ᠵᠧᠦ ᠬᠠᠢ ᠪᠢᠩ ᠶᠠᠷᠢᠶ᠎ᠠ ᠲᠠᠯᠪᠢᠪᠠ ᠪᠦᠦ ᠭᠠᠩ ᠪᠠᠶᠠᠷ᠎ᠤᠨ ᠦᠭᠡ ᠬᠡᠯᠡᠪᠡ
8 ᠰᠠᠷ᠎ᠠ᠎ᠶᠢᠨ 15 ᠤ᠋ ᠡᠳᠦᠷ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ》 ᠢ᠋ ᠬᠡᠷᠡᠭᠵᠢᠭᠦᠯᠦᠭᠰᠡᠨ ᠠᠩᠬᠠᠨ᠎ᠤ ᠡᠳᠦᠷ᠂ 2026 ᠣᠨ᠎ᠤ ᠪᠦᠬᠦ᠌ ᠤᠯᠤᠰ᠎ᠤᠨ ᠠᠮᠢ ᠠᠬᠤᠢ᠎ᠶᠢᠨ ᠡᠳᠦᠷ᠎ᠦᠨ ᠭᠤᠤᠯ ᠲᠠᠯᠠᠪᠤᠷ᠎ᠤᠨ ᠠᠵᠢᠯᠯᠠᠭ᠎ᠠ ᠬᠥᠯᠥᠨ ᠪᠤᠢ᠌ᠷᠲᠤ᠌ ᠶᠠᠪᠤᠭᠳᠠᠪᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠵᠧᠦ ᠬᠠᠢ ᠪᠢᠩ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠪᠠᠶᠠᠷ᠎ᠤᠨ ᠦᠭᠡ ᠬᠡᠯᠡᠵᠡᠢ᠃ ᠪᠠᠶ᠋ᠢᠭᠠᠯᠢ᠎ᠶᠢᠨ ᠡᠬᠢ ᠪᠠᠶᠠᠯᠢᠭ᠎ᠤᠨ ᠶᠠᠮᠤᠨ᠎ᠤ ᠳᠡᠳ᠋ ᠰᠠᠶ᠋ᠢᠳ ᠵᠧᠦ ᠰᠢᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠰᠠᠶ᠋ᠢᠳ ᠳ᠋ᠦᠩ ᠪᠦᠦ ᠲᠦᠩ᠂ ᠤᠰᠤᠨ ᠠᠰᠢᠭᠯᠠᠯᠲᠠ᠎ᠶᠢᠨ ᠶᠠᠮᠤᠨ᠎ᠤ ᠶᠡᠷᠦᠩᠬᠡᠢ ᠲᠥᠯᠥᠪᠵᠢᠭᠦᠯᠦᠭᠴᠢ ᠢᠦᠢ ᠴᠢ ᠶᠠᠩ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠵᠠᠩ ᠯᠢ ᠮᠢᠩ᠂ ᠡᠪ ᠬᠠᠮᠲᠤ᠌ ᠵᠠᠯᠠᠭᠤᠴᠤᠳ᠎ᠤᠨ ᠡᠪᠯᠡᠯ᠎ᠦᠨ ᠲᠥᠪ ᠬᠤᠷᠢᠶ᠎ᠠ ᠵᠢᠨ ᠱᠦᠵᠢ᠎ᠨᠡᠷ᠎ᠦᠨ ᠭᠠᠵᠠᠷ᠎ᠤᠨ ᠱᠦᠵᠢ ᠬᠣ᠌ ᠪᠠᠢ ᠵᠢᠩ ᠣᠷᠣᠯᠴᠠᠵᠠᠢ᠃ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ ᠲᠤᠰᠠᠯᠠᠭᠴᠢ ᠨᠠᠷᠢᠨ ᠪᠢᠴᠢᠭ᠎ᠦᠨ ᠳᠠᠷᠤᠭ᠎ᠠ᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ ᠨᠠᠷᠢᠨ ᠪᠢᠴᠢᠭ᠎ᠦᠨ ᠳᠠᠷᠤᠭ᠎ᠠ᠎ᠶᠢᠨ ᠠᠭᠤᠷ ᠠᠮᠢᠰᠬᠤᠯ᠎ᠤᠨ ᠠᠵᠢᠯᠯᠠᠭ᠎ᠠ ᠪᠣᠯᠤᠨ ᠲᠥᠪ ᠭᠣᠣᠯᠴᠢ᠎ᠪᠠᠷ ᠬᠡᠯᠪᠡᠷᠢ᠎ᠪᠡᠨ ᠬᠤᠪᠢᠷᠠᠭᠤᠯᠬᠤ ᠣᠨᠴᠠᠭᠠᠢ ᠵᠥᠪᠯᠡᠭᠴᠢ ᠰᠧᠷᠸᠸᠨ·ᠬᠠᠲ᠋ᠸ ᠸᠢᠳᠢᠣ᠋᠎ᠪᠠᠷ ᠪᠠᠶᠠᠷ᠎ᠤᠨ ᠦᠭᠡ ᠬᠡᠯᠡᠪᠡ᠃
2026 ᠣᠨ᠎ᠤ ᠪᠥᠬᠥ᠌ ᠤᠯᠤᠰ᠎ᠤᠨ ᠠᠮᠢ ᠠᠬᠤᠶ᠎ᠶᠢᠨ ᠡᠳᠦᠷ᠎ᠦᠨ ᠭᠤᠤᠯ ᠲᠠᠯᠠᠪᠤᠷ᠎ᠤᠨ ᠠᠵᠢᠯᠯᠠᠭ᠎ᠠ᠎ᠶᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠲᠠᠶ ᠬᠠᠮᠲᠤ ᠬᠠᠮᠲᠤᠷᠠᠨ ᠡᠷᠭᠢᠯᠡᠵᠦ᠍᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠣᠬᠢᠷᠲᠤᠯ ᠥᠬᠡᠶ ᠳᠡᠪᠢᠰᠬᠡᠷ ᠥᠩᠭᠡ᠎ᠶᠢ ᠵᠤᠵᠠᠭᠠᠳᠬᠠᠶ᠎ᠠ》 ᠭᠡᠬᠦ᠌ ᠭᠤᠤᠯ ᠰᠡᠳᠦᠪ ᠵᠢᠡᠷ ᠶᠠᠪᠤᠬᠳᠠᠪᠠ᠃ ᠡᠬᠢᠯᠡᠯᠲᠡ᠎ᠶᠢᠨ ᠶᠣᠰᠣᠯᠠᠯ᠎ᠤᠨ ᠠᠭᠤᠯᠭ᠎ᠠ ᠨᠢ ᠪᠠᠶᠠᠯᠢᠭ᠂ ᠬᠢᠯᠠᠰ ᠴᠡᠭ ᠵᠠᠯᠭᠠᠭ᠎ᠠ᠎ᠪᠠᠷ ᠢᠯᠡᠷᠡᠪᠡ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠶ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ》᠂ ᠡᠷᠭᠢᠯᠳᠡ᠎ᠲᠤ ᠠᠵᠤ ᠠᠬᠤᠶ ᠵᠡᠷᠭᠡ ᠭᠤᠤᠯᠳᠠᠯᠭ᠎ᠠ᠎ᠲᠠᠶ ᠠᠭᠤᠯᠭ᠎ᠠ᠎ᠶᠢᠨ ᠲᠣᠭᠣᠷᠢᠨ᠎ᠳᠤ ᠲᠠᠶ᠋ᠢᠯᠤᠮᠵᠢ ᠬᠢᠪᠠ᠃ ᠠᠷᠠᠳ᠎ᠤᠨ ᠳᠡᠭᠡᠳᠦ ᠪᠠᠶ᠋ᠢᠴᠠᠭᠠᠬᠤ ᠬᠤᠷᠢᠶ᠎ᠠ ᠵᠢᠨ ᠪᠠᠢᠴᠠᠭᠠᠬᠤ ᠠᠵᠢᠯ ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠦᠵᠡᠰᠬᠦᠯᠡᠩᠲᠦ᠍ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠦᠢᠯᠡᠴᠢᠯᠡᠨ ᠪᠠᠲᠤᠯᠠᠬᠤ ᠨᠡᠶ᠋ᠢᠲᠡᠯᠢᠭ ᠬᠡᠷᠡᠭ᠎ᠦᠨ ᠵᠢᠱ᠌ᠢᠶ᠎ᠡ᠂ ᠪᠠᠶ᠋ᠢᠭᠠᠯᠢ᠎ᠶᠢᠨ ᠡᠬᠢ ᠪᠠᠶᠠᠯᠢᠭ᠎ᠤᠨ ᠶᠠᠮᠤᠨ᠎ᠤ ᠪᠣᠬᠢᠷᠲᠤᠯ ᠥᠬᠡᠶ ᠠᠭᠤᠷᠬᠠᠶ᠎ᠶᠢᠨ ᠪᠥᠲᠥᠭᠡᠨ ᠪᠠᠶ᠋ᠢᠭᠤᠯᠤᠯᠲᠠ᠎ᠶᠢᠨ ᠦᠷ᠎ᠡ ᠪᠦᠲᠦᠮᠵᠢ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶᠢᠨ ᠰᠦᠯᠵᠢᠶᠡᠨ᠎ᠦ ᠪᠥᠲᠥᠭᠡᠨ ᠪᠠᠶ᠋ᠢᠭᠤᠯᠤᠯᠲᠠ᠎ᠶᠢᠨ ᠦᠷ᠎ᠡ ᠪᠦᠲᠦᠭᠡᠯ᠂ ᠤᠰᠤᠨ ᠠᠰᠢᠭᠯᠠᠯᠲᠠ᠎ᠶᠢᠨ ᠶᠠᠮᠤᠨ᠎ᠤ ᠤᠰᠤᠨ ᠠᠰᠢᠭᠯᠠᠯᠲᠠ᠎ᠶᠢᠨ ᠠᠵᠢᠯ ᠲᠥᠷᠥᠯ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠤ ᠲᠡᠢᠰᠢ ᠬᠡᠯᠪᠡᠷᠢ᠎ᠪᠡᠨ ᠬᠤᠪᠢᠷᠠᠭᠤᠯᠤᠭᠰᠠᠨ ᠦᠷ᠎ᠡ ᠪᠦᠲᠦᠮᠵᠢ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠪᠣᠯᠤᠨ ᠤᠯᠤᠰ᠎ᠤᠨ ᠴᠡᠴᠡᠷᠯᠢᠭ᠎ᠦᠨ ᠪᠥᠲᠥᠭᠡᠨ ᠪᠠᠶ᠋ᠢᠭᠤᠯᠤᠯᠲᠠ᠎ᠶᠢᠨ ᠦᠷ᠎ᠡ ᠪᠦᠲᠦᠭᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠦᠷ᠎ᠡ ᠪᠦᠲᠦᠮᠵᠢ ᠵᠡᠷᠭᠡ ᠴᠢᠬᠤᠯᠠ ᠶᠡᠬᠡ ᠦᠷ᠎ᠡ ᠪᠦᠲᠦᠭᠡᠯ᠎ᠢ ᠲᠥᠪᠯᠡᠷᠡᠭᠦᠯᠦᠨ ᠨᠡᠶ᠋ᠢᠲᠡᠯᠡᠵᠦ᠍᠂ ᠦᠵᠡᠰᠬᠦᠯᠡᠩᠲᠦ᠍ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠶᠢᠨ ᠠᠮᠵᠢᠯᠲᠠ ᠪᠦᠲᠦᠮᠵᠢ᠎ᠶᠢ ᠭᠦᠢᠴᠡᠳ ᠢᠯᠡᠷᠡᠭᠦᠯᠪᠡ᠃ ᠬᠣᠯᠪᠣᠭᠳᠠᠯ ᠪᠥᠬᠥᠶ ᠠᠵᠢᠯ ᠲᠥᠷᠥᠯ᠎ᠦᠨ ᠨᠡᠶ᠋ᠢᠭᠡᠮᠯᠢᠭ ᠬᠠᠮᠲᠤᠷᠠᠨ 2026 ᠣᠨ᠎ᠤ ᠪᠥᠬᠥ᠌ ᠤᠯᠤᠰ᠎ᠤᠨ ᠠᠮᠢ ᠠᠬᠤᠶ᠎ᠶᠢᠨ ᠡᠳᠦᠷ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠍ ᠠᠵᠢᠯᠯᠠᠭ᠎ᠠ᠎ᠶᠢᠨ ᠰᠠᠨᠠᠭᠠᠴᠢᠯᠠᠭ᠎ᠠ᠎ᠶᠢ ᠨᠡᠶ᠋ᠢᠲᠡᠯᠡᠵᠦ᠍᠂ ᠬᠥᠯᠥᠨ ᠪᠣᠶ᠋ᠢᠷ ᠬᠤᠳᠠ 2026 ᠣᠨ᠎ᠤ ᠪᠥᠬᠥ᠌ ᠤᠯᠤᠰ᠎ᠤᠨ ᠠᠮᠢ ᠠᠬᠤᠶ᠎ᠶᠢᠨ ᠡᠳᠦᠷ᠎ᠦᠨ ᠬᠥᠯᠥᠨ ᠪᠣᠶ᠋ᠢᠷ᠎ᠤᠨ ᠰᠠᠨᠠᠭᠠᠴᠢᠯᠠᠭ᠎ᠠ᠎ᠶᠢ ᠨᠡᠶ᠋ᠢᠲᠡᠯᠡᠵᠦ᠍᠂ ᠨᠡᠶ᠋ᠢᠭᠡᠮ᠎ᠦᠨ ᠡᠯ᠎ᠡ ᠲᠠᠯ᠎ᠠ᠎ᠶᠢᠨ ᠬᠢᠨ᠎ᠤ ᠪᠣᠬᠢᠷᠲᠤᠯ ᠥᠬᠡᠶ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠦᠢᠯᠡᠳᠦᠯᠭᠡᠵᠢᠭᠦᠯᠵᠦ᠍᠂ ᠦᠵᠡᠰᠬᠦᠯᠡᠩᠲᠦ᠍ ᠰᠠᠶ᠋ᠢᠬᠠᠨ ᠬᠡᠷ ᠣᠷᠣᠨ᠎ᠢᠶᠠᠨ ᠭᠠᠷ ᠬᠣᠯᠪᠣᠯᠴᠠᠨ ᠬᠠᠮᠲᠤ᠎ᠪᠠᠷ ᠪᠥᠲᠥᠭᠡᠨ ᠪᠠᠶ᠋ᠢᠭᠤᠯᠬᠤ ᠵᠢ ᠲᠠᠢᠴᠢᠯᠠᠪᠠ᠃
ᠡᠬᠢᠯᠡᠯᠲᠡ᠎ᠶᠢᠨ ᠶᠣᠰᠣᠯᠠᠯ᠎ᠡᠴᠡ ᠡᠮᠦᠨ᠎ᠡ ᠬᠤᠷᠠᠯ᠎ᠳᠤ ᠣᠷᠣᠯᠴᠠᠭᠰᠠᠨ ᠬᠦᠨᠳᠦᠲᠦ᠍ ᠵᠣᠴᠢᠳ ᠬᠠᠮᠲᠤ᠎ᠪᠠᠷ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠦᠷ᠎ᠡ ᠪᠦᠲᠦᠮᠵᠢ ᠪᠠ ᠠᠮᠢ ᠠᠬᠤᠢ᠎ᠶᠢᠨ ᠦᠢᠯᠡᠳᠬᠦᠨ᠎ᠦ ᠲᠠᠨᠢᠯᠴᠠᠭᠤᠯᠭ᠎ᠠ ᠵᠢᠨ ᠦᠵᠡᠭᠦᠯᠭᠡ᠎ᠶᠢ ᠲᠣᠭᠣᠷᠢᠨ ᠦᠵᠡᠪᠡ᠃ ᠠᠮᠢ ᠠᠬᠤᠢ᠎ᠶᠢᠨ ᠡᠳᠦᠷ᠎ᠦᠨ ᠬᠤᠭᠤᠴᠠᠭᠠᠨ᠎ᠳᠤ ᠦᠨᠳᠦᠰᠦᠨ ᠱᠠᠲᠤᠨ᠎ᠤ ᠲᠥᠯᠥᠭᠡᠯᠡᠭᠴᠢ᠂ ᠣᠷᠣᠨ ᠨᠤᠲᠤᠭ᠎ᠤᠨ ᠲᠥᠯᠥᠭᠡᠯᠡᠭᠴᠢ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠶᠢᠨ ᠲᠥᠯᠥᠭᠡᠯᠡᠭᠴᠢ ᠲᠤᠰ ᠲᠤᠰ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠦᠨᠳᠦᠰᠦᠨ ᠱᠠᠲᠤᠨ᠎ᠤ ᠦᠯᠢᠭᠡᠷ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠲᠤᠷᠰᠢᠯᠭ᠎ᠠ᠂ ᠳᠤᠮᠳᠠᠳᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠪᠣᠬᠢᠷᠲᠤᠯ ᠦᠭᠡᠢ ᠬᠥᠭᠵᠢᠯᠲᠡ᠎ᠶᠢᠨ ᠣᠶ᠋ᠢᠯᠠᠭᠠᠭᠳᠠᠬᠤᠨ᠎ᠤ ᠤᠯᠠᠨ ᠤᠯᠤᠰ᠎ᠲᠠᠬᠢ ᠠᠴᠢ ᠬᠣᠯᠪᠣᠭᠳᠠᠯ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠵᠤ ᠬᠤᠪᠢᠶᠠᠯᠴᠠᠪᠠ᠃
ᠣᠶ᠋ᠢᠷ᠎ᠠ᠎ᠶᠢᠨ ᠵᠢᠯ᠎ᠦᠨ ᠲᠤᠷᠰᠢ ᠬᠥᠯᠥᠨ ᠪᠣᠶ᠋ᠢᠷ᠎ᠤᠨ ᠬᠢᠨ ᠠᠮᠢ ᠠᠬᠤᠶ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠳᠠ ᠵᠢᠨ ᠵᠠᠮ᠎ᠢᠶᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠠᠮᠢ ᠠᠬᠤᠶ᠎ᠶᠢᠨ ᠦᠢᠯᠡᠳᠬᠦᠨ᠎ᠦ ᠥᠷᠲᠡᠭ᠎ᠦᠨ ᠲᠣᠭᠠᠴᠠᠭ᠎ᠠ᠂ ᠠᠮᠢ ᠠᠬᠤᠶ᠎ᠶᠢᠨ ᠡᠬᠢ ᠪᠠᠶᠠᠯᠢᠭ᠎ᠤᠨ ᠡᠷᠬᠡ ᠠᠰᠢᠭ᠎ᠤᠨ ᠠᠷᠠᠯᠵᠢᠶ᠎ᠠ᠂ ᠪᠣᠬᠢᠷᠲᠤᠯ ᠥᠬᠡᠶ ᠮᠥᠩᠭᠥᠨ ᠭᠦᠢᠯᠭᠡᠭᠡᠨ᠎ᠦ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠨᠢᠭᠡ ᠪᠦᠯᠦᠭ ᠲᠡᠷᠡ ᠬᠡᠪ᠎ᠢᠶᠡᠷ ᠨᠢ ᠳᠡᠯᠭᠡᠷᠡᠭᠦᠯᠵᠦ᠍ ᠪᠣᠯᠬᠤ ᠲᠤᠷᠰᠢᠯᠭ᠎ᠠ ᠬᠢᠳᠡᠯ᠎ᠢ ᠪᠦᠷᠢᠯᠳᠦᠭᠦᠯᠵᠦ᠍᠂ 2025 ᠣᠨ᠎ᠤ 11 ᠰᠠᠷ᠎ᠠ᠎ᠳᠤ ᠤᠯᠤᠰ᠎ᠤᠨ ᠠᠮᠢ ᠠᠬᠤᠶ᠎ᠶᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ᠌ ᠲᠣᠭᠲᠠᠴᠠ᠎ᠶᠢᠨ ᠲᠤᠷᠰᠢᠯᠲᠠ᠎ᠶᠢᠨ ᠭᠠᠵᠠᠷ ᠣᠷᠣᠨ᠎ᠢᠶᠠᠷ ᠠᠮᠵᠢᠯᠲᠠ᠎ᠲᠠᠶ ᠰᠣᠩᠭᠣᠭᠳᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠪᠡ᠃