ᠮᠠᠨᠵᠤᠤᠷ ᠪᠥᠬᠥ ᠣᠷᠣᠨ ᠎ᠤ ᠠᠩᠬᠠᠳᠠᠭ᠍ᠴᠢ ᠬᠤᠪᠢ ᠬᠥᠮᠥᠨ ᠎ᠦ ᠠᠷᠠᠳ ᠎ᠤᠨ ᠵᠤᠭᠤᠰ ᠭᠠᠳᠠᠭᠠᠳᠤ᠎ᠶᠢᠨ ᠵᠣᠭᠣᠰ ᠰᠣᠯᠢᠬᠤ ᠣᠨᠴᠠ ᠵᠥᠪᠰᠢᠶᠡᠷᠡᠯ ᠲᠠᠢ ᠲᠤᠬᠠᠢᠯᠠᠭᠰᠠᠨ ᠠᠵᠢᠯ᠎ᠢ ᠥᠷᠨᠢᠭᠦᠯᠦᠭᠰᠡᠨ ᠭᠠᠵᠠᠷ ᠣᠷᠣᠨ ᠪᠣᠯᠪᠠ
2026-08-15 11:49:37
ᠵᠣᠬᠢᠶᠠᠭ᠍ᠴᠢ᠄
ᠯᠢᠶᠠᠩ ᠯᠢᠶᠠᠩ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠠᠷᠠᠳ ᠎ᠤᠨ ᠪᠠᠩᠬᠢ᠂ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠎ᠶᠢᠨ ᠭᠠᠳᠠᠭᠠᠳᠤ ᠭᠤᠪᠢᠭᠤᠯᠭ᠎ᠠ᠎ᠶᠢᠨ ᠳᠥᠭᠥᠮᠴᠢᠯᠠᠯᠲᠡ᠎ᠶᠢᠨ ᠲᠥᠷᠥ᠎ᠶᠢᠨ ᠪᠣᠳᠣᠯᠭ᠎ᠠ ᠎ᠶᠢᠨ ᠳᠡᠮᠵᠢᠯᠭᠡ ᠳᠣᠣᠷ᠎ᠠ ᠲᠢᠶᠠᠨᠵᠢᠨ᠎ᠤ ᠪᠥᠸᠧᠬᠠᠢ ᠲᠦᠩ ᠬᠣᠶ ᠵᠣᠭᠣᠰ ᠰᠣᠯᠢᠬᠤ ᠬᠢᠵᠠᠭᠠᠷᠲᠤ ᠺᠣᠮᠫᠠᠨᠢ ᠵᠢᠨ ᠮᠠᠨᠵᠤᠤᠷ ᠬᠤᠪᠢᠶᠠᠷᠢ ᠺᠤᠮᠫᠠᠨᠢ ᠮᠠᠨᠵᠤᠤᠷ᠎ᠲᠤ ᠨᠤᠲᠤᠭᠰᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠩᠬᠠᠳᠠᠭ᠍ᠴᠢ ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠎ᠶᠢᠨ ᠴᠣᠬᠣᠯᠠᠪᠤᠷᠢ ᠎ᠪᠠᠷ ᠪᠠᠢᠭᠤᠯᠤᠭᠰᠠᠨ ᠬᠤᠪᠢ ᠬᠥᠮᠥᠨ ᠎ᠦ  ᠠᠷᠠᠳ ᠎ᠤᠨ  ᠵᠤᠭᠤᠰ ᠭᠠᠳᠠᠭᠠᠳᠤ᠎ᠵᠢᠨ ᠵᠣᠭᠣᠰ ᠎ᠢ ᠰᠣᠯᠢᠬᠤ ᠣᠨᠴᠠ ᠵᠥᠪᠰᠢᠶᠡᠷᠡᠯ ᠲᠠᠢ ᠡᠵᠡᠩᠨᠡᠯᠲᠡ᠎ᠶᠢᠨ ᠪᠠᠢᠭᠤᠯᠤᠮᠵᠢ ᠪᠣᠯᠵᠤ᠂ ᠳᠤᠮᠳᠠᠳᠤ ᠤᠯᠤᠰ (ᠥᠪᠥᠷ ᠮᠣᠩᠭᠣᠯ) ᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠮᠠᠨᠵᠤᠤᠷ ᠎ᠤᠨ ᠬᠡᠰᠡᠭ ᠎ᠤᠨ ᠭᠠᠳᠠᠭᠠᠳᠤ᠎ᠲᠠᠢ ᠬᠣᠯᠪᠣᠭᠳᠠᠭᠰᠠᠨ ᠮᠥᠩᠭᠥᠨ ᠭᠦᠢᠯᠭᠡᠭᠡᠨ ᠎ᠦ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠵᠦ᠂ ᠪᠣᠭᠣᠮᠲᠠ᠎ᠶᠢᠨ ᠬᠢᠯᠢ ᠠᠯᠤᠰᠯᠠᠭᠰᠠᠨ ᠠᠵᠤ ᠠᠬᠤᠢ ᠠᠷᠠᠯᠵᠢᠶ᠎ᠠ᠂ ᠰᠣᠶᠣᠯ ᠵᠢᠭᠤᠯᠴᠢᠯᠠᠯ᠎ᠤᠨ ᠶᠠᠪᠤᠯᠴᠠᠭ᠎ᠠ᠎ᠳᠤ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃

ᠪᠠᠢᠭᠤᠯᠤᠮᠵᠢ ᠨᠢ ᠮᠠᠨᠵᠤᠤᠷ᠎ᠲᠤ 4 ᠪᠠᠷᠢᠮᠵᠢᠶᠠᠵᠢᠭ᠍ᠰᠠᠨ ᠣᠨᠴᠠ ᠵᠥᠪᠰᠢᠶᠡᠷᠡᠯ᠎ᠲᠠᠢ ᠰᠣᠯᠢᠬᠤ ᠡᠭᠦᠳᠡᠨ ᠳᠡᠯᠭᠡᠭᠦᠷ᠎ᠢ ᠪᠠᠢᠷᠢᠯᠠᠭᠤᠯᠵᠤ᠂ 《ᠬᠢᠯᠢ᠎ᠶᠢᠨ ᠪᠣᠭᠣᠮᠲᠠ + ᠬᠤᠳᠠ᠎ᠶᠢᠨ ᠲᠣᠭᠣᠷᠢᠭ᠋ 》᠎ᠤ᠋ᠨ ᠪᠦᠬᠦ ᠣᠷᠣᠨ ᠪᠦᠰᠡ᠎ᠶᠢ ᠬᠠᠮᠤᠷᠤᠭᠰᠠᠨ ᠦᠢᠯᠡᠴᠢᠯᠡᠭᠡᠨ᠎ᠦ ᠲᠣᠣᠷ᠎ᠢ ᠪᠠᠢᠭᠤᠯᠪᠠ᠃ ᠵᠠᠰᠠᠮᠠᠯ ᠵᠠᠮ᠎ᠤᠨ ᠪᠣᠭᠣᠮᠲᠠ᠎ᠳᠤ 2 ᠲᠣᠣᠷ ᠴᠡᠭ ᠲᠣᠬᠢᠷᠠᠭᠤᠯᠵᠤ᠂ ᠪᠣᠭᠣᠮᠲᠠ᠎ᠪᠠᠷ ᠥᠩᠭᠡᠷᠡᠬᠦ ᠠᠶᠠᠨᠴᠢᠳ᠎ᠢ ᠪᠠᠢᠴᠠᠭᠠᠬᠤ ᠣᠷᠣᠨ ᠪᠦᠰᠡ᠎ᠳᠦ ᠪᠠᠢᠷᠢᠯᠠᠭᠤᠯᠤᠨ᠂ ᠬᠢᠯᠢ᠎ᠪᠡᠷ ᠭᠠᠷᠴᠤ ᠣᠷᠣᠬᠤ ᠠᠶᠠᠨᠴᠢᠳ᠂ ᠬᠢᠯᠢ ᠠᠯᠤᠰᠯᠠᠭᠰᠠᠨ ᠬᠤᠳᠠᠯᠳᠤᠭᠠᠴᠢᠨ᠎ᠳᠤ ᠪᠣᠭᠣᠮᠲᠠ᠎ᠪᠠᠷ ᠥᠩᠭᠡᠷᠡᠮᠡᠭᠴᠡ ᠪᠠᠷᠢᠨ ᠭᠦᠢᠴᠡᠳᠬᠡᠬᠦ ᠨᠢᠭᠡ ᠥᠷᠲᠡᠭᠡᠴᠢᠯᠡᠭᠰᠡᠨ ᠮᠠᠶᠢᠭ᠋ ᠎ᠤᠨ ᠭᠤᠪᠢᠭᠤᠯᠭ᠎ᠠ ᠰᠣᠯᠢᠬᠤ ᠦᠢᠯᠡᠴᠢᠯᠡᠭᠡ ᠬᠠᠩᠭᠠᠨ᠎ᠠ; ᠵᠦᠩ ᠰᠤ᠌ ᠵᠢᠨ ᠵᠡᠭᠡᠯᠢ᠂ ᠰᠢᠨᠬᠤᠸᠠ ᠵᠡᠭᠡᠯᠢ ᠵᠡᠷᠭᠡ ᠭᠣᠣᠯ ᠬᠤᠳᠠᠯᠳᠤᠭᠠᠨ᠎ᠤ ᠲᠣᠭᠣᠷᠢᠭ᠋᠎ᠲᠤ 2 ᠬᠣᠲᠠ᠎ᠶᠢᠨ ᠲᠣᠭᠣᠷᠢᠭ᠋᠎ᠤᠨ ᠡᠭᠦᠳᠡᠨ ᠳᠡᠯᠭᠡᠭᠦᠷ ᠭᠠᠷᠭᠠᠵᠤ᠂ ᠭᠠᠳᠠᠭᠠᠳᠤ᠎ᠶᠢᠨ ᠵᠢᠭᠤᠯᠴᠢᠯᠠᠭ᠍ᠰᠡᠳ᠂ ᠬᠢᠯᠢ ᠠᠯᠤᠰᠯᠠᠨ ᠬᠤᠳᠠᠯᠳᠤᠭ᠎ᠠ ᠡᠷᠭᠢᠯᠡᠬᠦ ᠬᠥᠮᠥᠰ᠎ᠦᠨ ᠡᠳᠦᠷ ᠲᠤᠲᠤᠮ᠎ᠤᠨ ᠬᠡᠷᠡᠭᠯᠡᠭᠡ ᠎ᠵᠢᠨ ᠵᠤᠭᠤᠰ ᠰᠣᠯᠢᠬᠤ ᠬᠡᠷᠡᠭᠴᠡᠭᠡ᠎ᠳᠦ ᠦᠢᠯᠡᠴᠢᠯᠡᠵᠦ᠂ ᠤᠯᠤᠰ᠎ᠤᠨ ᠡᠭᠦᠳᠡ᠎ᠡᠴᠡ ᠬᠣᠲᠠ ᠎ᠶᠢᠨ ᠲᠣᠭᠣᠷᠢᠭ᠋ ᠬᠦᠷᠲᠡᠯᠡᠬᠢ ᠠᠷᠠᠳ᠎ᠲᠤ ᠲᠥᠬᠥᠮ ᠦᠵᠡᠭᠦᠯᠬᠦ ᠮᠥᠩᠭᠥᠨ ᠭᠦᠢᠯᠭᠡᠭᠡᠨ ᠎ᠦ ᠦᠢᠯᠡᠴᠢᠯᠡᠭᠡᠨ ᠎ᠦ ᠪᠢᠲᠡᠭᠦᠦ ᠴᠠᠭᠠᠷᠢᠭ᠋᠎ᠢ ᠪᠦᠷᠢᠯᠳᠦᠬᠦᠯᠪᠡ᠃

ᠲᠤᠤᠷ ᠴᠡᠭ᠎ᠲᠦ 21 ᠵᠦᠢᠯ ᠎ᠦᠨ ᠠᠷᠠᠳ ᠎ᠤᠨ  ᠵᠤᠭᠤᠰ ᠭᠠᠳᠠᠭᠠᠳᠤ᠎ᠵᠢᠨ ᠵᠣᠭᠣᠰ᠎ᠢ ᠴᠢᠯᠦᠭᠡᠲᠡᠢ ᠰᠣᠯᠢᠵᠤ ᠪᠣᠯᠣᠨ᠎ᠠ᠃ ᠪᠥᠬᠥ ᠲᠤᠬᠠᠢᠯᠠᠭᠰᠠᠨ ᠠᠵᠢᠯ ᠎ᠢ ᠤᠯᠤᠰ ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠵᠢᠷᠤᠮᠵᠢᠯ᠎ᠢ ᠴᠢᠩᠭ᠎ᠠ ᠵᠢᠷᠤᠮᠯᠠᠨ ᠥᠷᠨᠢᠭᠦᠯᠵᠦ᠂ ᠠᠷᠠᠯᠵᠢᠶᠠᠨ᠎ᠤ ᠪᠥᠬᠥ ᠶᠠᠪᠤᠴᠠ᠎ᠶᠢ ᠲᠣᠭᠲᠠᠭᠠᠯ᠎ᠳᠤ ᠨᠡᠢᠴᠡᠭᠦᠯᠦᠨ ᠳᠡᠩᠰᠡᠯᠡᠵᠦ᠂ ᠭᠦᠢᠴᠡᠳᠬᠡᠬᠦ ᠴᠤᠪᠤᠷᠠᠯ᠎ᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠢᠯᠭᠠᠵᠤ᠂ 《 ᠣᠯᠠᠨ ᠲᠣᠣᠷ ᠴᠡᠭ ᠬᠣᠯᠪᠤᠭᠠᠯᠠᠨ ᠬᠥᠳᠡᠯᠦᠯᠴᠡᠵᠦ᠂ 21 ᠵᠦᠢᠯ᠎ᠦᠨ ᠵᠣᠭᠣᠰ᠎ᠢ ᠨᠢᠭᠡ ᠯᠡ ᠥᠷᠲᠡᠭᠡ᠎ᠪᠡᠷ ᠭᠦᠢᠴᠡᠳᠬᠡᠬᠦ》 ᠵᠢ ᠦᠨᠡᠨ ᠬᠦ᠌ ᠪᠡᠶᠡᠯᠡᠭᠦᠯᠵᠦ᠂ ᠥᠩᠭᠡᠷᠡᠭᠰᠡᠨ᠎ᠦ ᠬᠢᠯᠢ᠎ᠵᠢᠨ ᠪᠣᠭᠣᠮᠲᠠ᠎ᠶᠢᠨ ᠭᠠᠳᠠᠭᠠᠳᠤ᠎ᠶᠢᠨ ᠵᠣᠭᠣᠰ᠎ᠢ ᠰᠣᠯᠢᠬᠤ ᠠᠷᠭ᠎ᠠ ᠵᠠᠮ ᠬᠢᠵᠠᠭᠠᠷ᠎ᠲᠠᠢ ᠪᠠᠢᠭᠰᠠᠨ ᠪᠠᠢᠳᠠᠯ᠎ᠢ ᠬᠤᠪᠢᠷᠠᠭᠤᠯᠪᠠ᠃

ᠲᠣᠰ ᠣᠨᠴᠠ ᠵᠥᠪᠰᠢᠶᠡᠷᠡᠯ᠎ᠲᠠᠢ ᠵᠣᠭᠣᠰ ᠰᠣᠯᠢᠬᠤ ᠪᠠᠢᠭᠤᠯᠤᠮᠵᠢ ᠡᠵᠡᠩᠨᠡᠯᠲᠡ ᠬᠢᠭᠰᠡᠨ᠎ᠡᠴᠡ ᠨᠠᠭᠠᠰᠢ ᠲᠤᠬᠠᠢᠯᠠᠭᠰᠠᠨ ᠠᠵᠢᠯ᠎ᠤᠨ ᠠᠵᠢᠯᠯᠠᠭᠠᠨ ᠨᠢ ᠲᠣᠭᠲᠠᠭᠤᠨ ᠪᠠᠢᠵᠤ᠂ ᠡᠳᠦᠷ ᠪᠦᠷᠢ ᠳᠤᠮᠳᠠᠴᠢ᠎ᠪᠠᠷ 200 ᠤᠳᠠᠭ᠎ᠠ᠎ᠡᠴᠡ ᠳᠡᠭᠡᠭᠰᠢ ᠵᠣᠭᠣᠰ ᠰᠣᠯᠢᠬᠤ ᠲᠤᠬᠠᠢᠯᠠᠭᠰᠠᠨ ᠠᠵᠢᠯ ᠭᠦᠢᠴᠡᠳᠬᠡᠵᠦ᠂ ᠬᠢᠯᠢ᠎ᠵᠢᠨ ᠪᠣᠭᠣᠮᠲᠠ᠎ᠶᠢᠨ ᠶᠡᠬᠡ ᠬᠡᠮᠵᠢᠶᠡᠨ᠎ᠦ ᠬᠢᠯᠢ᠎ᠪᠡᠷ ᠣᠷᠣᠵᠤ ᠭᠠᠷᠬᠤ ᠬᠥᠮᠥᠰ᠎ᠦᠨ ᠪᠡᠯᠡᠨ ᠵᠣᠭᠣᠰ ᠰᠣᠯᠢᠬᠤ ᠬᠡᠷᠡᠭᠴᠡᠭᠡ᠎ᠶᠢ ᠥᠨᠳᠥᠷ ᠪᠦᠲᠦᠮᠵᠢᠲᠡᠶ᠎ᠪᠡᠷ ᠭᠥᠯᠢᠶᠡᠨ ᠠᠪᠴᠤ ᠪᠠᠢᠨ᠎ᠠ᠃ ᠡᠩ ᠎ᠦᠨ ᠭᠠᠳᠠᠭᠠᠳᠤ᠎ᠶᠢᠨ ᠵᠣᠭᠣᠰ᠎ᠢ ᠣᠷᠣᠯᠠᠨ ᠰᠣᠯᠢᠬᠤ ᠴᠡᠭ᠎ᠡᠴᠡ ᠢᠯᠭᠠᠭ᠎ᠠ᠎ᠲᠠᠢ ᠭᠠᠵᠠᠷ ᠭᠡᠪᠡᠯ ᠣᠨᠴᠠ ᠵᠥᠪᠰᠢᠶᠡᠷᠡᠯ᠎ᠦᠨ ᠪᠠᠢᠭᠤᠯᠤᠮᠵᠢ ᠨᠢ ᠤᠯᠤᠰ ᠡᠴᠡ ᠴᠤᠬᠤᠯᠠᠪᠤᠷᠢᠯᠠᠭᠰᠠᠨ ᠪᠦᠷᠢᠨ ᠪᠦᠲᠦᠨ ᠬᠢᠷᠢ ᠬᠡᠮ᠎ᠲᠠᠢ ᠪᠠᠢᠵᠤ᠂ ᠬᠢᠯᠢ᠎ᠵᠢᠨ ᠪᠣᠭᠣᠮᠲᠠ᠎ᠶᠢᠨ ᠭᠠᠳᠠᠭᠠᠳᠤ᠎ᠶᠢᠨ ᠵᠣᠭᠣᠰ ᠎ᠢ ᠰᠣᠯᠢᠬᠤ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠢᠯᠢ ᠎ᠵᠢᠨ ᠪᠣᠭᠣᠮᠲᠠ ᠪᠡᠷ ᠬᠢᠯᠢ ᠦᠩᠭᠡᠷᠡᠭᠰᠡᠨ ᠬᠥᠮᠥᠰ᠎ᠦᠨ ᠪᠡᠯᠡ ᠮᠥᠩᠭᠥ᠎ᠶᠢᠨ ᠠᠮᠤᠷ ᠲᠦᠪᠰᠢᠨ ᠎ᠢ ᠰᠠᠬᠢᠨ ᠬᠠᠮᠠᠭᠠᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号