ᠵᠠᠩ ᠶᠠᠨ ᠺᠦᠨ ᠶᠠᠷᠢᠶ᠎ᠠ ᠲᠠᠯᠪᠢᠵᠠᠢ
8 ᠰᠠᠷ᠎ᠠ᠎ᠶᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ《ᠮᠠᠯ ᠠᠵᠤ ᠠᠬᠤᠢ ᠲᠠᠷᠢᠶᠠᠯᠠᠩ᠎ᠤᠨ ᠪᠣᠬᠢᠷᠲᠤᠯ ᠦᠭᠡᠢ ᠲᠦᠷᠦᠯ ᠲᠡᠮᠳᠡᠭ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ》ᠠᠷᠠᠳᠴᠢᠯᠠᠯ᠎ᠢᠶᠠᠷ ᠬᠢᠨᠠᠯᠲᠠ ᠲᠠᠯᠪᠢᠬᠤ ᠮᠠᠶᠢᠭ᠋᠎ᠤᠨ ᠵᠥᠪᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠢᠦᠢ ᠷᠧᠨ ᠵᠢᠶᠧ ᠬᠤᠷᠠᠯ ᠢ᠋ ᠡᠷᠭᠢᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠮᠠᠯ ᠠᠵᠤ ᠠᠬᠤᠢ ᠲᠠᠷᠢᠶᠠᠯᠠᠩ ᠤ᠋ᠨ ᠵᠥᠪᠯᠡᠯ᠎ᠦᠨ ᠬᠠᠷᠢᠭᠤᠴᠠᠯᠭᠠᠲᠠᠨ ᠪᠠᠢᠴᠠᠭᠠᠨ ᠰᠤᠳᠤᠯᠤᠯᠲᠠ ᠬᠢᠭᠰᠡᠨ ᠪᠠᠢᠳᠠᠯ᠎ᠤᠨ ᠲᠣᠳᠣᠷᠬᠠᠢᠯᠠᠯᠲᠠ ᠬᠢᠵᠦ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠬᠣᠯᠪᠣᠭᠳᠠᠯ ᠪᠦᠬᠦᠢ ᠲᠢᠩᠬᠢᠮ ᠲᠣᠪᠴᠢᠶ᠎ᠠ᠎ᠶᠢᠨ ᠬᠠᠷᠢᠭᠤᠴᠠᠯᠭᠠᠲᠠᠨ ᠨᠥᠬᠥᠳ᠂ ᠬᠣᠯᠪᠣᠭᠳᠠᠯ ᠪᠦᠬᠦᠢ ᠨᠢᠭᠡᠴᠢ᠂ ᠬᠡᠰᠡᠭ ᠠᠷᠠᠳᠴᠢᠯᠠᠭᠰᠠᠨ ᠨᠠᠮ ᠪᠦᠯᠦᠭ᠂ ᠬᠡᠷᠡᠭᠯᠡᠭᠴᠢᠳ᠎ᠦᠨ ᠲᠥᠯᠥᠭᠡᠯᠡᠭᠴᠢ ᠬᠤᠷᠠᠯ᠎ᠳᠤ ᠣᠷᠣᠯᠴᠠᠨ ᠵᠥᠪᠳᠡᠯᠴᠡᠪᠡ᠃
ᠬᠤᠷᠠᠯ᠎ᠡᠴᠡ᠂ ᠮᠠᠯ ᠠᠵᠤ ᠠᠬᠤᠢ ᠲᠠᠷᠢᠶᠠᠯᠠᠩ᠎ᠤᠨ ᠪᠣᠬᠢᠷᠲᠤᠯ ᠦᠭᠡᠢ ᠲᠥᠷᠥᠯ ᠲᠡᠮᠳᠡᠭ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ ᠳ᠋ᠤ ᠲᠤᠰᠢᠶᠠᠭᠰᠠᠨ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ᠎ᠶᠢ ᠨᠠᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠂ ᠨᠠᠩ ᠥᠨᠳᠥᠷ ᠵᠣᠭᠰᠣᠴᠠ᠎ᠡᠴᠡ ᠲᠥᠷᠥᠯ ᠲᠡᠮᠳᠡᠭ᠎ᠦᠨ ᠪᠦᠲᠦᠭᠡᠨ ᠪᠠᠢᠭᠤᠯᠤᠯᠲᠠ᠎ᠶᠢ ᠬᠢᠨᠠᠨ ᠦᠵᠡᠵᠦ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠪᠣᠬᠢᠷᠲᠤᠯ ᠦᠭᠡᠢ ᠲᠥᠷᠥᠯ ᠲᠡᠮᠳᠡᠭ᠎ᠦᠨ ᠦᠨ᠎ᠡ ᠥᠷᠲᠡᠭ᠎ᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠨᠡᠩ ᠰᠠᠢᠳᠤᠷ ᠭᠦᠢᠴᠡᠳᠬᠡᠬᠦ᠎ᠪᠡᠷ ᠲᠥᠷᠥᠯ ᠲᠡᠮᠳᠡᠭ᠎ᠦᠨ ᠬᠥᠭᠵᠢᠯᠲᠡ᠎ᠳᠦ ᠬᠦᠴᠦᠨ ᠨᠡᠮᠡᠷᠢᠯᠡᠵᠦ᠂ ᠬᠦᠴᠢᠷ ᠠᠰᠠᠭᠤᠳᠠᠯ ᠪᠤᠭᠤᠮᠢ ᠪᠤᠯᠵᠤ ᠪᠠᠢᠭ᠎ᠠ ᠠᠰᠠᠭᠤᠳᠠᠯ᠎ᠢ ᠰᠢᠢᠳᠪᠦᠷᠢᠯᠡᠬᠦ ᠲᠠᠯ᠎ᠠ᠎ᠪᠠᠷ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ ᠲᠠᠯ᠎ᠠ᠎ᠪᠠᠷ ᠬᠤᠪᠢ ᠨᠡᠮᠡᠷᠢ ᠦᠵᠡᠭᠦᠯᠵᠦ᠂ ᠦᠷ᠎ᠡ ᠪᠦᠲᠦᠭᠡᠯ᠎ᠢ ᠤᠨᠳᠤᠤᠰᠢᠭᠤᠯᠬᠤ᠎ᠶᠢ ᠠᠬᠢᠭᠤᠯᠬᠤ ᠲᠠᠯ᠎ᠠ᠎ᠪᠠᠷ ᠬᠦᠴᠦ ᠣᠷᠣᠭᠤᠯᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠳᠤ ᠤᠯᠤᠰ ᠲᠥᠷᠥ᠎ᠶᠢᠨ ᠵᠥᠪᠯᠡᠯᠭᠡᠨ᠎ᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠳᠤᠷᠠᠳᠪᠠ᠃