋ᠨ ᠰᠦ ᠵᠢᠨ ᠦᠢᠯᠡᠰ ᠤ᠋ᠨ ᠨᠥᠯᠥᠭᠡᠯᠡᠬᠦ ᠬᠦᠴᠦᠨ ᠪᠣᠯᠤᠨ ᠥᠷᠢᠰᠦᠯᠳᠦᠬᠦ ᠬᠦᠴᠦᠨ ᠢ᠋ ᠤᠯᠠᠮ ᠴᠢᠨᠠᠭᠰᠢᠳᠠ ᠥᠷᠭᠡᠳᠬᠡᠵᠤ ᠪᠠᠢᠨ᠎ᠠ᠃
(2026 ᠤᠨ ᠤ᠋ 8 ᠰᠠᠷ᠎ᠠ ᠵᠢᠨ 12 ᠤ᠋ᠨ ᠡᠳᠤᠷ ᠤ᠋ᠨ 《ᠠᠵᠤ ᠠᠬᠤᠢ ᠵᠢᠨ ᠡᠳᠤᠷ ᠤ᠋ᠨ ᠰᠤᠨᠢᠨ》 ᠡᠴᠡ ᠰᠢᠯᠵᠢᠬᠦᠯᠦᠨ ᠨᠡᠢᠳᠡᠯᠡᠪᠡ)