ᠳᠤᠮᠳᠠᠳᠤ ᠮᠣᠩᠭᠤᠯ ᠎ᠤᠨ ᠭᠡᠷ ᠪᠦᠯᠢ ᠎ᠶ᠋ᠢᠨ ᠰᠣᠯᠢᠯᠴᠠᠭ᠎ᠠ ᠬᠢᠵᠦ᠍ ᠬᠠᠷᠢᠯᠴᠠᠨ ᠠᠶ᠋ᠢᠯᠴᠢᠯᠠᠬᠤ ᠠᠵᠢᠯᠯᠠᠭ᠎ᠠ ᠶᠠᠪᠤᠭᠳᠠᠪᠠ
2026-08-15 12:00:19
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠥᠪᠦᠷ ᠮᠣᠩᠭᠤᠯ ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠡᠴᠡ ᠤᠢᠯᠠᠭᠠᠭᠰᠠᠨ ᠵᠢᠡᠷ᠂ 8 ᠰᠠᠷ᠎ᠠ᠎ᠶ᠋ᠢᠨ 3 — 6 ᠎ᠤ᠋ ᠡᠳᠦᠷ ᠪᠣᠯᠲᠠᠯ᠎ᠠ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠡᠴᠡ《ᠬᠠᠮᠤᠭ᠎ᠤᠨ ᠭᠤᠶᠤ ᠭᠡᠷ ᠪᠦᠯᠢ》᠂《ᠲᠠᠪᠤᠨ ᠰᠠᠶ᠋ᠢᠨᠲᠠᠢ ᠭᠡᠷ ᠪᠦᠯᠢ》᠂ 《ᠬᠠᠪᠤᠷ ᠎ᠤᠨ ᠴᠣᠮᠤᠷᠯᠢᠭ ᠡᠮᠡᠭᠲᠡᠶ᠋ᠢᠴᠦᠳ ᠬᠡᠦᠬᠡᠳ》 ᠤ᠋ᠨ ᠭᠡᠷ ᠪᠦᠯᠢ᠎ᠵᠢᠨ ᠬᠢᠨ ᠵᠢᠡᠷ ᠪᠦᠷᠢᠯᠳᠦᠭᠰᠡᠨ 31 ᠬᠥᠮᠦᠨ ᠎ᠢ  ᠵᠤᠬᠢᠶᠠᠨ ᠪᠠᠢᠭᠤᠯᠵᠤ᠂ 10 ᠲᠤᠭᠤᠢᠯᠠᠩ ᠬᠤᠪᠢᠶᠠᠨ ᠮᠤᠩᠭᠤᠯ ᠤᠯᠤᠰ ᠎ᠤᠨ ᠤᠯᠠᠭᠠᠨᠪᠠᠭᠠᠲᠤᠷ ᠬᠤᠲᠠ᠎ᠳᠤ ᠬᠦᠷᠴᠦ᠍᠂  ᠳᠤᠮᠳᠠᠳᠤ ᠮᠣᠩᠭᠤᠯ᠎ᠤᠨ ᠭᠡᠷ ᠪᠦᠯᠢ᠎ᠶ᠋ᠢᠨ ᠰᠣᠯᠢᠯᠴᠠᠭ᠎ᠠ ᠬᠢᠵᠦ᠍ ᠬᠠᠷᠢᠯᠴᠠᠨ ᠠᠶ᠋ᠢᠯᠴᠢᠯᠠᠬᠤ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ᠎ᠶ᠋ᠢᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠤᠨ ᠎ᠤ ᠡᠮᠡᠭᠲᠡᠶ᠋ᠢᠴᠦᠳ᠎ᠤᠨ ᠬᠤᠯᠪᠤᠭ᠎ᠠ ᠬᠢᠭᠡᠳ ᠮᠣᠩᠭᠤᠯ ᠤᠯᠤᠰ᠎ᠤᠨ ᠡᠮᠡᠭᠲᠡᠶ᠋ᠢᠴᠦᠳ᠎ᠤᠨ ᠬᠤᠯᠪᠤᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ᠃  ᠬᠤᠶᠠᠷ ᠲᠠᠯ᠎ᠠ ᠎ᠪᠠᠷ ᠎ᠢᠶᠠᠨ ᠬᠠᠮᠲᠤᠷᠠᠯᠴᠠᠭᠠᠨ᠎ᠤ ᠠᠭᠤᠯᠤᠭᠳᠠᠬᠤᠨ᠎ᠵᠢᠡᠨ ᠴᠢᠨᠠᠭᠰᠢᠳᠠ ᠪᠠᠶᠠᠯᠢᠭᠵᠢᠭᠤᠯᠵᠤ᠂ ᠭᠡᠷ ᠪᠦᠯᠢ ᠎ᠶ᠋ᠢᠨ ᠬᠤᠭᠤᠷᠤᠨᠳᠤᠬᠢ ᠬᠠᠷᠢᠯᠴᠠᠨ ᠠᠶ᠋ᠢᠯᠴᠢᠯᠠᠨ ᠰᠣᠯᠢᠯᠴᠠᠬᠤ  ᠪᠠᠢᠩᠭᠤ  ᠵᠢᠨ ᠲᠣᠭᠲᠠᠴᠠ ᠎ᠶ᠋ᠢ ᠰᠦᠪᠡᠭᠴᠢᠯᠡᠨ ᠪᠠᠶ᠋ᠢᠭᠤᠯᠬᠤ ᠲᠤᠬᠠᠢ ᠬᠠᠮᠲᠤ᠎ᠶ᠋ᠢᠨ ᠲᠠᠨᠢᠯᠲᠠ᠎ᠲᠠᠢ ᠪᠣᠯᠵᠠᠢ᠃ ᠶᠠᠷᠢᠯᠴᠠᠬᠤ ᠬᠤᠷᠠᠯ ᠳᠡᠭᠡᠷ᠎ᠡ ᠬᠤᠶᠠᠷ ᠤᠯᠤᠰ᠎ᠤᠨ ᠭᠡᠷ ᠪᠦᠯᠢ᠎ᠶ᠋ᠢᠨ ᠲᠥᠯᠦᠭᠡᠯᠡᠭᠴᠢ ᠭᠡᠷ᠎ᠤᠨ ᠬᠦᠮᠦᠵᠢᠯ ᠭᠡᠷ᠎ᠤᠨ ᠰᠤᠷᠲᠠᠯ᠎ᠢ ᠤᠯᠠᠮᠵᠢᠯᠠᠨ ᠪᠠᠳᠠᠷᠠᠭᠤᠯᠬᠤ ᠵᠡᠷᠭᠡ ᠭᠤᠤᠯ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠠᠢ᠃ ᠣᠷᠳᠤᠰ ᠬᠤᠲᠠ ᠎ᠶ᠋ᠢᠨ ᠳᠠᠯᠠᠳ ᠬᠤᠰᠢᠭᠤᠨ ᠎ᠠᠴᠠ ᠢᠷᠡᠭᠰᠡᠨ 《ᠪᠥᠬᠦ᠌ ᠤᠯᠤᠰ᠎ᠤᠨ ᠬᠠᠮᠤᠭ᠎ᠤᠨ ᠭᠤᠶᠤ ᠬᠡᠷ ᠪᠦᠯᠢ》 ᠶ᠋ᠢᠨ ᠲᠥᠯᠦᠭᠡᠯᠡᠭᠴᠢ ᠯᠢᠶᠠᠩ ᠠᠢ ᠯᠢ  ᠠᠷᠪᠠᠨ ᠲᠠᠪᠤᠨ ᠵᠢᠯ ᠨᠠᠰᠤᠲᠠᠶ᠋ᠢᠴᠤᠳ ᠎ᠤᠨ ᠨᠡᠶ᠋ᠢᠲᠡ᠎ᠶ᠋ᠢᠨ ᠪᠠᠶ᠋ᠢᠷᠢ ᠡᠵᠡᠩᠨᠡᠵᠦ᠍᠂ ᠨᠠᠰᠤᠲᠠᠨ᠎ᠢᠶᠠᠨ ᠠᠴᠢᠯᠠᠬᠤ᠂ ᠲᠥᠷᠦᠯ ᠰᠠᠳᠤᠨ ᠵᠢᠨᠨ ᠬᠠᠶ᠋ᠢᠷᠠᠯᠠᠬᠤ ᠡᠳᠦᠷ ᠲᠤᠲᠤᠮ ᠎ᠤᠨ ᠦᠯᠢᠭᠡᠷ᠎ᠢᠶᠠᠨ ᠬᠤᠪᠢᠶᠠᠯᠴᠠᠵᠤ᠂ ᠲᠤᠬᠠᠢ ᠵᠢᠨ ᠲᠠᠯᠠᠪᠠᠢ ᠵᠢᠨ ᠬᠦᠮᠦᠰ ᠎ᠢ ᠳᠣᠭᠳᠤᠯᠤᠭᠤᠯᠪᠠ᠃

ᠤᠯᠤᠰ᠎ᠤᠨ ᠡᠬᠦᠳᠡᠨ᠎ᠠᠴᠠ ᠭᠠᠷᠤᠭᠰᠠᠨ ᠥᠩᠭᠡᠷᠡᠯᠲᠡ᠎ᠨᠢ ᠭᠡᠷ ᠪᠦᠯᠢ ᠨᠢᠭᠡᠪᠦᠷᠢ᠎ᠳᠦ ᠴᠦᠮ  ᠭᠦᠨ ᠲᠥᠷᠦᠭᠳᠡᠯ᠎ᠦᠯᠡᠳᠡᠭᠡᠭᠰᠡᠨ ᠪᠠᠢᠯ᠎ᠠ᠃ ᠪᠤᠭᠤᠲᠤ᠌ ᠬᠣᠲᠠ᠎ᠠᠴᠠ ᠢᠷᠡᠭᠰᠡᠨ ᠭᠤᠤ ᠵᠢᠩ ᠰᠢᠤᠸᠠᠨ ᠪᠢᠴᠢᠬᠠᠨ ᠨᠠᠢᠵᠢ ᠡᠨᠡ ᠤᠳᠠᠭ᠎ᠠ ᠭᠠᠳᠠᠭᠰᠢ ᠭᠠᠷᠤᠭᠠᠳ ᠨᠡᠩ ᠶᠡᠬᠡ ᠶᠢᠷᠲᠢᠨᠴᠦ᠎ᠶ᠋ᠢ ᠬᠠᠷᠠᠵᠤ᠂ ᠨᠡᠩ ᠤᠯᠠᠨ ᠮᠡᠳᠡᠯᠭᠡ ᠰᠤᠷᠤᠬᠰᠠᠨ ᠮᠦᠷᠳᠡᠭᠡᠨ ᠬᠠᠷᠢ ᠤᠯᠤᠰ᠎ᠤᠨ ᠨᠠᠢᠵᠢ ᠨᠦᠬᠦᠳ ᠲᠠᠢ ᠪᠣᠯᠵᠠᠢ ᠭᠡᠪᠡ᠃ ᠰᠢᠯᠢ᠎ᠶ᠋ᠢᠨ ᠭᠤᠤᠯ ᠠᠶ᠋ᠢᠮᠠᠭ᠎ᠠᠴᠠ ᠢᠷᠡᠭᠰᠡᠨ ᠥᠪᠡᠷᠲᠡᠭᠡᠨ ᠵᠠᠰᠠᠬᠤ ᠣᠷᠤᠨ᠎ᠤ ᠬᠠᠮᠤᠭ᠎ᠤᠨ ᠭᠤᠶᠤ ᠭᠡᠷ ᠪᠦᠯᠢ᠎ᠶ᠋ᠢᠨ ᠲᠥᠯᠦᠭᠡᠯᠡᠭᠴᠢ ᠴᠢᠯᠠᠭᠤᠨᠴᠡᠴᠡᠭ ᠮᠠᠯᠵᠢᠬᠤ ᠣᠷᠤᠨ᠎ᠠᠴᠠ ᠢᠷᠡᠭᠰᠡᠨ ᠦᠨᠳᠦᠰᠦᠨ ᠱᠠᠲᠤᠨ᠎ᠤ ᠡᠮᠡᠭᠲᠡᠢ ᠺᠠᠳ᠋ᠷ ᠪᠣᠯᠤᠭᠰᠠᠨ᠎ᠤ ᠬᠤᠪᠢ᠎ᠳᠤ ᠬᠡᠷ ᠪᠦᠯᠢ ᠵᠢᠨ ᠲᠦᠯᠦᠭᠡᠯᠡᠭᠴᠢ ᠪᠡᠷ ᠤᠯᠤᠰ᠎ᠤᠨ ᠡᠭᠦᠳᠡᠨ᠎ᠠᠴᠠ ᠭᠠᠷᠤᠬᠰᠠᠨ ᠳ᠋ᠠᠭᠠᠨ ᠮᠠᠰᠢ ᠣᠮᠤᠭᠰᠢᠵᠤ ᠪᠠᠢᠨ᠎ᠠ᠂ ᠤᠯᠠᠭᠠᠨᠪᠠᠭᠠᠲᠤᠷ ᠬᠤᠳᠠ ᠵᠢᠨ ᠨᠡᠶ᠋ᠢᠭᠡᠮ ᠲᠣᠭᠤᠷᠢᠭ ᠪᠣᠯᠤᠨ ᠰᠤᠷᠭᠠᠭᠤᠯᠢ ᠨᠤᠭᠤᠳ ᠡᠴᠡ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠪᠠᠶ᠋ᠢᠳᠠᠯ᠎ᠢ ᠤᠢᠯᠠᠭᠠᠵᠤ᠂ ᠤᠯᠠᠨ ᠰᠠᠶ᠋ᠢᠨ ᠲᠤᠷᠰᠢᠯᠭ᠎ᠠ ᠵᠢ ᠰᠤᠷᠤᠯᠴᠠᠯ᠎ᠠ᠂ ᠡᠳᠡᠭᠡᠷ ᠤᠯᠤᠯᠳᠠ ᠲᠦᠷᠦᠭᠳᠡᠯ ᠵᠢᠡᠨ ᠨᠤᠳᠤᠭ᠎ᠲᠠᠭᠠᠨ ᠤᠯᠠᠮᠵᠢᠯᠠᠵᠤ᠂ ᠨᠡᠩ  ᠤᠯᠠᠨ ᠡᠭᠡᠴᠢ  ᠳᠡᠭᠦᠦ ᠨᠠᠷ ᠵᠢᠡᠨ ᠳᠠᠭᠠᠭᠤᠯᠤᠨ ᠬᠠᠮᠲᠤ᠎ᠪᠠᠷ ᠭᠡᠷ ᠪᠦᠯᠢ᠎ᠶ᠋ᠢᠨ ᠪᠠᠶ᠋ᠢᠭᠤᠯᠤᠯᠲᠠ ᠪᠣᠯᠤᠨ ᠡᠮᠡᠭᠲᠡᠶ᠋ᠢᠴᠦᠳ᠎ᠤᠨ ᠠᠵᠢᠯ ᠎ᠢ ᠨᠡᠩ ᠰᠠᠶ᠋ᠢᠨ ᠬᠢᠨ᠎ᠡ ᠭᠡᠵᠡᠢ᠃

ᠲᠥᠯᠦᠭᠡᠯᠡᠭᠴᠢᠳ᠎ᠦᠨ ᠪᠦᠯᠬᠦᠮ᠎ᠤᠨ ᠬᠢᠨ ᠪᠠᠰᠠ ᠮᠣᠩᠭᠤᠯ ᠤᠯᠤᠰ᠎ᠤᠨ ᠤᠯᠤᠰ᠎ᠤᠨ ᠰᠣᠶᠤᠯ᠎ᠤᠨ ᠴᠡᠴᠡᠷᠯᠢᠭ ᠵᠢᠡᠷ ᠲᠣᠭᠤᠷᠢᠨ ᠦᠵᠡᠵᠦ᠍᠂ 《ᠨᠢᠭᠡ ᠪᠦᠰᠡ ᠨᠢᠭᠡ ᠵᠠᠮ 》 ᠲᠠᠭᠠᠤ ᠤᠯᠤᠰ᠎ᠤᠳ ᠎ᠤᠨ ᠬᠠᠢᠷ᠎ᠠ ᠰᠡᠳᠭᠢᠯᠭᠡ᠎ᠶ᠋ᠢᠨ ᠨᠡᠪᠳᠡᠷᠡᠯᠴᠡᠭᠡ ᠪᠠ ᠰᠣᠶᠤᠯ᠎ᠤᠨ ᠬᠠᠷᠢᠯᠴᠠᠨ ᠲᠣᠯᠢᠳᠠᠬᠤ᠎ᠶ᠋ᠢ ᠠᠬᠢᠭᠤᠯᠪᠠ᠃ ᠤᠯᠠᠭᠠᠨᠪᠠᠭᠠᠲᠤᠷ ᠬᠣᠲᠠ ᠵᠢᠨ ᠵᠢᠱ᠌ᠢᠶ᠎ᠡ ᠦᠵᠡᠭᠦᠯᠬᠦ᠌ ᠨᠡᠢᠭᠡᠮ ᠲᠣᠭᠤᠷᠢᠭ᠎ᠲᠤ᠌ ᠲᠤᠬᠠᠢ᠎ᠶ᠋ᠢᠨ ᠭᠠᠵᠠᠷ᠎ᠤᠨ ᠨᠡᠢᠭᠡᠮ ᠲᠣᠭᠤᠷᠢᠭ᠎ᠤᠨ ᠠᠵᠢᠯᠲᠠᠨ ᠪᠣᠯᠤᠨ ᠰᠠᠭᠤᠭᠠᠯᠢ ᠠᠷᠠᠳ᠎ᠲᠠᠢ ᠭᠡᠷ᠎ᠦᠨ ᠰᠤᠷᠲᠠᠯ᠎ᠤᠨ ᠪᠠᠢᠭᠤᠯᠤᠯᠲᠠ ᠵᠢᠴᠢ ᠨᠦᠬᠦᠷᠰᠡᠭ ᠬᠥᠷᠰᠢ ᠵᠢᠨ ᠬᠠᠷᠢᠯᠴᠠᠨ ᠬᠠᠪᠰᠤᠷᠤᠯᠴᠠᠬᠤ ᠵᠡᠷᠭᠡ ᠦᠢᠯᠡᠳᠦᠯᠭᠡ᠎ᠶ᠋ᠢᠨ ᠲᠤᠷᠰᠢᠯᠭ᠎ᠠ ᠪᠡᠨ ᠰᠤᠯᠢᠯᠴᠠᠪᠠ; ᠮᠣᠩᠭᠤᠯ ᠤᠯᠤᠰ᠎ᠤᠨ ᠴᠡᠭᠡᠵᠢᠯᠡᠬᠦ᠌ ᠴᠢᠳᠠᠪᠤᠷᠢ᠎ᠶ᠋ᠢᠨ ᠳᠡᠭᠡᠳᠦ ᠰᠤᠷᠭᠠᠭᠤᠯᠢ᠎ᠳᠤ   ᠬᠡᠦᠬᠡᠳ᠎ᠦᠨ ᠣᠶᠤᠨ ᠴᠢᠳᠠᠪᠤᠷᠢ᠎ᠶ᠋ᠢ ᠨᠡᠭᠡᠭᠡᠨ ᠬᠥᠭᠵᠢᠭᠦᠯᠬᠦ᠌ ᠬᠦᠷᠢᠶᠡᠨ᠎ᠳᠡᠬᠢ ᠰᠢᠨ᠎ᠡ ᠦᠷ᠎ᠡ ᠪᠦᠲᠦᠭᠡᠯ᠎ᠢ ᠣᠢᠯᠠᠭᠠᠪᠠ; ᠨᠠᠷᠠᠯᠠᠬ ᠬᠡᠦᠬᠡᠳ᠎ᠤᠨ ᠰᠤᠳᠤᠯᠤᠨ ᠰᠤᠷᠤᠯᠴᠠᠬᠤ ᠰᠠᠭᠤᠷᠢᠨ᠎ᠳᠤ ᠮᠣᠩᠭᠤᠯ ᠤᠯᠤᠰ᠎ᠤᠨ ᠬᠡᠦᠬᠡᠳ᠎ᠲᠠᠢ ᠰᠠᠨᠠᠯ᠎ᠢᠶᠠᠨ ᠰᠣᠯᠢᠯᠴᠠᠵᠤ᠂  ᠨᠥᠬᠦᠷᠯᠡᠯ᠎ᠤᠨ ᠦᠷ᠎ᠡ᠎ᠶ᠋ᠢ ᠰᠠᠴᠤᠪᠠ᠃

ᠲᠣᠰ ᠤᠳᠠᠭᠠᠨ ᠎ᠤ  ᠲᠤᠮᠳᠠᠳᠤ ᠮᠤᠩᠭᠤᠯ᠎ᠤᠨ ᠭᠡᠷ ᠪᠦᠯᠢ᠎ᠶ᠋ᠢᠨ ᠰᠣᠯᠢᠯᠴᠠᠭ᠎ᠠ ᠬᠢᠵᠦ᠍ ᠬᠠᠷᠢᠯᠴᠠᠨ ᠠᠢᠯᠴᠢᠯᠠᠬᠤ ᠠᠵᠢᠯᠯᠠᠭ᠎ᠠ ᠪᠤᠯ ᠥᠪᠦᠷ ᠮᠣᠩᠭᠤᠯ ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠵᠢᠨ ᠤᠯᠤᠰ ᠎ᠤᠨ ᠤᠮᠠᠷᠠᠰᠢ ᠨᠡᠭᠡᠭᠡᠯᠲᠡ ᠬᠢᠬᠦ᠌ ᠪᠠᠶ᠋ᠢᠯᠳᠤᠬᠤ ᠪᠣᠳᠤᠯᠭ᠎ᠠ᠎ᠶ᠋ᠢ ᠨᠠᠶ᠋ᠢᠳᠠᠪᠤᠷᠢᠵᠢᠭᠤᠯᠵᠤ᠂《ᠨᠢᠭᠡ ᠪᠦᠰᠡ ᠨᠢᠭᠡ ᠵᠠᠮ》ᠲᠠᠭᠠᠤ ᠤᠯᠤᠰ᠎ᠤᠳ᠎ᠤᠨ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠬᠤ  ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃  ᠤᠢᠯᠠᠭᠠᠭᠰᠠᠨ ᠵᠢᠡᠷ᠂ 8 ᠰᠠᠷ᠎ᠠ᠎ᠶ᠋ᠢᠨ 11᠎ᠤ᠋ ᠡᠳᠦᠷ ᠮᠣᠩᠭᠤᠯ ᠤᠯᠤᠰ᠎ᠤᠨ 10  ᠭᠡᠷ ᠪᠦᠯᠢ ᠵᠢᠨ ᠬᠢᠨ ᠪᠠᠰᠠ ᠳᠤᠮᠳᠠᠳᠤ ᠤᠯᠤᠰ᠎ᠲᠤ᠌ ᠢᠷᠡᠵᠦ᠍᠂ 5 ᠡᠳᠦᠷ᠎ᠤᠨ ᠬᠤᠭᠤᠴᠠᠭ᠎ᠠ ᠲᠠᠢ ᠬᠠᠷᠢᠯᠴᠠᠨ ᠠᠶ᠋ᠢᠯᠴᠢᠯᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号