8 ᠰᠠᠷ᠎ᠠ᠎ᠶᠢᠨ 13᠎ᠤ᠋ ᠡᠳᠦᠷ᠂ ᠥᠪᠥᠷ ᠮᠣᠩᠭᠣᠯ ᠤᠨ ᠬᠡᠪᠯᠡᠯ᠎ᠦᠨ ᠪᠦᠯᠦᠭᠯᠡᠯ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ ᠡᠴᠡ ᠳᠠᠭᠠᠭᠠᠴᠢᠯᠠᠨ ᠡᠷᠭᠢᠯᠡᠭᠰᠡᠨ《ᠤᠨᠠᠭᠠᠨ ᠨᠠᠰᠤᠨ᠎ᠤ ᠤᠭᠤᠷᠠᠭ ᠴᠠᠭᠠᠨ ᠲᠤᠷᠠᠰᠤᠮᠵᠢ·ᠬᠡᠦᠬᠡᠳ ᠦᠨ ᠤᠷᠠᠨ ᠵᠣᠬᠢᠶᠠᠯ᠎ᠤᠨ ᠰᠢᠯᠢᠳᠡᠭ ᠪᠦᠲᠦᠭᠡᠯ》 (ᠮᠣᠩᠭᠣᠯ ᠬᠡᠯᠡ᠂ 5 ᠳᠡᠪᠲᠡᠷ) ᠰᠢᠨ᠎ᠡ ᠨᠣᠮ᠎ᠤᠨ ᠲᠠᠨᠢᠯᠴᠠᠭᠤᠯᠭ᠎ᠠ ᠵᠢᠨ ᠬᠤᠷᠠᠯ 2026 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ᠎ᠦᠨ ᠠᠬᠤᠢ ᠲᠠᠯᠠᠪᠠᠶ᠎ᠳᠤ ᠶᠠᠪᠤᠬᠲᠠᠪᠠ᠃
《ᠤᠨᠠᠭᠠᠨ ᠨᠠᠰᠤᠨ᠎ᠤ ᠤᠭᠤᠷᠠᠭ ᠴᠠᠭᠠᠨ ᠲᠤᠷᠠᠰᠤᠮᠵᠢ·ᠬᠡᠦᠬᠡᠳ᠎ᠦᠨ ᠤᠷᠠᠨ ᠵᠣᠬᠢᠶᠠᠯ᠎ᠤᠨ ᠰᠢᠯᠢᠳᠡᠭ ᠪᠦᠲᠦᠭᠡᠯ》 ᠪᠣᠯ ᠨᠢᠭᠡᠨ ᠢᠵᠢ ᠣᠯᠠᠨ ᠶᠠᠩᠵᠤ ᠶ᠋ᠢᠨ ᠰᠲ᠋ᠢᠯᠢ᠂ ᠭᠠᠵᠠᠷ ᠣᠷᠣᠨ᠎ᠤ ᠣᠨᠴᠠᠯᠢᠭ᠋᠎ᠢᠶᠠᠷ ᠲᠤᠪᠤᠢᠮ᠎ᠠ ᠠᠩᠬᠠᠯᠠᠨ ᠵᠤᠬᠢᠶᠠᠬᠰᠠᠨ ᠬᠡᠦᠬᠡᠳ᠎ᠦᠨ ᠤᠷᠠᠨ ᠵᠣᠬᠢᠶᠠᠯ᠎ᠤᠨ ᠡᠮᠬᠢᠳᠬᠡᠯ ᠶᠤᠮ᠃ ᠴᠤᠪᠤᠷᠠᠯ ᠪᠢᠴᠢᠭ ᠨᠢ ᠦᠨᠡᠨ ᠪᠣᠳᠠᠲᠠᠢ ᠠᠮᠢᠳᠤᠷᠠᠯ᠎ᠳᠤ ᠦᠨᠳᠦᠰᠦᠯᠡᠵᠦ᠂ ᠬᠡᠦᠬᠡᠳ᠎ᠦᠨ ᠴᠡᠪᠡᠷ ᠲᠤᠩᠭᠠᠯᠠᠭ ᠬᠠᠷᠠᠴᠠ ᠪᠠ ᠪᠣᠷᠣᠭᠵᠢᠭᠤᠨ ᠡᠶᠡᠯᠰᠡᠭ ᠬᠡᠯᠡ ᠨᠠᠢᠷᠠᠭᠤᠯᠭ᠎ᠠ ᠪᠠᠷ ᠪᠠᠢᠭᠠᠯᠢ ᠶ᠋ᠢᠨ ᠳᠦᠷᠰᠦ ᠪᠠᠢᠳᠠᠯ᠂ ᠠᠷᠠᠳ᠎ᠤᠨ ᠵᠠᠩ ᠦᠶ᠋ᠯᠡ ᠶ᠋ᠢᠨ ᠤᠯᠠᠮᠵᠢᠯᠠᠯ ᠪᠠ ᠪᠠᠭᠠᠴᠤᠳ ᠬᠡᠦᠬᠡᠳ᠎ᠦᠨ ᠦᠰᠦᠨ ᠪᠣᠶ᠋ᠢᠵᠢᠯᠲᠠ ᠶ᠋ᠢᠨ ᠣᠯᠠᠨ ᠶᠠᠩᠵᠤ ᠶ᠋ᠢᠨ ᠵᠢᠷᠤᠭ ᠳᠦᠷᠰᠦ ᠶ᠋ᠢ ᠠᠮᠢᠳᠤᠯᠢᠭ᠋᠎ᠢᠶᠠᠷ ᠵᠢᠷᠤᠭᠯᠠᠵᠤ᠂ ᠤᠯᠤᠰ ᠭᠡᠷ᠎ᠦᠨ ᠬᠠᠢᠷ᠎ᠠ ᠰᠡᠳᠬᠢᠯᠭᠡ᠂ ᠠᠮᠢ ᠠᠬᠤᠢ ᠶ᠋ᠢᠨ ᠤᠬᠠᠮᠰᠠᠷ᠂ ᠲᠥᠷᠥᠯ ᠰᠠᠳᠤᠨ᠎ᠤ ᠰᠡᠳᠬᠢᠯᠭᠡ᠂ ᠨᠥᠬᠥᠷᠯᠡᠯ ᠵᠢᠴᠢ ᠤᠯᠠᠮᠵᠢᠯᠠᠯᠲᠤ ᠰᠣᠶᠣᠯ ᠢ᠋ ᠦᠭᠡ ᠥᠭᠦᠯᠡᠪᠦᠷᠢ᠎ᠳᠡᠭᠡᠨ ᠠᠭᠤᠰᠬᠠᠭᠰᠠᠨ ᠪᠠᠢᠨ᠎ᠠ᠃
ᠥᠪᠥᠷ ᠮᠣᠩᠭᠣᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶᠠᠨ᠎ᠤ ᠳᠠᠷᠤᠭ᠎ᠠ ᠴᠠᠩ ᠰᠦᠸᠸ᠂ 《ᠤᠨᠠᠭᠠᠨ ᠨᠠᠰᠤᠨ᠎ᠤ ᠤᠭᠤᠷᠠᠭ ᠴᠠᠭᠠᠨ ᠲᠤᠷᠠᠰᠤᠮᠵᠢ·ᠬᠡᠦᠬᠡᠳ᠎ᠦᠨ ᠤᠷᠠᠨ ᠵᠣᠬᠢᠶᠠᠯ᠎ᠤᠨ ᠰᠢᠯᠢᠳᠡᠭ ᠪᠦᠲᠦᠭᠡᠯ》ᠬᠡᠪᠯᠡᠭᠳᠡᠭᠰᠡᠨ ᠶᠠᠪᠤᠳᠠᠯ ᠪᠣᠯ ᠦᠪᠦᠷ ᠮᠤᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠤᠨ ᠬᠣᠷᠢᠶᠠᠨ᠎ᠤ ᠪᠥᠬᠥ ᠠᠷᠠᠳ᠎ᠤᠨ ᠤᠩᠰᠢᠯᠭ᠎ᠠ᠎ᠶᠢ ᠠᠬᠢᠭᠤᠯᠬᠤ᠂ ᠪᠠᠭᠠᠴᠤᠳ ᠬᠡᠦᠬᠡᠳ᠎ᠦᠨ ᠤᠩᠰᠢᠯᠭ᠎ᠠ᠎ᠶᠢᠨ ᠡᠬᠢ ᠪᠠᠶᠠᠯᠢᠭ᠋᠎ᠢ ᠪᠠᠶᠠᠯᠢᠭ᠍ᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠳᠤᠮᠳᠠᠳᠤ᠎ᠶᠢᠨ ᠰᠣᠶᠣᠯ᠎ᠤᠨ ᠰᠤᠳᠠᠰᠤ᠎ᠶᠢ ᠤᠯᠠᠮᠵᠢᠯᠠᠨ ᠵᠠᠯᠭᠠᠮᠵᠢᠯᠠᠬᠤ᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠶᠣᠰᠣ᠌ ᠮᠣᠷᠠᠯ᠎ᠤᠨ ᠪᠠᠢᠭᠤᠯᠤᠯᠲᠠ᠎ᠶᠢ ᠠᠬᠢᠭᠤᠯᠬᠤ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ ᠮᠥᠨ᠃ ᠲᠣᠰ ᠴᠤᠪᠤᠷᠠᠯ ᠪᠢᠴᠢᠭ ᠨᠢ ᠪᠠᠭ᠎ᠠ ᠨᠠᠰᠤᠨ᠎ᠤ ᠦᠨᠡᠨᠴᠢ ᠴᠠᠭᠠᠪᠤᠷ ᠣᠨ ᠰᠠᠷ᠎ᠠ᠎ᠶᠢ ᠳᠡᠯᠭᠡᠨ ᠦᠵᠡᠭᠦᠯᠦᠭᠰᠡᠨ ᠤᠳᠬ᠎ᠠ ᠵᠣᠬᠢᠶᠠᠯ᠎ᠤᠨ ᠤᠩᠰᠢᠬᠤ ᠪᠢᠴᠢᠭ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠥᠷᠭᠡᠨ ᠣᠯᠠᠨ ᠪᠠᠭᠠᠴᠤᠳ ᠬᠡᠦᠬᠡᠳ᠎ᠦᠨ ᠦᠰᠦᠨ ᠪᠣᠶ᠋ᠢᠵᠢᠯᠲᠠ᠎ᠳᠤ ᠬᠠᠨᠢ ᠪᠣᠯᠬᠤ ᠭᠤᠸ᠋᠎ᠠ ᠰᠠᠢᠬᠠᠨ᠎ᠤ ᠬᠥᠮᠦᠵᠢᠯ᠎ᠦᠨ ᠵᠢᠭᠠᠬᠤ ᠮᠠᠲᠧᠷᠢᠶᠠᠯ ᠪᠠᠢᠵᠤ᠂ ᠲᠡᠳᠡᠨ᠎ᠦ ᠤᠩᠰᠢᠯᠭ᠎ᠠ᠎ᠶᠢᠨ ᠳᠤᠮᠳᠠ᠎ᠪᠠᠨ ᠠᠮᠢᠳᠤᠷᠠᠯ᠎ᠤᠨ ᠭᠤᠸ᠋᠎ᠠ ᠰᠠᠢᠬᠠᠨ᠎ᠢ ᠣᠢᠯᠠᠭᠠᠵᠤ᠂ ᠡᠷᠬᠢᠮ ᠳᠡᠭᠡᠳᠦ ᠵᠠᠩ ᠰᠤᠷᠲᠠᠯ᠎ᠢ ᠬᠥᠮᠥᠵᠢᠭᠦᠯᠦᠨ᠂ ᠰᠣᠶᠣᠯ᠎ᠤᠨ ᠢᠲᠡᠭᠡᠯ᠎ᠢ ᠨᠢ ᠨᠡᠮᠡᠭᠳᠡᠭᠦᠯᠦᠨ᠂ ᠵᠥᠪ ᠶᠢᠷᠲᠢᠨᠴᠦ᠎ᠶᠢᠨ ᠦᠵᠡᠯᠲᠡ᠂ ᠠᠮᠢᠳᠤᠷᠠᠬᠤᠢ᠎ᠶᠢᠨ ᠦᠵᠡᠯᠲᠡ᠂ ᠥᠷᠲᠡᠭ᠎ᠦᠨ ᠦᠵᠡᠯᠲᠡ᠎ᠶᠢ ᠪᠣᠶ ᠪᠣᠯᠭᠠᠬᠤ᠎ᠶᠢ ᠬᠥᠲᠥᠯᠥᠨ ᠵᠢᠯᠤᠭᠣᠳᠴᠤ ᠴᠢᠳᠠᠨ᠎ᠠ ᠬᠡᠵᠦ ᠢᠯᠡᠷᠬᠡᠢᠯᠡᠪᠡ᠃