ᠰᠤᠷᠪᠤᠯᠵᠢᠯᠠᠭᠴᠢ 8 ᠰᠠᠷ᠎ᠠ᠎ᠶᠢᠨ 13᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠡᠷᠡᠭᠲᠡᠢ᠎ᠶᠢᠨ ᠬᠥᠬᠡ ᠳᠤᠭᠤᠢᠯᠠᠩ᠎ᠤᠨ ᠵᠡᠭᠡᠷᠡᠩᠬᠡᠢ᠎ᠶᠢᠨ ᠰᠢᠢᠳᠪᠦᠷᠢᠲᠦ ᠤᠷᠤᠯᠳᠤᠭᠠᠨ ᠪᠤᠭᠤᠲᠤ ᠬᠣᠲᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ ᠲᠤ ᠦᠨᠳᠦᠷᠯᠡᠪᠡ᠃ ᠣᠯᠠᠨ᠎ᠤ ᠠᠩᠬᠠᠷᠤᠯ᠎ᠢ ᠲᠠᠲᠠᠭᠰᠠᠨ ᠡᠷᠡᠭᠲᠡᠢ᠎ᠶᠢᠨ ᠬᠥᠬᠡ ᠳᠤᠭᠤᠢᠯᠠᠩ᠎ᠤᠨ ᠵᠡᠭᠡᠷᠡᠩᠬᠡᠢ᠎ᠶᠢᠨ ᠰᠢᠢᠳᠪᠦᠷᠢᠲᠦ ᠤᠷᠤᠯᠳᠤᠭᠠᠨ᠎ᠳᠦ ᠪᠦᠬᠦ ᠣᠷᠣᠨ᠎ᠤ ᠡᠯ᠎ᠡ ᠠᠢᠮᠠᠭ ᠬᠤᠳᠠ᠎ᠠᠴᠠ ᠢᠷᠡᠭᠰᠡᠨ ᠲᠠᠮᠢᠷᠴᠢᠳ ᠤᠷᠤᠯᠳᠤᠭᠠᠨ᠎ᠤ ᠲᠠᠯᠠᠪᠠᠢ᠎ᠳᠤ ᠬᠦᠴᠦᠨ ᠴᠢᠳᠠᠯ ᠪᠣᠯᠣᠨ ᠤᠷ᠎ᠠ ᠮᠡᠷᠭᠡᠵᠢᠯ᠎ᠶ᠋ᠢᠡᠨ ᠮᠦᠷᠦᠢᠴᠡᠵᠦ᠂ ᠥᠪᠥᠷ ᠮᠣᠩᠭᠣᠯ᠎ᠤᠨ ᠲᠠᠮᠢᠷᠴᠢᠳ᠎ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠪᠡᠶ᠎ᠡ᠎ᠶᠢᠨ ᠲᠠᠮᠢᠷ᠎ᠤᠨ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃
ᠵᠡᠭᠡᠷᠡᠩᠬᠡᠢ᠎ᠶᠢᠨ ᠤᠷᠤᠯᠳᠤᠭᠠᠨ᠎ᠤ ᠵᠦᠢᠯ ᠪᠣᠯ ᠬᠦᠨᠳᠦ ᠬᠥᠩᠭᠡᠨ ᠪᠡᠶ᠎ᠡ ᠶ᠋ᠢᠨ ᠲᠠᠮᠢᠷ ᠤᠨ ᠤᠷᠤᠯᠳᠤᠭᠠᠨ᠎ᠤ ᠰᠣᠩᠭᠣᠳᠠᠭ ᠵᠦᠢᠯ ᠪᠠᠢᠵᠤ᠂ ᠲᠠᠮᠢᠷᠴᠢᠳ᠎ᠤᠨ ᠢᠳᠡ ᠬᠦᠴᠦᠨ᠂ ᠪᠡᠶ᠎ᠡ ᠮᠠᠬᠠᠪᠤᠳ᠎ᠤᠨ ᠵᠣᠬᠢᠴᠠᠩᠭᠤᠢ ᠴᠢᠨᠠᠷ᠂ ᠲᠣᠭᠲᠠᠪᠤᠷᠢᠲᠤ ᠴᠢᠨᠠᠷ᠎ᠲᠤ ᠲᠤᠢᠯ᠎ᠤᠨ ᠥᠨᠳᠥᠷ ᠱᠠᠭᠠᠷᠳᠠᠯᠭ᠎ᠠ ᠲᠠᠢ ᠪᠠᠢᠳᠠᠭ᠃ ᠲᠣᠰ ᠤᠳᠠᠭᠠᠨ᠎ᠤ ᠡᠷᠡᠭᠲᠡᠢ᠎ᠶᠢᠨ ᠬᠥᠬᠡ ᠳᠤᠭᠤᠢᠯᠠᠩ᠎ᠤᠨ ᠵᠡᠭᠡᠷᠡᠩᠬᠡᠢ᠎ᠶᠢᠨ ᠰᠢᠢᠳᠪᠦᠷᠢᠲᠦ ᠤᠷᠤᠯᠳᠤᠭᠠᠨ ᠬᠤᠷᠴᠠ ᠰᠢᠷᠦᠭᠦᠨ ᠶᠠᠪᠤᠭᠳᠠᠵᠦ᠂ ᠤᠷᠤᠯᠳᠤᠭᠠᠨ᠎ᠳᠤ ᠣᠷᠣᠯᠴᠠᠭᠰᠠᠳ᠎ᠨᠢ ᠴᠥᠮ ᠱᠠᠲᠤ ᠱᠠᠲᠤ ᠪᠠᠷ ᠰᠢᠯᠭᠠᠷᠠᠭᠤᠯᠤᠭᠰᠠᠨ ᠰᠢᠯᠢᠳᠡᠭ ᠵᠠᠯᠠᠭᠤ ᠲᠠᠮᠢᠷᠴᠢᠳ ᠪᠣᠯᠣᠨ᠎ᠠ᠃ ᠤᠯᠠᠨ ᠤᠳᠠᠭ᠎ᠠ᠎ᠶᠢᠨ ᠥᠨᠳᠥᠷ ᠬᠦᠴᠦᠯᠡᠴᠡ᠎ᠲᠠᠢ ᠮᠥᠷᠥᠢᠴᠡᠭᠡᠨ᠎ᠢᠶᠡᠷ ᠳᠠᠮᠵᠢᠨ᠂ ᠪᠠᠶᠠᠨᠨᠠᠭᠤᠷ᠎ᠤᠨ ᠠᠩᠭᠢ᠎ᠶᠢᠨ ᠲᠠᠮᠢᠷᠴᠢᠨ ᠯᠢ ᠪᠢᠨᠭ ᠨᠠᠨ ᠭᠠᠷᠮᠠᠭᠠᠢ ᠢᠯᠡᠷᠡᠯᠶ᠋ᠢᠡᠷ 51.28 ᠮᠸᠲᠷ᠎ᠤᠨ ᠰᠢᠯᠢᠳᠡᠭ ᠬᠢᠷᠢ ᠪᠦᠲᠦᠮᠵᠢ᠎ᠪᠡᠷ ᠲᠤᠰ ᠤᠳᠠᠭ᠎ᠠ᠎ᠶᠢᠨ ᠤᠷᠤᠯᠳᠤᠭᠠᠨ᠎ᠳᠤ ᠮᠠᠩᠯᠠᠢᠯᠠᠪᠠ᠂ ᠡᠨᠡ ᠨᠢ ᠮᠥᠨ ᠴᠸ᠋ ᠲᠡᠭᠦᠨ᠎ᠦ ᠠᠩᠬ᠎ᠠ ᠤᠳᠠᠭ᠎ᠠ ᠦᠪᠦᠷ ᠮᠤᠨᠭᠭᠤᠯ ᠤᠨ ᠥᠪᠡᠷᠲᠡᠭᠡᠨ ᠵᠠᠰᠠᠬᠤ ᠣᠷᠣᠨ᠎ᠤ ᠲᠠᠮᠢᠷ᠎ᠤᠨ ᠴᠤᠭᠯᠠᠭᠠᠨ᠎ᠳᠤ ᠣᠷᠣᠯᠴᠠᠭᠠᠳ ᠠᠯᠲᠠᠨ ᠮᠧᠳᠠᠯ ᠣᠯᠣᠭᠰᠠᠨ ᠶᠠᠪᠤᠳᠠᠯ ᠪᠣᠯᠣᠨ᠎ᠠ᠃ ᠤᠷᠤᠯᠳᠤᠭᠠᠨ᠎ᠤ ᠳᠠᠷᠠᠭ᠎ᠠ ᠯᠢ ᠪᠢᠨᠭ ᠨᠠᠨ ᠰᠤᠷᠪᠤᠯᠵᠢᠯᠠᠭ᠎ᠠ ᠬᠦᠯᠢᠶᠡᠭᠦ᠎ᠳᠡᠭᠡᠨ᠄ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠠᠮᠤᠭ᠎ᠤᠨ ᠥᠨᠳᠥᠷ ᠱᠠᠩᠨᠠᠯ᠎ᠤᠨ ᠲᠠᠪᠴᠠᠩ᠎ᠳᠤ ᠠᠯᠲᠠᠨ ᠮᠸᠲᠠᠯ ᠭᠠᠷᠳᠠᠭᠰᠠᠨ ᠳ᠋ᠠᠭᠠᠨ ᠮᠠᠰᠢ ᠶᠡᠬᠡ ᠠᠵᠠ ᠵᠠᠪᠰᠢᠶᠠᠨ᠎ᠲᠠᠢ ᠰᠠᠨᠠᠭᠳᠠᠵᠤ ᠪᠠᠢᠨ᠎ᠠ᠂ ᠢᠷᠡᠭᠡᠳᠦᠢ᠎ᠳᠦ ᠦᠷᠭᠦᠯᠵᠢᠯᠡᠨ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠮᠡᠷᠭᠡᠵᠢᠯ᠎ᠢᠶᠡᠨ ᠴᠢᠷᠮᠠᠢᠨ ᠪᠣᠯᠪᠠᠰᠤᠷᠠᠵᠤ᠂ ᠨᠠᠩ ᠰᠠᠢᠨ ᠬᠢᠷᠢ ᠪᠦᠲᠦᠮᠵᠢ ᠤᠯᠬᠤ ᠪᠡᠷ ᠴᠢᠷᠮᠠᠢᠨ᠎ᠠ》 ᠭᠡᠵᠦ ᠶᠠᠷᠢᠵᠦ ᠪᠠᠢᠯ᠎ᠠ᠃ ᠲᠤᠰ ᠤᠳᠠᠭᠠᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠬᠡᠪᠴᠢᠶ᠎ᠡ ᠨᠢ ᠶᠡᠬᠡ᠂ ᠬᠢᠷᠢ ᠬᠡᠮᠵᠢᠶ᠎ᠡ ᠨᠢ ᠮᠠᠰᠢ ᠥᠨᠳᠥᠷ ᠪᠠᠢᠵᠤ᠂ ᠨᠡᠶ᠋ᠢᠲᠡ ᠵᠠᠭᠤ ᠭᠠᠷᠤᠢ ᠵᠦᠢᠯ᠎ᠦᠨ ᠤᠷᠤᠯᠳᠤᠭᠠᠨ᠎ᠤ ᠵᠦᠢᠯ᠎ᠢ ᠲᠣᠬᠢᠷᠠᠭᠤᠯᠪᠠ᠃ ᠡᠷᠡᠭᠲᠡᠢ᠎ᠶᠢᠨ ᠬᠥᠬᠡ ᠳᠤᠭᠤᠢᠯᠠᠩ᠎ᠤᠨ ᠵᠡᠭᠡᠷᠡᠩᠬᠡᠢ᠎ᠶᠢᠨ ᠰᠢᠢᠳᠪᠦᠷᠢᠲᠦ ᠤᠷᠤᠯᠳᠤᠭᠠᠨ ᠠᠮᠵᠢᠯᠲᠠ᠎ᠲᠠᠢ ᠥᠨᠳᠥᠷᠯᠡᠭᠰᠡᠨ ᠨᠢ ᠮᠠᠨ ᠤ ᠣᠷᠣᠨ ᠤ ᠵᠠᠯᠠᠭᠤᠴᠤᠳ ᠪᠠᠭᠠᠴᠤᠳ᠎ᠤᠨ ᠬᠦᠨᠳᠦ ᠬᠥᠩᠭᠡᠨ ᠪᠡᠶ᠎ᠡ ᠵᠢᠨ ᠲᠠᠮᠢᠷ ᠤᠨ ᠤᠷᠤᠯᠳᠤᠭᠠᠨ᠎ᠤ ᠯᠠᠪᠳᠠᠭᠤᠨ ᠪᠠᠲᠤᠲᠠᠢ ᠪᠣᠯᠪᠠᠰᠤᠷᠠᠯ᠎ᠤᠨ ᠦᠷ᠎ᠡ ᠪᠦᠲᠦᠭᠡᠯ᠎ᠢ ᠬᠠᠷᠠᠭᠤᠯᠤᠭᠰᠠᠨ᠎ᠢᠶᠠᠷ ᠪᠠᠷᠠᠬᠤ ᠦᠭᠡᠢ ᠂ ᠨᠠᠩ ᠴᠤ᠌ ᠲᠠᠮᠢᠷᠴᠢᠳ᠎ᠤᠨ ᠵᠣᠷᠢᠭ᠍ᠲᠠᠢ᠎ᠪᠠᠷ ᠲᠡᠮᠡᠴᠡᠬᠦ᠂ ᠬᠡᠵᠢᠶᠡᠳᠡ ᠣᠭᠣᠷᠬᠤ ᠦᠭᠡᠢ ᠲᠠᠮᠢᠷ᠎ᠤᠨ ᠵᠣᠷᠢᠭ᠋ ᠰᠠᠨᠠᠭ᠎ᠠ᠎ᠶᠢ ᠬᠠᠷᠠᠭᠤᠯᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号