8 ᠰᠠᠷ᠎ᠠ ᠶ᠋ᠢᠨ 13᠎ᠤ᠋ ᠡᠳᠦᠷ᠂ 《ᠦᠪᠦᠷ ᠮᠤᠩᠭᠤᠯ᠎ᠢ ᠤᠩᠰᠢᠨ ᠤᠢᠯᠠᠭᠠᠬᠤᠢ·ᠨᠤᠮ ᠪᠢᠴᠢᠭ ᠢ᠋ᠢᠡᠷ ᠰᠡᠳᠬᠢᠯ ᠢ᠋ᠢᠡᠨ ᠨᠢᠭᠡᠳᠬᠡᠨᠡᠮ》2026 ᠤᠮᠠᠷᠠᠲᠤ ᠬᠢᠯᠢ ᠶ᠋ᠢᠨ ᠨᠣᠮ᠎ᠤᠨ ᠦᠵᠡᠰᠭᠦᠯᠡᠩ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠦᠪᠡᠳᠡᠭᠰᠢ ᠶᠡᠬᠡᠪᠡᠷ ᠡᠬᠢᠯᠡᠪᠡ᠃ ᠪᠥᠬᠥ ᠤᠯᠤᠰ᠎ᠤᠨ ᠬᠡᠪᠯᠡᠯ᠎ᠦᠨ ᠠᠵᠢᠯ ᠲᠥᠷᠥᠯ᠎ᠦᠨ ᠤᠳᠤᠷᠢᠳᠤᠯᠭ᠎ᠠ᠂ ᠤᠯᠤᠰ᠎ᠤᠨ ᠳᠣᠲᠣᠭᠠᠳᠤ᠎ᠶᠢᠨ ᠨᠠᠷᠠᠲᠤ ᠵᠣᠬᠢᠶᠠᠯᠴᠢ ᠡᠷᠳᠡᠮᠲᠡᠨ᠂ ᠰᠤᠷᠭᠠᠨ ᠬᠥᠮᠦᠵᠢᠯ᠎ᠦᠨ ᠲᠤᠰᠬᠠᠢ ᠮᠡᠷᠭᠡᠵᠢᠯᠲᠡᠨ᠂ ᠦᠨᠳᠦᠰᠦᠨ ᠱᠠᠲᠤᠨ᠎ᠤ ᠨᠤᠮ ᠤᠩᠰᠢᠯᠭ᠎ᠠ ᠵᠢᠨ ᠳᠡᠯᠭᠡᠷᠡᠭᠦᠯᠦᠭᠴᠢ᠂ ᠵᠠᠯᠠᠭᠤᠴᠤᠳ ᠪᠠᠭᠠᠴᠤᠳ᠎ᠤᠨ ᠲᠥᠯᠥᠭᠡᠯᠡᠭᠴᠢ᠂ ᠥᠷᠭᠡᠨ ᠣᠯᠠᠨ ᠬᠣᠲᠠ᠎ᠶᠢᠨ ᠠᠷᠠᠳ ᠤᠩᠰᠢᠭ᠍ᠴᠢᠳ ᠨᠢᠭᠡ ᠲᠠᠩᠬᠢᠮ᠎ᠳᠤ ᠴᠤᠭᠯᠠᠷᠠᠵᠤ᠂ ᠡᠨᠡ ᠬᠦ᠌ ᠰᠣᠶᠣᠯ᠎ᠤᠨ ᠦᠪᠡᠳᠡᠭᠰᠢ ᠠᠵᠢᠯᠯᠠᠭ᠎ᠠ ᠵᠢ ᠬᠠᠮᠲᠤ᠎ᠪᠠᠷ ᠭᠡᠷᠡᠴᠢᠯᠡᠪᠡ᠃
ᠡᠬᠢᠯᠡᠯᠲᠡ᠎ᠶᠢᠨ ᠶᠣᠰᠣᠯᠠᠯ ᠨᠢ ᠵᠠᠯᠠᠭᠤᠴᠤᠳ ᠪᠠᠭᠠᠴᠤᠳ᠎ᠤᠨ ᠤᠷᠠᠨ ᠤᠩᠰᠢᠯᠭ᠎ᠠ ᠢ᠋ᠢᠨ ᠭᠣᠢᠳᠠ ᠰᠠᠢᠬᠠᠨ ᠲᠣᠭᠯᠠᠯᠲᠠ᠎ᠶᠢᠨ ᠳᠤᠮᠳᠠ ᠬᠥᠰᠢᠭᠡ᠎ᠪᠡᠨ ᠰᠡᠬᠦᠪᠡ᠃ ᠶᠤᠰᠤᠯᠠᠯ ᠲᠡᠭᠡᠷ᠎ᠡ ᠳᠤᠮᠳᠠᠳᠤ ᠤᠯᠤᠰ᠎ᠤᠨ ᠬᠡᠦᠬᠡᠳ᠎ᠦᠨ ᠤᠩᠰᠢᠯᠭ᠎ᠠ᠎ᠶᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠢᠨᠵᠧᠨᠧᠷᠢᠩ᠎ᠦᠨ 8 — 12 ᠨᠠᠰᠤᠨ᠎ᠤ ᠬᠡᠦᠬᠡᠳ᠎ᠦᠨ ᠳᠡᠰ ᠬᠤᠪᠢᠶᠠᠨ ᠤᠩᠰᠢᠬᠤ ᠲᠦᠷᠦᠭᠦᠦ ᠪᠦᠯᠦᠭ᠎ᠤᠨ ᠲᠠᠨᠢᠯᠴᠠᠭᠤᠯᠭ᠎ᠠ᠎ᠶᠢᠨ ᠨᠣᠮ᠎ᠤᠨ ᠭᠠᠷᠴᠠᠭ᠎ᠢ ᠨᠡᠢᠲᠡᠯᠡᠵᠦ᠂ ᠨᠣᠮ᠎ᠤᠨ ᠭᠠᠷᠴᠠᠭ᠎ᠢ ᠨᠠᠢᠷᠠᠭᠤᠯᠤᠨ ᠵᠣᠬᠢᠶᠠᠬᠰᠠᠨ ᠣᠢᠯᠠᠭᠠᠭᠳᠠᠬᠤᠨ᠂ ᠠᠭᠤᠯᠭ᠎ᠠ᠎ᠶᠢᠨ ᠪᠣᠷᠣ᠌ ᠲᠥᠯᠥᠪ ᠵᠢᠴᠢ ᠪᠠᠭᠠᠴᠤᠳ ᠬᠡᠦᠬᠡᠳ᠎ᠦᠨ ᠨᠤᠮ ᠤᠩᠰᠢᠯᠭ᠎ᠠ᠎ᠶᠢᠨ ᠪᠣᠶ᠋ᠢᠵᠢᠯᠲᠠ᠎ᠶᠢᠨ ᠤᠳᠤᠷᠢᠳᠤᠮᠵᠢ᠎ᠶᠢᠨ ᠲᠤᠬᠠᠢ ᠲᠠᠨᠢᠯᠴᠠᠭᠤᠯᠪᠠ; ᠤᠨᠴᠠ ᠤᠷᠢᠭᠰᠠᠨ ᠵᠤᠴᠢᠨ ᠹᠦᠵᠢᠶᠠᠨ ᠮᠤᠵᠢ᠎ᠶᠢᠨ ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠬᠤ ᠨᠡᠢᠭᠡᠮᠯᠢᠭ᠎ᠦᠨ ᠳᠠᠷᠤᠭ᠎ᠠ ᠾᠧ ᠴᠢᠶᠠᠩ᠂ ᠪᠡᠭᠡᠵᠢᠩ ᠶᠡᠬᠡ ᠰᠤᠷᠭᠠᠭᠤᠯᠢ᠎ᠶᠢᠨ ᠲᠡᠦᠬᠡ᠎ᠶᠢᠨ ᠤᠬᠠᠭᠠᠨ᠎ᠤ ᠳ᠋ᠣᠺᠲ᠋ᠣᠷ᠂ ᠱᠠᠩᠬᠠᠢ᠎ᠶᠢᠨ ᠭᠠᠳᠠᠭᠠᠳᠤ ᠬᠡᠯᠡᠨ᠎ᠦ ᠶᠡᠬᠡ ᠰᠤᠷᠭᠠᠭᠤᠯᠢ᠎ᠶᠢᠨ ᠫᠷᠤᠹᠸᠰᠰᠤᠷ᠂ ᠥᠪᠥᠷ ᠮᠣᠩᠭᠣᠯ᠎ᠤᠨ ᠨᠠᠢᠷᠠᠭᠤᠯᠤᠯ᠎ᠤᠨ ᠵᠥᠪᠯᠡᠯ᠎ᠦᠨ ᠳᠡᠳ᠋ ᠡᠷᠬᠢᠯᠡᠭᠴᠢ ᠠᠢ ᠫᠢᠩ ᠨᠠᠷ ᠡᠴᠡ ᠪᠦᠬᠦ ᠠᠷᠠᠳ᠎ᠤᠨ ᠤᠩᠰᠢᠯᠭ᠎ᠠ᠎ᠶᠢᠨ ᠣᠷᠣᠨ ᠪᠦᠰᠡ᠎ᠶᠢᠨ ᠳᠡᠯᠭᠡᠷᠡᠭᠦᠯᠦᠯᠲᠡ᠂ ᠲᠡᠦᠬᠡ ᠰᠣᠶᠣᠯ ᠢᠷᠭᠡᠨᠰᠢᠯ᠎ᠦᠨ ᠤᠩᠰᠢᠯᠭ᠎ᠠ᠂ ᠨᠤᠲᠤᠭ᠎ᠤᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠡᠷᠭᠡ ᠭᠤᠷᠪᠠᠨ ᠲᠠᠯ᠎ᠠ᠎ᠠᠴᠠ ᠰᠠᠨᠠᠯ᠎ᠢᠶᠠᠨ ᠰᠣᠯᠢᠯᠴᠠᠨ ᠬᠤᠪᠢᠶᠠᠯᠴᠠᠪᠠ; ᠮᠤᠤ ᠳ᠋ᠦ᠋ᠨ ᠤᠳᠬ᠎ᠠ ᠵᠣᠬᠢᠶᠠᠯ᠎ᠤᠨ ᠱᠠᠩᠨᠠᠯ ᠬᠦᠷᠲᠡᠭᠴᠢ ᠯᠢᠦ ᠵᠧᠨ ᠶᠦᠨ᠎ᠳᠤ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ 《ᠪᠥᠬᠥ ᠠᠷᠠᠳ᠎ᠤᠨ ᠨᠤᠮ ᠤᠩᠰᠢᠯᠭ᠎ᠠ ᠵᠢ ᠲᠡᠯᠭᠡᠷᠡᠭᠦᠯᠦᠭᠴᠢ ᠡᠯᠴᠢᠨ》 ᠤ᠋ ᠤᠷᠢᠯᠭ᠎ᠠ᠎ᠶᠢᠨ ᠪᠢᠴᠢᠭ ᠭᠠᠷᠳᠠᠭᠤᠯᠪᠠ᠃
ᠣᠢᠯᠠᠭᠠᠭᠰᠠᠨ᠎ᠢᠶᠠᠷ᠂ 2026 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ᠎ᠢ ᠳᠤᠮᠳᠠᠳᠤ ᠤᠯᠤᠰ᠎ᠤᠨ ᠬᠡᠪᠯᠡᠯ᠎ᠦᠨ ᠨᠡᠢᠭᠡᠮᠯᠢᠭ᠂ ᠳᠤᠮᠳᠠᠳᠤ ᠤᠯᠤᠰ᠎ᠤᠨ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠬᠠᠮᠲᠤᠷᠠᠨ ᠳᠠᠭᠠᠭᠠᠴᠢᠯᠠᠨ ᠡᠷᠭᠢᠯᠡᠪᠡ᠃ ᠨᠣᠮ᠎ᠤᠨ ᠦᠵᠡᠰᠬᠦᠯᠡᠩ ᠨᠢ《ᠦᠪᠦᠷ ᠮᠤᠩᠭᠤᠯ᠎ᠢ ᠤᠩᠰᠢᠨ ᠤᠢᠯᠠᠭᠠᠬᠤᠢ·ᠨᠤᠮ ᠪᠢᠴᠢᠭ ᠢ᠋ᠢᠡᠷ ᠰᠡᠳᠬᠢᠯ ᠢ᠋ᠢᠡᠨ ᠨᠢᠭᠡᠳᠬᠡᠨᠡᠮ》 ᠢ᠋ᠢᠡᠷ ᠭᠣᠣᠯ ᠰᠡᠳᠦᠪ ᠪᠣᠯᠭᠠᠨ᠂《1+2+N》ᠬᠣᠯᠪᠤᠭᠠᠯᠠᠨ ᠬᠥᠳᠡᠯᠦᠯᠴᠡᠬᠦ ᠵᠠᠭᠪᠤᠷ᠎ᠢ ᠬᠡᠷᠡᠭᠯᠡᠵᠦ᠂ ᠬᠥᠬᠡᠬᠣᠲᠠ᠎ᠶᠢᠨ ᠭᠣᠣᠯ ᠬᠤᠷᠠᠯ᠎ᠤᠨ ᠲᠠᠯᠠᠪᠠᠢ᠂ ᠣᠷᠳᠣᠰ ᠬᠤᠲᠠ᠂ ᠬᠢᠩᠭᠠᠨ ᠠᠢᠮᠠᠭ᠎ᠤᠨ ᠬᠤᠪᠢᠶᠠᠷᠢ ᠬᠤᠷᠠᠯ᠎ᠤᠨ ᠲᠠᠯᠠᠪᠠᠢ᠂ ᠪᠤᠰᠤᠳ ᠠᠢᠮᠠᠭ ᠬᠤᠳᠠ ᠵᠢᠴᠢ ᠰᠦᠯᠵᠢᠶᠡᠨ ᠳᠡᠭᠡᠷᠡᠬᠢ ᠲᠠᠪᠴᠠᠩ ᠬᠣᠯᠪᠤᠭᠠᠯᠠᠨ ᠥᠷᠨᠢᠭᠦᠯᠵᠦ᠂ ᠪᠦᠬᠦ ᠣᠷᠣᠨ ᠪᠦᠰᠡ᠎ᠶᠢ ᠬᠠᠮᠤᠷᠴᠠᠢ᠃ 1.8 ᠲᠦᠮᠡᠨ ᠲᠡᠭᠰᠢ ᠳᠥᠷᠪᠡᠯᠵᠢᠨ ᠮᠧᠲᠷ᠎ᠦᠨ ᠭᠣᠣᠯ ᠬᠤᠷᠠᠯ᠎ᠤᠨ ᠲᠠᠯᠠᠪᠠᠢ᠎ᠳᠤ 300 ᠭᠠᠷᠤᠢ ᠬᠡᠪᠯᠡᠯ᠎ᠦᠨ ᠬᠣᠷᠢᠶ᠎ᠠ᠎ᠶᠢᠨ 10 ᠲᠦᠮᠡ ᠭᠠᠷᠤᠢ ᠲᠦᠷᠦᠯ᠎ᠦᠨ ᠰᠣᠳᠣᠨ ᠨᠣᠮ ᠪᠣᠯᠣᠨ ᠰᠣᠶᠣᠯ᠎ᠤᠨ ᠪᠦᠲᠦᠭᠡᠭᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠤᠯᠤᠰ᠎ᠤᠨ ᠳᠣᠲᠣᠭᠠᠳᠤ᠎ᠶᠢᠨ 30 ᠭᠠᠷᠤᠢ ᠨᠡᠷᠡᠳᠦ ᠵᠣᠬᠢᠶᠠᠯᠴᠢ᠂ ᠡᠷᠳᠡᠮᠲᠡᠨ᠂ ᠰᠣᠶᠣᠯ᠎ᠤᠨ ᠨᠡᠷᠡᠳᠦ ᠬᠥᠮᠥᠰ᠎ᠢ ᠤᠷᠢᠨ ᠲᠤᠬᠠᠢ᠎ᠶᠢᠨ ᠲᠠᠯᠠᠪᠠᠢ᠎ᠳᠤ ᠰᠣᠯᠢᠯᠴᠠᠭ᠎ᠠ ᠦᠷᠨᠢᠬᠦᠯᠵᠦ᠂ 200 ᠭᠠᠷᠤᠢ ᠲᠠᠯᠠᠪᠠᠢ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠢ᠋ᠢᠨ ᠰᠣᠶᠣᠯ᠎ᠤᠨ ᠠᠵᠢᠯᠯᠠᠭ᠎ᠠ᠎ᠶᠢ ᠨᠠᠷᠢᠨ ᠨᠢᠮᠪᠠᠢ ᠤᠬᠠᠭᠠᠯᠠᠭᠰᠠᠨ ᠪᠥᠭᠡᠳ ᠰᠦᠯᠵᠢᠶ᠎ᠡ ᠪᠡᠷ ᠪᠦᠬᠦ ᠶᠠᠪᠤᠴᠠ᠎ᠶᠢ ᠰᠢᠭᠤᠳ ᠨᠠᠪᠲᠠᠷᠡᠭᠦᠯᠵᠦ᠂ ᠰᠠᠢᠨ ᠨᠣᠮ ᠢ᠋ ᠲᠠᠨᠢᠯᠴᠠᠭᠤᠯᠤᠨ᠂ ᠰᠦᠯᠵᠢᠶᠡᠨ ᠳᠡᠭᠡᠷᠡᠬᠢ ᠠᠰᠠᠷᠠᠮᠵᠢ᠎ᠶᠢ ᠵᠡᠷᠭᠡ᠎ᠪᠡᠷ ᠲᠠᠷᠬᠠᠭᠠᠪᠠ᠃