8 ᠰᠠᠷ᠎ᠠ᠎ᠶᠢᠨ 15᠎ᠤ᠋ ᠦᠳᠡ᠎ᠶᠢᠨ ᠡᠮᠦᠨ᠎ᠡ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠡᠷᠡᠭᠲᠡᠢ᠎ᠶᠢᠨ ᠬᠥᠬᠡ ᠳᠤᠭᠤᠢᠯᠠᠩ᠂ ᠬᠥᠬᠡᠭᠴᠢᠨ ᠳᠤᠭᠤᠢᠯᠠᠩ᠂ ᠤᠯᠠᠭᠠᠨ ᠳᠤᠭᠤᠢᠯᠠᠩ᠎ᠤᠨ 400 ᠮᠧᠲᠷ᠎ᠦᠨ ᠬᠡᠷᠡᠰᠭᠡ ᠬᠠᠷᠠᠢᠯᠲᠠ᠎ᠶᠢᠨ ᠰᠢᠢᠳᠪᠦᠷᠢᠲᠦ ᠤᠷᠤᠯᠳᠤᠭᠠᠨ ᠵᠢᠴᠢ ᠡᠮᠡᠭᠲᠡᠢ᠎ᠶᠢᠨ ᠡᠯ᠎ᠡ ᠳᠤᠭᠤᠢᠯᠠᠩ᠎ᠤᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠪᠤᠭᠤᠲᠤ᠎ᠬᠤᠲᠠ ᠶ᠋ᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠲᠦ ᠶᠠᠪᠤᠭᠳᠠᠯ᠎ᠠ᠃
ᠬᠤᠷᠴᠠ ᠰᠢᠷᠦᠭᠦᠨ ᠦᠷᠢᠰᠦᠯᠳᠦᠭᠡᠨ᠎ᠶ᠋ᠢᠡᠷ ᠳᠠᠮᠵᠢᠨ ᠣᠷᠳᠣᠰ᠎ᠤᠨ ᠠᠩᠭᠢ 4 ᠠᠯᠲᠠᠨ ᠮᠧᠳᠠᠯ 1 ᠮᠥᠩᠭᠥᠨ ᠮᠧᠳᠠᠯ 2 ᠬᠦᠷᠡᠯ ᠮᠧᠳᠠᠯᠭᠠᠷᠳᠠᠵᠦ᠂ ᠱᠠᠩᠨᠠᠯ᠎ᠤᠨ ᠮᠧᠳᠠᠯ᠎ᠤᠨ ᠶᠡᠷᠦᠩᠬᠡᠢ ᠲᠣᠭ᠎ᠠ᠎ᠪᠠᠷ ᠲᠡᠷᠢᠭᠦᠨ᠎ᠳᠦ ᠵᠢᠭᠰᠠᠪᠠ᠃ ᠡᠭᠦᠨ᠎ᠳᠦ ᠣᠷᠳᠣᠰ᠎ᠤᠨ ᠠᠩᠭᠢ᠎ᠶᠢᠨ ᠸᠠᠩ ᠬᠣᠩ ᠪᠥᠸᠧ 52.98 ᠰᠧᠺᠦ᠋ᠨ᠋ᠳ᠋᠎ᠦᠨ ᠬᠢᠷᠢ ᠪᠦᠲᠦᠮᠵᠢ᠎ᠪᠡᠷ ᠬᠥᠬᠡ ᠳᠤᠭᠤᠢᠯᠠᠩ᠎ᠤᠨ ᠠᠯᠲᠠᠨ ᠮᠧᠳᠠᠯᠭᠠᠷᠳᠠᠵᠦ᠂ ᠪᠤᠭᠤᠲᠤ᠎ᠶᠢᠨ ᠠᠩᠭᠢ᠎ᠶᠢᠨ ᠵᠣᠣ ᠰᠢᠦᠢ ᠱᠧᠩ ᠪᠣᠯᠣᠨ ᠲᠦᠩᠯᠢᠶᠣᠣ᠎ᠶᠢᠨ ᠠᠩᠭᠢ᠎ᠶᠢᠨ ᠭᠣᠸ᠋ ᠰᠢᠨ ᠵᠧ ᠲᠣᠰ ᠲᠣᠰ ᠮᠥᠩᠭᠥᠨ ᠮᠧᠳᠠᠯ ᠪᠠ ᠬᠦᠷᠡᠯ ᠮᠧᠳᠠᠯ ᠭᠠᠷᠳᠠᠪᠠ; ᠣᠷᠳᠣᠰ᠎ᠤᠨ ᠠᠩᠭᠢ᠎ᠶᠢᠨ ᠯᠢ ᠽᠧ ᠬᠤᠤ 52.85 ᠰᠧᠺᠦ᠋ᠨ᠋ᠳ᠋᠎ᠦᠨ ᠬᠢᠷᠢ ᠪᠦᠲᠦᠮᠵᠢ᠎ᠪᠡᠷ ᠬᠥᠬᠡᠭᠴᠢᠨ ᠳᠤᠭᠤᠢᠯᠠᠩ᠎ᠤᠨ ᠠᠯᠲᠠᠨ ᠮᠧᠳᠠᠯ ᠭᠠᠷᠳᠠᠵᠦ᠂ ᠬᠥᠬᠡᠬᠣᠲᠠ᠎ᠶᠢᠨ ᠠᠨᠭᠭᠢ᠎ᠶᠢᠨ ᠠᠵᠠᠲᠠᠶ ᠪᠠ ᠣᠷᠳᠣᠰ᠎ᠤᠨ ᠠᠨᠭᠭᠢ᠎ᠶᠢᠨ ᠵᠠᠩ ᠢᠦᠢ ᠬᠠᠨ ᠲᠣᠰ ᠲᠣᠰ ᠮᠥᠩᠭᠥᠨ ᠮᠧᠳᠠᠯ ᠪᠠ ᠬᠦᠷᠡᠯ ᠮᠧᠳᠠᠯ ᠭᠠᠷᠳᠠᠪᠠ; ᠣᠷᠳᠣᠰ᠎ᠤᠨ ᠠᠩᠭᠢ᠎ᠶᠢᠨ ᠪᠠᠢ ᠵᠢᠶᠠ ᠰᠢᠨ 56.35 ᠰᠧᠺᠦ᠋ᠨ᠋ᠳ᠋᠎ᠦᠨ ᠰᠢᠯᠢᠳᠡᠭ ᠬᠢᠷᠢ ᠪᠦᠲᠦᠮᠵᠢ᠎ᠪᠡᠷ ᠤᠯᠠᠭᠠᠨ ᠳᠤᠭᠤᠢᠯᠠᠩ᠎ᠤᠨ ᠠᠯᠳᠠᠨ ᠮᠧᠳᠠᠯᠭᠠᠷᠳᠠᠵᠦ᠂ ᠪᠤᠭᠤᠲᠤ᠎ᠶᠢᠨ ᠠᠩᠭᠢ᠎ᠶᠢᠨ ᠬᠤᠤ ᠪᠥᠸᠧ ᠸᠸᠨ ᠪᠣᠯᠣᠨ ᠬᠥᠬᠡᠬᠣᠲᠠ᠎ᠶᠢᠨ ᠠᠩᠭᠢ᠎ᠶᠢᠨ ᠵᠠᠩ ᠶᠠᠩ ᠲᠤᠰ ᠲᠤᠰ ᠮᠥᠩᠭᠥᠨ ᠮᠧᠳᠠᠯ ᠪᠠ ᠬᠦᠷᠡᠯ ᠮᠸᠳᠠᠯ ᠭᠠᠷᠳᠠᠵᠠᠢ᠃
ᠬᠥᠬᠡᠬᠣᠲᠠ᠎ᠶᠢᠨ ᠠᠨᠭᠭᠢ᠎ᠶᠢᠨ ᠠᠵᠠᠲᠠᠶ ᠰᠤᠷᠪᠤᠯᠵᠢᠯᠠᠭ᠎ᠠ ᠬᠦᠯᠢᠶᠡᠭᠦ᠎ᠳᠡᠭᠡᠨ᠄《ᠲᠤᠰ ᠤᠳᠠᠭᠠᠨ᠎ᠤ ᠤᠷᠤᠯᠳᠤᠭᠠᠨ᠎ᠳᠦ ᠮᠥᠩᠭᠥᠨ ᠮᠧᠳᠠᠯ ᠭᠠᠷᠳᠠᠭᠰᠠᠨ᠎ᠳᠠᠭᠠᠨ ᠪᠠᠰᠠ ᠵᠢᠭᠠᠬᠠᠨ ᠬᠠᠷᠠᠮᠰᠠᠯᠲᠠᠢ ᠪᠠᠢᠨ᠎ᠠ᠂ ᠪᠦᠬᠦ ᠤᠯᠤᠰ᠎ᠤᠨ ᠤᠷᠤᠯᠳᠤᠭᠠᠨ᠎ᠳᠦ ᠤᠷᠤᠭᠰᠠᠨ ᠬᠢᠷᠢ ᠪᠦᠲᠦᠮᠵᠢ ᠪᠠᠨ ᠠᠷᠠᠢ ᠬᠦᠷᠦᠭᠰᠡᠨ ᠦᠭᠡᠢ᠂ ᠬᠤᠢᠰᠢᠲᠠ ᠨᠡᠨᠭ ᠢᠯᠡᠭᠦᠦ ᠴᠢᠷᠮᠠᠢᠬᠤ ᠴᠢᠬᠤᠯᠠ ᠲᠠᠢ》 ᠭᠡᠵᠦ ᠶᠠᠷᠢᠯ᠎ᠠ᠃