ᠬᠥᠬᠡᠡᠡᠣᠲᠠ 2026 ᠣᠨ ᠤ᠋ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠲᠣᠭᠲᠠᠭᠠᠯ ᠡᠴᠡ ᠵᠥᠷᠢᠴᠡᠨ ᠪᠡᠯᠴᠢᠭᠡᠷᠯᠡᠬᠦᠯᠦᠭᠰᠡᠨ ᠨᠣᠷᠮ᠎ᠠ ᠶ᠋ᠢ 1.31% ᠪᠣᠯᠭᠠᠨ ᠳᠤᠷᠤᠭᠰᠢᠯᠠᠭᠤᠯᠪᠠ
2026-08-14 11:09:12
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠦᠨ ᠠᠯᠪᠠᠨ ᠭᠡᠷ 《2026 ᠣᠨ ᠤ᠋ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠲᠣᠭᠣᠷᠢᠨ ᠪᠠᠢᠴᠠᠭᠠᠭᠰᠠᠨ ᠪᠠᠢᠳᠠᠯ ᠤ᠋ᠨ ᠲᠤᠬᠠᠢ ᠰᠠᠨᠠᠭᠤᠯᠭ᠎ᠠ ᠵᠢᠨ ᠵᠠᠬᠢᠳᠠᠯ》 ᠢ᠋ ᠳᠠᠷᠤᠮᠠᠯᠯᠠᠨ ᠲᠠᠷᠬᠠᠭᠠᠵᠤ᠂ ᠪᠥᠬᠥ ᠣᠷᠣᠨ ᠤ᠋ ᠬᠠᠪᠤᠷ ᠤ᠋ᠨ ᠤᠯᠠᠷᠢᠯ ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠡᠬᠢ᠎ᠬᠠᠮᠢᠶᠠᠷᠤᠨ ᠡᠵᠡᠮᠳᠡᠭᠰᠡᠨ ᠦᠷ᠎ᠡ ᠪᠦᠲᠦᠮᠵᠢ ᠶ᠋ᠢ ᠵᠠᠷᠯᠠᠨ ᠮᠡᠳᠡᠭᠳᠡᠪᠡ᠃ ᠲᠣᠭ᠎ᠠ ᠪᠠᠷᠢᠮᠲᠠ ᠳ᠋ᠤ ᠢᠯᠡᠷᠡᠭᠦᠯᠦᠭᠰᠡᠨ ᠵᠢᠡᠷ᠂ ᠬᠥᠬᠡᠡᠡᠣᠲᠠ ᠵᠢᠨ ᠬᠠᠪᠤᠷ ᠤ᠋ᠨ ᠤᠯᠠᠷᠢᠯ ᠤ᠋ᠨ ᠪᠡᠯᠴᠢᠭᠡᠷ ᠢ᠋ ᠠᠮᠠᠷᠠᠭᠤᠯᠬᠤ ᠵᠠᠰᠠᠯᠲᠠ ᠵᠢᠨ ᠦᠷ᠎ᠡ ᠪᠦᠲᠦᠮᠵᠢ ᠦᠷᠭᠦᠯᠵᠢᠯᠡᠨ ᠪᠡᠬᠢᠵᠢᠵᠦ᠂ ᠲᠣᠭᠲᠠᠭᠠᠯ ᠡᠴᠡ ᠵᠥᠷᠢᠴᠡᠨ ᠪᠡᠯᠴᠢᠭᠡᠷᠯᠡᠬᠦᠯᠬᠦ ᠨᠣᠷᠮ᠎ᠠ ᠶᠡᠬᠡ ᠪᠡᠷ ᠪᠠᠭᠤᠷᠠᠵᠤ᠂ ᠨᠤᠲᠤᠭ ᠪᠡᠯᠴᠢᠭᠡᠷ ᠎ᠦᠨ ᠠᠮᠢ ᠠᠬᠤᠢ ᠵᠢᠨ ᠬᠠᠮᠠᠭᠠᠯᠠᠯᠲᠠ ᠵᠢᠨ ᠬᠠᠮᠢᠶᠠᠷᠤᠨ ᠡᠵᠡᠮᠳᠡᠬᠦ ᠬᠢᠷᠢ ᠲᠦᠪᠰᠢᠨ ᠪᠥᠬᠥ ᠣᠷᠣᠨ  ᠤ᠋ ᠡᠮᠦᠨ᠎ᠡ ᠡᠩᠨᠡᠭᠡᠨ᠎ᠳᠦ ᠯᠠᠪᠳᠠᠭᠤᠨ ᠪᠠᠲᠤᠲᠠᠢ ᠪᠠᠢᠷᠢᠯᠠᠪᠠ᠃

ᠡᠨᠡ ᠵᠢᠯ᠎ᠦᠨ ᠬᠠᠪᠤᠷ ᠤ᠋ᠨ ᠤᠯᠠᠷᠢᠯ  ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠬᠥᠬᠡᠡᠡᠣᠲᠠ ᠵᠢᠨ ᠲᠣᠭᠲᠠᠭᠠᠯ ᠡᠴᠡ ᠵᠥᠷᠢᠴᠡᠨ ᠪᠡᠯᠴᠢᠭᠡᠷᠯᠡᠬᠦᠯᠦᠭᠰᠡᠨ ᠨᠣᠷᠮ᠎ᠠ 1.31% ᠪᠠᠢᠵᠤ᠂ 2025 ᠣᠨ᠂ 2024 ᠣᠨ ᠤ᠋ ᠠᠳᠠᠯᠢ ᠬᠤᠭᠤᠴᠠᠭᠠᠨ ᠤ᠋ ᠬᠢ᠎ᠡᠴᠡ ᠲᠣᠰ ᠲᠣᠰ ᠵᠠᠭᠤᠨ ᠤ᠋ ᠬᠠᠷᠢᠴᠠᠯ ᠵᠢᠡᠷ 2.92᠂ 3.86 ᠬᠤᠪᠢ ᠪᠠᠭᠤᠷᠠᠵᠤ᠂ ᠬᠠᠮᠢᠶᠠᠷᠤᠨ ᠡᠵᠡᠮᠳᠡᠭᠰᠡᠨ ᠦᠷ᠎ᠡ ᠪᠦᠲᠦᠮᠵᠢ ᠬᠣᠶᠠᠷ ᠵᠢᠯ ᠳᠠᠷᠠᠭᠠᠯᠠᠨ ᠶᠡᠬᠡ ᠪᠡᠷ ᠳᠡᠭᠡᠭᠰᠢᠯᠡᠪᠡ᠃ ᠡᠭᠦᠨ᠎ᠦ ᠬᠠᠮᠲᠤ ᠪᠥᠬᠥ ᠣᠷᠣᠨ ᠤ᠋ ᠳᠤᠮᠳᠠᠴᠢ ᠬᠢᠷᠢ ᠬᠡᠮᠵᠢᠶ᠎ᠡ (ᠪᠥᠬᠥ ᠣᠷᠣᠨ 3.28%) ᠡᠴᠡ ᠵᠠᠭᠤᠨ ᠤ᠋ ᠬᠠᠷᠢᠴᠠᠯ ᠵᠢᠡᠷ 1.97 ᠬᠤᠪᠢ ᠳᠣᠣᠷ᠎ᠠ ᠪᠣᠯᠪᠠ᠃

ᠣᠢᠷ᠎ᠠ ᠵᠢᠨ ᠵᠢᠯ᠎ᠡᠴᠡ ᠬᠥᠬᠡᠡᠡᠣᠲᠠ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ ᠶ᠋ᠢ ᠲᠣᠭᠣᠷᠢᠨ ᠪᠠᠢᠴᠠᠭᠠᠵᠤ ᠱᠠᠯᠠᠪᠳᠠᠭᠤᠯᠤᠨ ᠵᠢᠯᠤᠭᠣᠳᠬᠤ ᠠᠵᠢᠯ᠎ᠢ ᠪᠠᠢᠩᠭᠤ ᠥᠷᠨᠢᠭᠦᠯᠵᠦ᠂ ᠳᠦᠷᠢᠮ᠎ᠡᠴᠡ ᠵᠥᠷᠢᠴᠡᠨ ᠪᠡᠯᠴᠢᠭᠡᠷᠯᠡᠭᠦᠯᠬᠦ ᠠᠵᠢᠯᠯᠠᠭ᠎ᠠ ᠶ᠋ᠢ ᠴᠢᠩᠭ᠎ᠠ ᠴᠡᠭᠴᠡᠯᠡᠨ ᠵᠠᠰᠠᠵᠤ᠂ ᠨᠤᠲᠤᠭ ᠪᠡᠯᠴᠢᠭᠡᠷ ᠎ᠦᠨ ᠠᠮᠢ ᠠᠬᠤᠢ ᠵᠢᠨ ᠬᠠᠮᠠᠭᠠᠯᠠᠯᠲᠠ ᠵᠢᠨ ᠲᠣᠣᠷ᠎ᠢ ᠨᠢᠭ᠍ᠲᠠ ᠰᠦᠯᠵᠢᠪᠡ᠃ ᠰᠢᠨᠵᠢᠯᠡᠬᠦ ᠤᠬᠠᠭᠠᠨᠴᠢ ᠪᠡᠷ ᠨᠠᠷᠢᠯᠢᠭ᠋ ᠣᠨᠣᠴᠠᠲᠠᠢ ᠪᠡᠷ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠪᠡᠯᠴᠢᠭᠡᠷ ᠢ᠋ ᠠᠮᠠᠷᠠᠭᠤᠯᠬᠤ  ᠶ᠋ᠢ ᠬᠠᠮᠢᠶᠠᠷᠤᠨ ᠡᠵᠡᠮᠳᠡᠵᠦ᠂ ᠪᠦᠬᠦ ᠬᠤᠳᠠ ᠵᠢᠨ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠭᠦᠢᠴᠡᠳ ᠰᠡᠷᠭᠦᠭᠡᠨ᠂ ᠨᠤᠲᠤᠭ ᠪᠡᠯᠴᠢᠭᠡᠷ ᠎ᠦᠨ ᠠᠮᠢ ᠠᠬᠤᠢ ᠵᠢᠨ ᠳᠠᠭᠠᠭᠠᠴᠠ ᠶ᠋ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠠᠮᠢ ᠠᠬᠤᠢ ᠶ᠋ᠢ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶ᠋ᠢ ᠦᠷᠭᠦᠯᠵᠢᠯᠡᠨ ᠪᠡᠬᠢᠵᠢᠬᠦᠯᠦᠨ᠂ ᠣᠷᠣᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ᠎ᠦ ᠬᠠᠯᠬᠠᠪᠴᠢ ᠶ᠋ᠢ ᠪᠠᠲᠤ ᠴᠣᠭᠴᠠᠯᠠᠵᠤ᠂ ᠤᠢ ᠰᠢᠭᠤᠢ ᠪᠠ ᠨᠤᠲᠤᠭ ᠪᠡᠯᠴᠢᠭᠡᠷ᠎ᠦᠨ ᠠᠮᠢ ᠠᠬᠤᠢ ᠵᠢᠨ ᠴᠢᠨᠠᠷ ᠰᠠᠢᠲᠠᠢ᠂ ᠦᠷᠭᠦᠯᠵᠢᠯᠡᠬᠦ ᠬᠥᠭᠵᠢᠯᠲᠡ ᠶ᠋ᠢ ᠠᠬᠢᠭᠤᠯᠬᠤ ᠳ᠋ᠤ ᠪᠠᠲᠤ ᠪᠡᠬᠢ ᠰᠠᠭᠤᠷᠢ ᠶ᠋ᠢ ᠲᠠᠯᠪᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号