ᠭᠠᠳᠠᠭᠠᠳᠤ᠎ᠶᠢᠨ ᠠᠷᠠᠯᠵᠢᠶᠡᠴᠢᠳ ᠦᠪᠤᠷ ᠮᠤᠨᠭᠭᠤᠯ ᠳ᠋ᠤ᠌ 31.58 ᠳ᠋ᠦᠩᠰᠢᠭᠤᠷ ᠲᠥᠭᠥᠷᠢᠭ ᠤ᠋ᠨ ᠪᠡᠯᠡ ᠤᠷᠤᠭᠤᠯᠪᠡ
2026-08-14 10:41:25
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠯᠤᠰ ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠤᠪᠴᠢᠶ᠎ᠡ᠎ᠶᠢᠨ ᠥᠪᠥᠷ ᠮᠣᠩᠭᠣᠯ ᠎ᠤᠨ ᠬᠤᠪᠢᠶᠠᠷᠢ ᠲᠤᠪᠴᠢᠶ᠎ᠡ᠎ᠡᠴᠡ ᠤᠢᠯᠠᠭᠠᠭᠰᠠᠨ ᠢ᠋ᠢᠡᠷ᠂ 2025 ᠣᠨ᠎ᠤ 9 ᠰᠠᠷ᠎ᠠ᠎ᠳᠤ ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠤᠪᠴᠢᠶ᠎ᠡ᠎ᠶᠢᠨ 《 ᠬᠢᠯᠢ ᠠᠯᠤᠰᠯᠠᠨ ᠪᠠᠯᠠ ᠤᠷᠤᠭᠤᠯᠵᠤ ᠪᠡᠯᠡ ᠬᠤᠷᠠᠮᠳᠤᠭᠤᠯᠬᠤ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠬᠣᠯᠪᠣᠭᠳᠠᠯ ᠪᠦᠬᠦᠢ ᠶᠠᠪᠤᠳᠠᠯ᠎ᠤᠨ ᠲᠤᠬᠠᠢ ᠮᠡᠳᠡᠭᠳᠡᠯ 》 ᠢ᠋ ᠨᠠᠶ᠋ᠢᠳᠠᠪᠤᠷᠢᠵᠢᠭᠤᠯᠵᠤ ᠬᠡᠷᠡᠭᠵᠢᠭᠦᠯᠦᠭᠰᠡᠨ᠎ᠡᠴᠡ ᠨᠠᠭᠠᠰᠢ  ᠥᠪᠥᠷ ᠮᠣᠩᠭᠣᠯ᠎ᠭᠠᠳᠠᠭᠠᠳᠤ᠎ᠶᠢᠨ ᠠᠷᠠᠯᠵᠢᠶᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠢᠯᠢ᠎ᠶᠢᠨ ᠳᠣᠲᠣᠷ᠎ᠠ ᠲᠠᠬᠢᠨ ᠪᠡᠯᠡ ᠣᠷᠣᠭᠤᠯᠵᠤ ᠳᠠᠩᠰᠠᠯᠠᠭᠤᠯᠬᠤ᠎ᠠᠴᠠ ᠬᠡᠯᠲᠦᠷᠢᠭᠦᠯᠬᠦ᠌ ᠲᠦᠷᠦ᠎ᠶᠢᠨ ᠪᠤᠳᠤᠯᠭ᠎ᠠ᠎ᠶᠢᠨ ᠠᠰᠢᠭ ᠢ᠋ ᠦᠷᠬᠦᠯᠵᠢᠯᠡᠨ ᠢᠯᠡᠷᠡᠬᠦᠯᠪᠡ᠃ ᠡᠨᠡ ᠵᠢᠯ ᠤ᠋ᠨ 7 ᠰᠠᠷ᠎ᠠ᠎ᠪᠤᠯᠳᠠᠯ᠎ᠡ ᠪᠥᠬᠥ᠌ ᠣᠷᠣᠨ ᠎ᠤ ᠭᠠᠳᠠᠭᠠᠳᠤ᠎ᠶᠢᠨ ᠠᠷᠠᠯᠵᠢᠶᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠬᠢᠯᠢ ᠢ᠋ᠢᠨ ᠳᠣᠲᠣᠷ᠎ᠠ ᠳᠠᠬᠢᠨ ᠪᠠᠯᠠ ᠣᠷᠣᠭᠤᠯᠤᠭᠰᠠᠨ ᠪᠠᠯᠠ ᠮᠥᠩᠭᠥ᠌ 31.58 ᠳ᠋ᠦᠩᠰᠢᠭᠤᠷ ᠲᠥᠭᠥᠷᠢᠭ ᠲᠦ᠍ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠎ᠤ᠎ᠬᠢ᠎ᠡᠴᠡ 202.7 ᠳᠠᠬᠢᠨ ᠨᠡᠮᠡᠭᠳᠡᠵᠦ᠍᠂ ᠶᠡᠷᠦᠩᠬᠡᠶ ᠬᠡᠮᠵᠢᠶ᠎ᠡ᠎ᠨᠢ ᠥᠩᠭᠡᠷᠡᠭᠰᠡᠨ 10 ᠵᠢᠯ᠎ᠦᠨ ᠪᠥᠬᠥ᠌ ᠣᠷᠣᠨ᠎ᠤ ᠠᠳᠠᠯᠢ ᠲᠥᠷᠥᠯ᠎ᠦᠨ ᠲᠤᠬᠠᠶ᠋ᠢᠯᠠᠭᠰᠠᠨ ᠠᠵᠢᠯ᠎ᠤᠨ ᠪᠠᠯᠠ ᠮᠥᠩᠭᠥ᠎ᠶᠢᠨ ᠣᠷᠣᠭᠤᠯᠤᠯᠲᠠ᠎ᠶᠢᠨ ᠶᠡᠷᠦᠩᠬᠡᠶ ᠨᠡᠶ᠋ᠢᠯᠡᠪᠦᠷᠢ᠎ᠡᠴᠡ ᠳᠠᠪᠠᠵᠠᠶ᠃

ᠬᠢᠯᠢ ᠠᠯᠤᠰᠯᠠᠨ ᠪᠠᠯᠠ ᠤᠷᠤᠭᠤᠯᠵᠤ ᠪᠠᠯᠠ ᠬᠤᠷᠠᠮᠳᠤᠭᠤᠯᠬᠤ᠎ᠶᠢ ᠲᠦᠬᠦᠮ ᠲᠦᠳᠡ ᠪᠤᠯᠭᠠᠬᠤ ᠲᠥᠷᠥ᠎ᠶᠢᠨ ᠪᠣᠳᠣᠯᠭ᠎ᠠ ᠨᠢ ᠬᠦᠢᠴᠡᠳᠬᠡᠬᠦ ᠲᠠᠷᠠᠭᠠᠯᠠᠯ ᠢ᠋ ᠳᠥᠭᠥᠮᠴᠢᠯᠡᠨ᠂ ᠬᠦᠢᠴᠡᠳᠬᠡᠬᠦ ᠴᠠᠭ᠎ᠢ ᠪᠣᠭᠣᠨᠢᠰᠬᠠᠵᠤ᠂ ᠬᠢᠯᠢ᠎ᠶᠢᠨ ᠲᠤᠳᠤᠷ᠎ᠡ ᠳᠠᠬᠢᠨ ᠪᠠᠯᠠ ᠣᠷᠣᠭᠤᠯᠬᠤ ᠪᠠᠯᠠ ᠮᠥᠩᠭᠥ᠎ᠶᠢ ᠰᠢᠭᠤᠳ ᠬᠠᠮᠢᠶ᠎ᠠ ᠪᠥᠬᠥᠶ ᠲᠠᠩᠰᠠᠨ᠎ᠳᠦ ᠣᠷᠣᠭᠤᠯᠤᠨ᠂ ᠪᠠᠯᠠ ᠮᠥᠩᠭᠥ ᠎ᠶᠢ ᠬᠤᠪᠢᠶᠠᠷᠢᠯᠠᠨ ᠰᠢᠯᠵᠢᠭᠦᠯᠬᠦ᠌ ᠦᠷ᠎ᠡ ᠪᠦᠲᠦᠮᠵᠢ ᠎ᠶᠢ ᠢᠯᠡᠳᠲᠡ ᠳᠡᠭᠡᠭᠰᠢᠯᠡᠭᠦᠯᠵᠦ᠍᠂ ᠭᠠᠳᠠᠭᠠᠳᠤ᠎ᠶᠢᠨ ᠠᠷᠠᠯᠵᠢᠶᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠮᠠᠨ᠎ᠤ ᠣᠷᠣᠨ᠎ᠳᠤ ᠳᠠᠬᠢᠨ ᠪᠠᠯᠠ ᠣᠷᠣᠭᠤᠯᠬᠤ᠎ᠳᠤ ᠲᠥᠬᠥᠮ ᠦᠵᠡᠭᠦᠯᠬᠦ᠌ ᠬᠡᠮᠵᠢᠶ᠎ᠡ᠎ᠶᠢ ᠨᠡᠮᠡᠭᠳᠡᠭᠦᠯᠪᠡ᠃

ᠪᠠᠯᠠ ᠣᠷᠣᠭᠤᠯᠤᠯᠲᠠ᠎ᠶᠢᠨ ᠬᠠᠨᠳᠤᠰᠢ᠎ᠠᠴᠠ ᠦᠵᠡᠪᠡᠯ ᠳᠠᠬᠢᠨ ᠪᠠᠯᠠ ᠤᠷᠤᠭᠤᠯᠬᠤ ᠪᠠᠯᠠ ᠮᠥᠩᠭᠥ᠎ᠶᠢᠨ ᠬᠦᠢᠯᠬᠡᠬᠡ ᠨᠢ ᠮᠠᠨ᠎ᠤ ᠣᠷᠣᠨ᠎ᠤ ᠠᠵᠤ ᠤᠢᠯᠡᠰ᠎ᠦᠨ ᠬᠥᠭᠵᠢᠯᠲᠡ᠎ᠶᠢᠨ ᠴᠢᠭᠯᠡᠯ᠎ᠲᠡᠶ ᠳᠡᠭᠡᠳᠦ ᠬᠡᠮᠵᠢᠶ᠎ᠡ᠎ᠪᠡᠷ ᠨᠡᠶ᠋ᠢᠴᠡᠵᠦ᠍᠂ ᠪᠣᠬᠢᠷᠲᠤᠯ ᠥᠬᠡᠶ ᠡᠨᠧᠷᠭᠢ᠂ ᠥᠩᠭᠡᠲᠦ᠍ ᠲᠡᠮᠦᠷᠯᠢᠭ᠎ᠢ ᠨᠠᠷᠢᠯᠢᠭ ᠪᠣᠯᠪᠠᠰᠤᠷᠠᠭᠤᠯᠬᠤ᠂ ᠲᠡᠷᠢᠭᠦᠨ ᠎ᠦ ᠤᠢᠯᠡᠳᠬᠡᠯ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠪᠡ᠃ ᠲᠦᠩᠯᠢᠶᠣᠤ᠎ᠶᠢᠨ ᠨᠢᠭᠡᠨ ᠰᠢᠨ᠎ᠡ ᠮᠠᠲ᠋ᠧᠷᠢᠶᠠᠯ᠎ᠤᠨ ᠠᠵᠤ ᠠᠬᠤᠶ᠋ᠢᠯᠠᠯ ᠳᠠᠬᠢᠨ ᠪᠠᠯᠠ ᠣᠷᠣᠭᠤᠯᠵᠤ ᠲᠠᠨᠭᠰᠠᠯᠠᠬᠤ ᠡᠴᠡ ᠭᠡᠯᠳᠦᠷᠢᠭᠦᠯᠬᠦ᠌ ᠠᠷᠭ᠎ᠠ ᠵᠠᠮ᠎ᠢᠶᠠᠷ ᠳᠠᠮᠵᠢᠭᠤᠯᠤᠨ᠂ ᠬᠥᠩᠭᠡᠨᠴᠠᠭᠠᠨ᠎ᠤ ᠬᠢᠮᠢ᠎ᠶᠢᠨ ᠠᠵᠤ ᠤᠢᠯᠡᠳᠪᠤᠷᠢ ᠢ᠋ᠢᠨ ᠨᠠᠷᠢᠯᠢᠭ ᠡᠳ᠋ᠰᠢᠭᠦᠯᠬᠦ᠌ ᠵᠢᠴᠢ ᠢᠵᠢ ᠪᠥᠷᠢᠳᠦᠭᠦᠯᠬᠦ᠌ ᠰᠢᠨ᠎ᠡ ᠡᠨᠧᠷᠭᠢ᠎ᠶᠢᠨ ᠲᠥᠷᠥᠯ ᠵᠦᠢᠯ᠎ᠳᠦ 21.38 ᠳ᠋ᠦᠩᠰᠢᠭᠤᠷ ᠲᠥᠭᠥᠷᠢᠭ᠎ᠦᠨ ᠪᠠᠯᠠ ᠮᠥᠩᠭᠥ᠌ ᠣᠷᠣᠭᠤᠯᠵᠤ᠂ ᠠᠵᠤ ᠠᠬᠤᠶ᠋ᠢᠯᠠᠯ ᠎ᠤᠨ ᠤᠢᠯᠡᠳᠪᠤᠷᠢᠯᠡᠯ ᠤ᠋ᠨ ᠴᠢᠳᠠᠪᠤᠷᠢ᠎ᠶᠢ ᠲᠠᠰ ᠳᠡᠪᠰᠢᠭᠦᠯᠬᠦ᠌ ᠪᠠ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ᠎ᠶᠢ ᠪᠦᠲᠦᠮᠵᠢᠲᠡᠶ ᠠᠬᠢᠭᠤᠯᠪᠠ᠃ ᠤᠷᠳᠤᠰ᠎ᠤᠨ ᠨᠢᠭᠡᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠶ᠋ᠢᠯᠠᠯ ᠠᠴᠢᠶᠠᠨ᠎ᠤ ᠮᠠᠰᠢᠨ ᠲᠡᠷᠭᠡ᠎ᠶᠢ ᠠᠦ᠋ᠲ᠋ᠣᠴᠢᠯᠠᠬᠤ ᠠᠵᠢᠯ ᠳ᠋ᠤ᠌ 2.02 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ᠌ ᠣᠷᠣᠭᠤᠯᠵᠤ᠂ ᠮᠡᠷᠭᠡᠵᠢᠯ᠎ᠦᠨ ᠰᠤᠳᠤᠯᠭᠠᠨ ᠪᠠ ᠠᠵᠤ ᠦᠢᠯᠡᠰᠵᠢᠯᠲᠡ᠎ᠶᠢ ᠨᠠᠶ᠋ᠢᠳᠠᠪᠤᠷᠢᠵᠢᠭᠤᠯᠬᠤ᠎ᠳᠤ ᠪᠠᠲᠤᠯᠠᠭ᠎ᠠ ᠬᠠᠩᠭᠠᠪᠠ᠃ 《 ᠬᠢᠯᠢ᠎ᠶᠢᠨ ᠲᠤᠳᠤᠷ᠎ᠡ ᠳᠠᠬᠢᠨ ᠪᠠᠯᠠ ᠣᠷᠣᠭᠤᠯᠬᠤ ᠲᠤᠬᠠᠶ᠋ᠢᠯᠠᠭᠰᠠᠨ ᠠᠵᠢᠯ᠎ᠤᠨ ᠨᠡᠮᠡᠭᠳᠡᠯ᠎ᠨᠢ ᠭᠠᠳᠠᠭᠠᠳᠤ᠎ᠶᠢᠨ ᠠᠷᠠᠯᠵᠢᠶᠠᠴᠢᠨ᠎ᠤ ᠪᠠᠯᠠ ᠤᠷᠤᠭᠤᠯᠤᠭᠰᠠᠨ ᠠᠵᠤ ᠠᠬᠤᠶ᠋ᠢᠯᠠᠯ᠎ᠤᠨ ᠬᠠᠳᠠᠭᠠᠯᠠᠮᠵᠢ ᠢ᠋ᠢᠨ ᠮᠥᠩᠭᠥ᠌ ᠢ᠋ᠢ ᠠᠮᠢᠳᠤᠯᠢᠭ ᠠᠰᠢᠭᠯᠠᠬᠤ  ᠪᠡᠷ ᠪᠠᠷᠠᠬᠤ ᠥᠬᠡᠶ᠂ ᠭᠠᠳᠠᠭᠠᠳᠤ ᠪᠠᠯᠠ᠎ᠶᠢᠨ ᠪᠠᠯᠠ ᠮᠥᠩᠭᠥ᠎ᠪᠡᠷ ᠮᠠᠨ᠎ᠤ ᠣᠷᠣᠨ᠎ᠤ ᠠᠵᠤ ᠤᠢᠯᠡᠰ ᠎ᠦᠨ ᠬᠡᠯᠬᠢᠶ᠎ᠡ᠎ᠶᠢᠨ ᠡᠬᠢᠨ ᠤ᠋ ᠤᠢᠯᠡᠳᠬᠦᠨ ᠪᠠ ᠡᠴᠤᠰ ᠤ᠋ᠨ ᠤᠢᠯᠡᠳᠬᠦᠨ ᠤ᠋ ᠡᠷᠬᠢᠯᠳᠡ ᠢ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠯᠬᠢᠶ᠎ᠡ᠎ᠶᠢ ᠤᠷᠲᠤᠳᠬᠠᠨ ᠬᠡᠯᠬᠢᠶ᠎ᠡ ᠵᠢ  ᠨᠥᠬᠥᠪᠥᠷᠢᠯᠡᠵᠦ᠍ ᠬᠡᠯᠬᠢᠶ᠎ᠡ᠎ᠶᠢ ᠴᠢᠩᠭᠠᠷᠠᠭᠤᠯᠵᠤ᠂ ᠨᠡᠭᠦᠷᠡᠰᠦᠲᠦ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠤᠢᠯᠡᠰ ᠎ᠦᠨ ᠪᠦᠯᠦᠭᠵᠢᠯ᠎ᠢ ᠪᠤᠢᠵᠢᠭᠤᠯᠬᠤ ᠳ᠋ᠤ᠌ ᠭᠠᠳᠠᠭᠠᠳᠤ ᠪᠠᠯᠠ᠎ᠶᠢᠨ ᠬᠦᠳᠡᠯᠬᠡᠬᠦ ᠬᠦᠴᠦᠨ ᠨᠡᠮᠡᠷᠢᠯᠡᠵᠤ᠂ ᠪᠥᠬᠥ᠌ ᠣᠷᠣᠨ᠎ᠤ ᠣᠷᠣᠨ ᠪᠦᠰᠡ᠎ᠶᠢᠨ ᠣᠨᠴᠠᠯᠢᠭ᠎ᠲᠠᠶ ᠣᠳᠣᠬᠢᠴᠢᠯᠠᠭᠰᠠᠨ ᠠᠵᠤ ᠤᠢᠯᠡᠰ᠎ᠦᠨ ᠰᠢᠰᠲ᠋ᠧᠮ᠎ᠢ᠋ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ 》 ᠬᠡᠵᠤ ᠤᠯᠤᠰ ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠤᠪᠴᠢᠶ᠎ᠡ᠎ᠶᠢᠨ ᠥᠪᠥᠷ ᠮᠣᠩᠭᠣᠯ ᠎ᠤᠨ ᠬᠤᠪᠢᠶᠠᠷᠢ ᠲᠤᠪᠴᠢᠶ᠎ᠡ ᠢ᠋ᠢᠨ ᠬᠤᠯᠪᠤᠭᠳᠡᠯ ᠪᠦᠬᠦᠢ ᠬᠠᠷᠢᠭᠤᠴᠠᠯᠭᠠᠳᠡᠨ ᠡᠴᠡ ᠲᠠᠨᠢᠯᠴᠠᠭᠤᠯᠤᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号