ᠬᠡᠷᠡᠭ ᠭᠠᠷᠬᠤ ᠡᠴᠡ ᠡᠮᠦᠨ᠎ᠡ ᠰᠡᠷᠭᠡᠢᠯᠡᠵᠦ ᠬᠡᠷᠡᠮ ᠨᠤᠷᠠᠬᠤ ᠡᠴᠡ ᠤᠷᠢᠳ ᠵᠠᠰᠠ
2026-08-15 11:55:19
ᠵᠣᠬᠢᠶᠠᠭ᠍ᠴᠢ᠄
ᠡᠣ ᠬᠤᠷᠴᠠ
ᠣᠩᠱᠢᠭ᠍ᠰᠠᠨ ᠣᠳᠠᠭ᠎ᠠ᠄
★★★☆☆

ᠠᠮᠤᠷ ᠲᠦᠪᠰᠢᠨ ᠪᠣᠯ ᠦᠢᠯᠡᠳᠪᠦᠷᠢᠯᠡᠯ᠎ᠦᠨ ᠬᠣᠷᠢᠭ᠎ᠠ ᠱᠤᠭᠤᠮ᠂ ᠬᠥᠭᠵᠢᠯᠲᠡ᠎ᠶᠢᠨ ᠰᠠᠭᠤᠷᠢ ᠮᠥᠨ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ ᠲᠠᠶ᠋ᠢᠱᠠᠨ ᠠᠭᠤᠯᠠᠨ᠎ᠡᠴᠡ ᠬᠦᠨᠳᠦ᠃ ᠬᠥᠭᠵᠢᠯᠲᠡ ᠨᠢ ᠶᠠᠭᠠᠬᠢᠭᠰᠠᠨ ᠴᠤ᠌ ᠬᠥᠮᠦᠨ ᠎ᠦ ᠠᠮᠢ ᠨᠠᠰᠤ᠎ᠶᠢ ᠦᠷᠡᠭᠳᠡᠭᠦᠯᠬᠦ᠌᠎ᠪᠡᠷ ᠦᠨ᠎ᠡ ᠲᠥᠯᠥᠪᠦᠷᠢ ᠪᠣᠯᠭᠠᠵᠤ ᠪᠣᠯᠬᠤ ᠦᠭᠡᠢ᠂ ᠭᠠᠭᠴᠠ ᠬᠦ᠌ ᠠᠮᠤᠷ ᠲᠦᠪᠰᠢᠨ᠎ᠦ ᠤᠯᠠᠭᠠᠨ ᠱᠤᠭᠤᠮ᠎ᠢ ᠪᠠᠲᠤ᠌ ᠰᠠᠬᠢᠵᠤ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠪᠠᠯ ᠰᠠᠶᠢ ᠨᠡᠶ᠋ᠢᠭᠡᠮ᠎ᠦᠨ ᠲᠣᠭᠲᠠᠭᠤᠨ᠂ ᠭᠡᠷ ᠪᠦᠯᠢ᠎ᠶᠢᠨ ᠵᠣᠯ ᠵᠢᠷᠭᠠᠯ ᠪᠠ ᠠᠵᠤ ᠠᠬᠤᠶ᠋ᠢᠯᠠᠯ᠎ᠤᠨ ᠠᠯᠤᠰ ᠬᠡᠳᠦ᠎ᠶᠢᠨ ᠬᠥᠭᠵᠢᠯᠲᠡ᠎ᠶᠢ ᠪᠠᠲᠤᠯᠠᠵᠤ ᠴᠢᠳᠠᠨ᠎ᠠ᠃

2026 ᠣᠨ ᠎ᠤ ᠬᠦᠨᠳᠦ ᠣᠨᠴᠠ ᠶᠡᠬᠡ ᠠᠶᠤᠯᠭᠦᠢ ᠦᠢᠯᠡᠳᠪᠦᠷᠢᠯᠡᠯ᠎ᠦᠨ ᠡᠨᠳᠡᠯ᠎ᠡᠴᠡ ᠠᠵᠢᠭᠯᠠᠬᠤᠶ᠎ᠠ ᠬᠠᠷᠠᠰᠠᠯᠲᠤ ᠤᠴᠠᠷᠠᠯ ᠪᠤᠯᠭᠠᠨ ᠨᠢ ᠬᠥᠮᠦᠰ ᠲᠤ᠌ ᠴᠢᠰᠤᠲᠤ ᠰᠤᠷᠭᠠᠮᠵᠢ ᠵᠢ ᠦᠭᠴᠦ ᠪᠠᠢᠨ᠎ᠠ᠃  5 ᠰᠠᠷ᠎ᠠ᠎ᠶᠢᠨ 4 ᠎ᠤ᠋ ᠡᠳᠦᠷ᠂ ᠬᠤᠨᠠᠨ᠎ᠤ ᠴᠠᠩᠱᠠ ᠵᠢᠨ ᠯᠢᠦ ᠶᠠᠩ᠎ᠬᠤᠲᠠ ᠵᠢᠨ ᠬᠤᠸᠠ ᠱᠧᠩ ᠫᠤᠤᠵᠢᠩ ᠦᠢᠯᠡᠳᠴᠦ ᠫᠤᠤᠵᠢᠩ ᠲᠠᠯᠪᠢᠬᠤ ᠬᠢᠵᠠᠭᠠᠷᠲᠤ ᠺᠤᠮᠫᠠᠨᠢ ᠵᠢᠨ ᠦᠢᠯᠡᠳᠪᠦᠷᠢ ᠵᠢᠨ ᠲᠠᠰᠤᠭ ᠲᠤ᠌᠎ᠳᠡᠯᠪᠡᠷᠡᠯᠲᠡ᠎ᠡᠭᠦᠰᠴᠦ᠂ ᠬᠡᠳᠦᠨ ᠠᠷᠪᠠᠨ ᠬᠥᠮᠦᠨ ᠡᠨᠳᠡᠵᠦ ᠰᠢᠷᠬᠠᠲᠤᠨ᠂ ᠠᠶᠤᠯ ᠎ᠲᠠᠶ ᠬᠢᠮᠢ᠎ᠶᠢᠨ ᠪᠣᠳᠠᠰ᠎ᠤᠨ ᠠᠵᠤ ᠠᠬᠤᠶ᠋ᠢᠯᠠᠯ᠎ᠤᠨ ᠲᠣᠭᠲᠠᠭᠠᠯ᠎ᠡᠴᠡ ᠵᠥᠷᠢᠴᠡᠨ ᠠᠵᠢᠯᠯᠠᠵᠤ᠂ ᠲᠤᠬᠠᠶ᠎ᠶᠢᠨ ᠲᠠᠯᠠᠪᠠᠶ᠎ᠶᠢᠨ ᠬᠠᠮᠢᠶᠠᠷᠤᠯᠲᠠ ᠡᠷᠦᠶ ᠬᠤᠷᠤᠶ ᠥᠬᠡᠶ᠂ ᠭᠤᠤᠯ ᠴᠣᠭᠴᠠ᠎ᠶᠢᠨ ᠬᠠᠷᠢᠭᠤᠴᠠᠯᠭ᠎ᠠ ᠭᠦᠨᠳᠡᠢᠷᠡᠭᠰᠡᠨ ᠬᠦᠨᠳᠦ ᠨᠣᠴᠢᠲᠠᠶ ᠠᠰᠠᠭᠤᠳᠠᠯ᠎ᠢ ᠢᠯᠡᠷᠡᠭᠦᠯᠪᠡ᠃ 5 ᠰᠠᠷ᠎ᠠ᠎ᠶᠢᠨ 22 ᠤ᠋ᠨ ᠡᠳᠦᠷ᠂ ᠱᠠᠨ ᠰᠢ᠎ᠶᠢᠨ ᠴᠠᠩ ᡁᠢ ᠬᠤᠲᠠ ᠵᠢᠨ ᠴᠢᠨ ᠶᠤᠸᠠᠨ ᠰᠢᠶᠠᠨ᠎ᠤ ᠨᠢᠭᠡᠨ ᠨᠡᠭᠦᠷᠡᠰᠦᠨ ᠠᠭᠤᠷᠬᠠᠢ ᠵᠢᠨ ᠭᠠᠰ ᠳᠡᠯᠪᠡᠷᠡᠭᠰᠡᠨ ᠡᠨᠳᠡᠯ᠎ᠳᠤ  ᠬᠦᠮᠦᠨ ᠬᠠᠷ᠎ᠠ ᠬᠦᠨᠳᠤ ᠶᠡᠬᠡ ᠡᠨᠳᠡᠵᠦ ᠰᠢᠷᠬᠠᠳᠤᠵᠤ᠂ ᠦᠨᠳᠦᠰᠦ ᠰᠤᠷᠪᠤᠯᠵᠢ ᠨᠢ ᠠᠮᠤᠷ ᠲᠦᠪᠰᠢᠨ᠎ᠦ ᠲᠦᠷᠢᠮ᠎ᠢ ᠪᠣᠳᠠᠲᠠᠢ ᠨᠠᠶ᠋ᠢᠳᠠᠪᠤᠷᠢᠵᠢᠭᠤᠯᠤᠭᠰᠠᠨ ᠦᠭᠡᠢ᠂ ᠠᠶᠤᠯ ᠲᠦᠭᠰᠢᠭᠦᠷᠢ᠎ᠶᠢ ᠬᠢᠨᠠᠨ ᠬᠡᠮᠵᠢᠬᠦ᠌ ᠪᠠ ᠰᠠᠯᠬᠢ ᠨᠡᠪᠲᠡᠷᠡᠭᠦᠯᠬᠦ᠌ ᠵᠠᠰᠠᠯᠲᠠ᠎ᠳᠤ ᠬᠦᠨᠳᠦ ᠶᠡᠬᠡ ᠳᠤᠲᠠᠭᠳᠠᠯ ᠣᠷᠣᠰᠢᠵᠤ ᠪᠠᠶ᠋ᠢᠬᠤ᠎ᠡᠴᠡ ᠪᠣᠯᠵᠠᠢ᠃

ᠲᠦᠮᠡᠨ ᠭᠠᠵᠠᠷ᠎ᠤᠨ ᠤᠷᠲᠤ ᠲᠠᠯᠠᠩ ᠲᠡᠪᠡᠨᠡ ᠵᠢᠨ ᠴᠢᠨᠡᠭᠡᠨ ᠨᠦᠬᠡᠨ ᠡᠴᠡ ᠨᠤᠷᠠᠨ᠎ᠠ᠃ ᠡᠳᠡᠭᠡᠷ ᠡᠨᠳᠡᠯ ᠨᠢ ᠴᠥᠮ ᠭᠡᠨᠡᠳᠲᠡ᠎ᠶᠢᠨ ᠬᠡᠷᠡᠭ ᠪᠢᠰᠢ᠂ ᠬᠠᠷᠢᠨ ᠠᠵᠠ ᠬᠠᠷᠠᠬᠤ ᠪᠣᠳᠣᠯ᠂ ᠲᠦᠷᠢᠮ᠎ᠡᠴᠡ ᠵᠥᠷᠢᠴᠡᠨ ᠠᠵᠢᠯᠯᠠᠭᠰᠠᠨ᠂ ᠬᠢᠨᠠᠯᠲᠠ ᠬᠠᠮᠢᠶᠠᠷᠤᠯᠲᠠ ᠳᠤᠲᠠᠭᠳᠠᠵᠤ᠂ ᠡᠨᠳᠡᠯ ᠎ᠤ᠋ᠨ ᠭᠡᠮ ᠡᠳᠦᠷ ᠤᠳᠠᠭᠠᠨ᠎ᠳᠠᠭᠠᠨ ᠬᠤᠷᠠᠮᠳᠤᠭᠰᠠᠨ᠎ᠤ ᠵᠠᠶ᠋ᠢᠯᠠᠰᠢ ᠥᠬᠡᠶ ᠦᠷ᠎ᠡ ᠳ᠋ᠦᠩ ᠮᠥᠨ᠃ ᠵᠠᠷᠢᠮ ᠠᠵᠤ ᠠᠬᠤᠶ᠋ᠢᠯᠠᠯ ᠦᠷ᠎ᠡ ᠠᠰᠢᠭ᠎ᠢ ᠴᠢᠬᠤᠯᠠᠴᠢᠯᠠᠨ᠂ ᠠᠮᠤᠷ ᠲᠦᠪᠰᠢᠨ᠎ᠢ ᠬᠥᠩᠭᠡᠪᠴᠢᠯᠡᠵᠦ᠍᠂ ᠳᠦᠷᠢᠮ ᠲᠣᠭᠲᠠᠭᠠᠯ ᠎ᠢ 《ᠦᠵᠡᠮᠦᠷᠢ》 ᠪᠣᠯᠭᠠᠨ ᠲᠠᠯᠪᠢᠳᠠᠭ; ᠬᠡᠰᠡᠭ ᠠᠵᠢᠯᠲᠠᠳ ᠲᠠᠶ᠋ᠢᠪᠤᠰᠢᠷᠠᠨ ᠠᠯᠮᠠᠢᠷᠠᠵᠤ᠂ ᠵᠢᠵᠢᠭ ᠶᠠᠪᠤᠳᠠᠯ ᠬᠡᠮᠡᠨ ᠣᠮᠲᠣᠭᠠᠶ᠋ᠢᠯᠠᠵᠤ᠂ ᠡᠴᠦᠰ᠎ᠲᠡᠬᠡᠨ ᠪᠠᠭ᠎ᠠ ᠬᠡᠮ ᠰᠣᠭᠣᠭ ᠨᠢ ᠶᠡᠬᠡ ᠭᠠᠢ ᠭᠠᠮᠰᠢᠭ᠎ᠢ ᠪᠤᠢ ᠪᠣᠯᠭᠠᠪᠠ᠃ ᠠᠵᠤ ᠠᠬᠤᠢ᠎ᠶᠢᠨ ᠬᠣᠬᠢᠷᠠᠯ᠎ᠢ ᠨᠥᠬᠥᠪᠥᠷᠢᠯᠡᠵᠦ᠍ ᠲᠡᠢᠯᠬᠦ ᠪᠤᠯᠪᠠᠴᠤ ᠠᠮᠢ ᠨᠠᠰᠤ᠎ᠶᠢ ᠳᠠᠬᠢᠨ ᠵᠠᠶᠠᠭᠠᠬᠤ ᠪᠤᠯᠤᠯᠴᠠᠭ᠎ᠠ ᠠᠯᠠᠭ᠎ᠠ᠂ ᠬᠠᠭᠠᠴᠠᠭᠰᠠᠨ ᠭᠡᠷ ᠪᠦᠯᠢ ᠡᠯᠢᠭᠡ ᠪᠦᠲᠦᠨ ᠪᠤᠯᠬᠤ ᠵᠢᠨ ᠠᠷᠭ᠎ᠠ ᠦᠭᠡᠢ ᠶᠤᠮ᠂ ᠡᠷᠡᠭᠦᠯ ᠮᠡᠨᠲᠤ ᠠᠮᠢ ᠨᠠᠰᠤ ᠪᠡᠷ ᠦᠷᠡᠭᠳᠡᠯ ᠪᠤᠯᠭᠠᠭᠰᠠᠨ GDP ᠵᠢ ᠡᠷᠡᠰ ᠲᠡᠪᠴᠢᠬᠦ ᠬᠡᠷᠡᠭᠲᠡᠢ᠃

ᠶᠡᠷᠦᠩᠬᠡᠢ ᠱᠦᠵᠢ ᠰᠢ ᠵᠢᠨ ᠫᠢᠩ᠂ ᠬᠥᠭᠵᠢᠯᠲᠡ ᠨᠢ ᠶᠠᠭᠠᠬᠢᠭᠰᠠᠨ ᠴᠤ᠌ ᠬᠥᠮᠦᠨ᠎ᠦ ᠠᠮᠢ ᠨᠠᠰᠤ᠎ᠶᠢ ᠦᠷᠡᠭᠳᠡᠭᠦᠯᠬᠦ᠌᠎ᠪᠡᠷ ᠦᠨ᠎ᠡ ᠲᠥᠯᠥᠪᠦᠷᠢ ᠪᠣᠯᠭᠠᠵᠤ ᠪᠣᠯᠬᠤ ᠦᠭᠡᠢ᠃ ᠡᠭᠦᠨ᠎ᠢ ᠡᠷᠬᠡᠪᠰᠢ ᠳᠠᠪᠠᠵᠤ ᠪᠣᠯᠤᠰᠢ ᠦᠭᠡᠢ ᠤᠯᠠᠭᠠᠨ ᠱᠤᠭᠤᠮ ᠪᠣᠯᠭᠠᠬᠤ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶᠢ ᠳᠡᠭᠡᠳᠦᠯᠡᠬᠦ᠌᠎ᠶᠢ ᠪᠠᠷᠢᠮᠲᠠᠯᠠᠵᠤ᠂ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ᠌ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠎ᠢ ᠪᠣᠳᠠᠲᠠᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠡᠨᠡ ᠵᠢᠯ᠎ᠦᠨ 6 ᠰᠠᠷ᠎ᠠ᠎ᠡᠴᠡ ᠡᠬᠢᠯᠡᠨ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ ᠎ᠤᠨ ᠵᠣᠬᠢᠶᠠᠨ ᠪᠠᠶ᠋ᠢᠭᠤᠯᠤᠭᠰᠠᠨ 2026 ᠣᠨ᠎ᠤ ᠲᠥᠪ᠎ᠦᠨ ᠠᠶᠤᠯᠭᠦᠢ ᠦᠢᠯᠡᠳᠪᠦᠷᠢᠯᠡᠯ ᠎ᠦᠨ ᠰᠢᠯᠭᠠᠨ ᠪᠠᠶ᠋ᠢᠴᠠᠭᠠᠯᠲᠠ ᠲᠣᠭᠣᠷᠢᠨ ᠪᠠᠶ᠋ᠢᠴᠠᠭᠠᠯᠲᠠ᠎ᠶᠢᠨ ᠳᠤᠭᠤᠶ᠋ᠢᠯᠠᠩ᠎ᠤᠨ ᠬᠢᠨ ᠵᠠᠯᠭᠠᠭ᠎ᠠ᠎ᠪᠠᠷ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠣᠯᠤᠨ ᠰᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠶ᠋ᠢᠭᠤᠯᠤᠯᠲᠠ᠎ᠶᠢᠨ ᠪᠢᠩᠲ᠋ᠤᠸᠠᠨ ᠎ᠳᠤ ᠣᠷᠣᠵᠤ ᠰᠠᠭᠤᠨ᠂ ᠦᠨᠳᠦᠰᠦᠨ ᠱᠠᠲᠤᠨ᠎ᠳᠤ ᠰᠢᠭᠤᠳ ᠭᠦᠨᠵᠡᠭᠡᠢᠷᠡᠵᠦ᠂ ᠲᠤᠬᠠᠶ᠎ᠶᠢᠨ ᠲᠠᠯᠠᠪᠠᠢ᠎ᠳᠤ ᠰᠢᠭᠤᠳ ᠬᠦᠷᠴᠦ᠍᠂ ᠣᠲᠣᠬᠠᠨ᠎ᠳᠤ ᠶᠠᠭ ᠬᠣᠶᠠᠷ ᠭᠤᠷᠪᠠᠳᠤᠭᠠᠷ ᠤᠯᠠᠷᠢᠯ᠎ᠤᠨ ᠢᠯᠡ᠎ᠪᠡᠷ ᠪᠠᠶ᠋ᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ᠎ᠢ ᠥᠷᠨᠢᠭᠦᠯᠵᠦ᠍ ᠪᠠᠶ᠋ᠢᠨ᠎ᠠ᠃

ᠠᠮᠤᠷ ᠲᠦᠪᠰᠢᠨ᠎ᠳᠦ ᠬᠦᠨᠳᠡᠯᠡᠨ᠎ᠡᠴᠡ ᠬᠠᠷᠠᠭᠴᠢ ᠭᠡᠵᠦ ᠥᠬᠡᠶ᠂ ᠠᠶᠤᠯᠭᠦᠶ ᠦᠢᠯᠡᠳᠪᠦᠷᠢᠯᠡᠯ᠎ᠳᠦ ᠬᠥᠮᠦᠨ ᠪᠦᠬᠦᠨ ᠬᠠᠷᠢᠭᠤᠴᠠᠯᠭ᠎ᠠ᠎ᠲᠠᠶ᠂ ᠱᠠᠲᠤ᠌ ᠪᠤᠯᠭᠠᠨ ᠬᠠᠷᠢᠭᠤᠴᠠᠯᠭ᠎ᠠ᠎ᠲᠠᠶ᠃ ᠠᠵᠤ ᠠᠬᠤᠶ᠋ᠢᠯᠠᠯ ᠭᠤᠤᠯ ᠴᠣᠭᠴᠠ᠎ᠶᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠬᠢᠨᠠᠨ ᠬᠠᠮᠢᠶᠠᠷᠬᠤ  ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠠᠵᠢᠯᠲᠡᠨ ᠨᠢᠭᠡ ᠪᠦᠷᠢ ᠠᠵᠢᠯ᠎ᠤᠨ ᠪᠠᠶ᠋ᠢᠷᠢ᠎ᠶᠢᠨ ᠬᠠᠷᠢᠭᠤᠴᠠᠯᠭ᠎ᠠ᠎ᠪᠠᠨ ᠪᠠᠲᠤ᠌ ᠰᠠᠬᠢᠬᠤ ᠬᠡᠷᠡᠭᠲᠡᠢ᠃ ᠪᠦᠷᠢᠨ ᠪᠦᠲᠦᠨ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠪᠠᠶ᠋ᠢᠭᠤᠯᠵᠤ᠂《ᠭᠤᠷᠪᠠ᠎ᠶᠢ ᠬᠠᠮᠢᠶᠠᠷᠬᠤ ᠭᠤᠷᠪᠠᠨ ᠡᠷᠬᠡᠪᠰᠢ》ᠵᠢᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂᠎ᠠᠮᠤᠷ ᠲᠦᠪᠰᠢᠨ᠎ᠦ ᠲᠦᠷᠢᠮ᠎ᠢ ᠴᠢᠩᠭ᠎ᠠ ᠬᠡᠷᠡᠭᠵᠢᠭᠦᠯᠵᠦ᠍᠂ ᠬᠡᠮ ᠰᠣᠭᠣᠭ ᠎ᠢ ᠵᠢᠭᠰᠠᠭᠠᠨ ᠪᠠᠶ᠋ᠢᠴᠠᠭᠠᠬᠤ᠎ᠶᠢ ᠪᠠᠶ᠋ᠢᠩᠭᠤᠵᠢᠭᠤᠯᠤᠨ ᠥᠷᠨᠢᠭᠦᠯᠵᠦ᠍᠂ ᠠᠮᠤᠷ ᠲᠦᠪᠰᠢᠨ ᠎ᠦ ᠬᠥᠮᠦᠵᠢᠯ ᠪᠣᠯᠪᠠᠰᠤᠷᠠᠯ᠎ᠢ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠨ ᠰᠢᠢᠳᠪᠦᠷᠢᠯᠡᠬᠦ᠌ ᠤᠷ᠎ᠠ ᠴᠢᠳᠠᠪᠤᠷᠢ᠎ᠶᠢ ᠪᠣᠯᠪᠠᠰᠤᠷᠠᠩᠭᠤᠶ ᠡᠵᠡᠮᠰᠢᠵᠦ᠍᠂ ᠬᠡᠷᠡᠭ ᠭᠠᠷᠬᠤ ᠡᠴᠡ ᠡᠮᠦᠨ᠎ᠡ ᠰᠡᠷᠭᠡᠢᠯᠡᠵᠦ᠂ ᠬᠡᠷᠡᠮ ᠨᠤᠷᠠᠬᠤ ᠡᠴᠡ ᠤᠷᠢᠳ ᠵᠠᠰᠠᠬᠤ ᠬᠡᠷᠡᠭᠲᠡᠢ᠃

ᠠᠶᠤᠯᠭᠦᠶ ᠦᠢᠯᠡᠳᠪᠦᠷᠢᠯᠡᠯ᠎ᠳᠦ ᠠᠮᠢᠰᠬᠤᠭ᠎ᠠ ᠠᠪᠬᠤ ᠴᠢᠯᠦᠭᠡ ᠦᠭᠡᠢ᠂ ᠬᠣᠷᠣᠮᠬᠠᠨ ᠵᠠᠭᠤᠷ᠎ᠠ ᠴᠤ᠌ ᠰᠤᠯᠠᠷᠠᠭᠤᠯᠵᠤ ᠪᠣᠯᠬᠤ ᠦᠭᠡᠢ᠃ ᠪᠢᠳᠡ ᠪᠢᠰᠢᠷᠡᠨ ᠵᠢᠷᠦᠬᠡᠰᠢᠶᠡᠬᠦ᠌ ᠰᠡᠳᠬᠢᠯᠭᠡ᠎ᠪᠡᠨ ᠴᠠᠭ ᠢᠮᠠᠭᠲᠠ ᠪᠠᠲᠤᠯᠠᠵᠤ᠂  ᠴᠢᠩᠭ᠎ᠠ ᠪᠣᠳᠠᠲᠠᠢ ᠠᠵᠢᠯ᠎ᠤᠨ ᠰᠤᠷᠲᠠᠯ᠎ᠢᠶᠠᠷ ᠡᠯ᠎ᠡ ᠵᠦᠢᠯ᠎ᠦᠨ ᠠᠮᠤᠷ ᠲᠦᠪᠰᠢᠨ᠎ᠦ ᠠᠷᠭ᠎ᠠ ᠬᠡᠮᠵᠢᠢ᠎ᠡ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠩᠭᠠᠯᠠᠵᠤ᠂ ᠱᠠᠳᠤ ᠱᠠᠳᠤ ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠥᠮᠦᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠵᠦ᠍᠂ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠲᠣᠣᠷ᠎ᠢ ᠨᠢᠭᠲᠠ ᠰᠦᠯᠵᠢᠪᠡᠯ ᠰᠠᠶᠢ ᠡᠯ᠎ᠡ ᠲᠦᠷᠦᠯ᠎ᠦᠨ ᠠᠮᠤᠷ ᠲᠦᠪᠰᠢᠨ᠎ᠦ ᠡᠨᠳᠡᠯ᠎ᠢ ᠰᠡᠷᠭᠡᠶ᠋ᠢᠯᠡᠵᠦ᠍᠂ ᠠᠮᠤᠷ ᠲᠣᠭᠲᠠᠭᠤᠨ ᠣᠷᠴᠢᠨ ᠨᠦᠭᠦᠴᠡᠯ᠎ᠢᠶᠡᠷ ᠦᠢᠯᠡᠳᠪᠦᠷᠢᠯᠡᠯ᠎ᠢ ᠡᠮᠬᠢ ᠵᠢᠷᠤᠮ᠎ᠲᠠᠶ ᠠᠬᠢᠭᠤᠯᠬᠤ᠎ᠶᠢ ᠪᠠᠲᠤᠯᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号