ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠳᠡᠢ
2026-08-16 10:49:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠣᠬᠢᠶᠠᠯ᠎ᠢ ᠨᠡᠢᠲᠡᠯᠡᠪᠡ


8 ᠰᠠᠷ᠎ᠠ᠎ᠶᠢᠨ 16 ᠎ᠤ᠋ ᠡᠳᠦᠷ ᠬᠡᠪᠯᠡᠭᠳᠡᠭᠰᠡᠨ 16 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ᠎ᠦᠨ 《ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠳᠡᠢ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃

ᠵᠣᠬᠢᠶᠠᠯ᠎ᠳᠤ᠂ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠵᠦᠢ ᠪᠤᠳᠤᠯᠢᠶᠠᠨᠲᠠᠢ᠂ ᠠᠭᠤᠷ ᠠᠮᠢᠰᠬᠤᠯ ᠤᠯᠠᠨ ᠶᠠᠩᠵᠤ᠎ᠶᠢᠨ ᠪᠠᠢᠵᠤ᠂ ᠪᠠᠢᠭᠠᠯᠢ᠎ᠶᠢᠨ ᠭᠠᠮᠰᠢᠭ᠋ ᠠᠮᠠᠷᠬᠠᠨ ᠡᠭᠦᠰᠴᠦ ᠤᠯᠠᠨ ᠡᠭᠦᠰᠳᠡᠭ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ ᠨᠠᠮ᠎ᠤᠨ ᠲᠥᠪ ᠬᠣᠷᠢᠶ᠎ᠠ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠠᠵᠢᠯ᠎ᠢ ᠠᠷᠠᠳ ᠲᠦᠮᠡᠨ᠎ᠦ ᠠᠮᠤᠷ ᠲᠦᠪᠰᠢᠨ ᠠᠶᠤᠯ ᠲᠦᠭᠰᠢᠭᠦᠷᠢ ᠪᠠ ᠤᠯᠤᠰ᠎ᠤᠨ ᠠᠮᠤᠷ ᠲᠦᠪᠰᠢᠨ᠎ᠳᠦ ᠬᠣᠯᠪᠣᠭᠳᠠᠬᠤ ᠶᠡᠬᠡ ᠶᠠᠪᠤᠳᠠᠯ ᠪᠣᠯᠭᠠᠨ ᠠᠳᠬᠤᠬᠤ᠎ᠶᠢ ᠪᠠᠷᠢᠮᠲᠠᠯᠠᠵᠤ᠂ ᠣᠢᠯᠠᠭᠠᠭᠳᠠᠬᠤᠨ᠎ᠤ ᠬᠤᠪᠢᠷᠠᠯᠲᠠ᠂ ᠪᠠᠢᠭᠤᠯᠤᠯ᠎ᠤᠨ ᠥᠭᠡᠷᠡᠴᠢᠯᠡᠯᠲᠡ᠂ ᠰᠢᠰᠲᠧᠮ᠎ᠦᠨ ᠪᠠᠢᠭᠤᠯᠤᠯᠲᠠ᠂ ᠴᠢᠳᠠᠪᠤᠷᠢ᠎ᠶᠢᠨ ᠳᠡᠭᠡᠭᠰᠢᠯᠡᠯᠳᠡ ᠵᠡᠷᠭᠡ ᠲᠠᠯ᠎ᠠ᠎ᠪᠠᠷ ᠮᠠᠰᠢ ᠤᠯᠠᠨ ᠪᠠᠢᠷᠢᠯᠠᠭᠤᠯᠤᠯᠲᠠ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠳᠠᠭᠠᠭᠤᠯᠤᠨ ᠠᠯᠢ ᠤᠯᠠᠨ ᠬᠦᠨᠳᠦ ᠶᠡᠬᠡ ᠣᠨᠴᠠ ᠶᠡᠬᠡ ᠪᠠᠢᠭᠠᠯᠢ᠎ᠶᠢᠨ ᠭᠠᠮᠰᠢᠭ᠋᠎ᠢ ᠢᠯᠠᠨ ᠳᠠᠪᠠᠵᠤ᠂ ᠬᠥᠮᠥᠨ ᠬᠠᠷ᠎ᠠ᠎ᠶᠢᠨ ᠡᠨᠳᠡᠯ ᠰᠢᠷᠬᠠᠲᠤᠯ ᠪᠠ ᠡᠳ᠋ ᠬᠥᠷᠥᠩᠭᠡ᠎ᠶᠢᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠵᠤ᠂ ᠦᠷ᠎ᠡ ᠪᠦᠲᠦᠮᠵᠢ ᠨᠢ ᠳᠡᠯᠡᠬᠡᠢ ᠨᠡᠶ᠋ᠢᠲᠡ᠎ᠳᠦ ᠮᠡᠳᠡᠷᠡᠭᠳᠡᠭᠰᠡᠨ ᠪᠠᠢᠨ᠎ᠠ᠃ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠠᠵᠢᠯ᠎ᠢ ᠰᠠᠢᠲᠤᠷ ᠬᠢᠬᠦ᠎ᠳᠦ ᠡᠷᠬᠡᠪᠰᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠵᠤ᠂ ᠪᠠᠢᠭᠠᠯᠢ᠎ᠶᠢᠨ ᠵᠢᠮ᠎ᠡ ᠶᠣᠰᠣ᠌᠎ᠶᠢ ᠬᠦᠨᠳᠦᠳᠬᠡᠬᠦ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠬᠤ᠎ᠶᠢ ᠪᠠᠷᠢᠮᠲᠠᠯᠠᠬᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠪᠠᠷᠢᠮᠲᠠᠯᠠᠬᠤ᠂ ᠰᠢᠰᠲᠧᠮ᠎ᠦᠨ ᠦᠵᠡᠯᠲᠡ᠎ᠶᠢ ᠪᠠᠷᠢᠮᠲᠠᠯᠠᠬᠤ᠂ ᠨᠡᠢᠭᠡᠮ᠎ᠢᠶᠡᠷ᠎ᠢᠶᠡᠨ ᠬᠠᠮᠲᠤ᠎ᠪᠠᠷ ᠵᠠᠰᠠᠬᠤ᠎ᠶᠢ ᠪᠠᠷᠢᠮᠲᠠᠯᠠᠬᠤ ᠬᠡᠷᠡᠭᠲᠡᠢ᠃ ᠡᠳᠡᠭᠡᠷ ᠡᠷᠬᠢᠮ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠨ ᠰᠠᠢᠲᠤᠷ ᠬᠡᠷᠡᠭᠯᠡᠬᠦ᠎ᠶᠢᠨ ᠬᠠᠮᠲᠤ ᠰᠢᠨ᠎ᠡ ᠪᠣᠳᠠᠲᠤ ᠪᠠᠢᠳᠠᠯ᠎ᠲᠠᠢ ᠤᠶᠠᠯᠳᠤᠭᠤᠯᠤᠨ ᠲᠠᠰᠤᠷᠠᠯᠳᠠ ᠦᠭᠡᠢ ᠪᠠᠶᠠᠯᠢᠭ᠍ᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠵᠣᠬᠢᠶᠠᠯ᠎ᠳᠤ᠂ ᠣᠳᠣᠬᠠᠨ᠎ᠳᠤ ᠮᠠᠨ᠎ᠤ ᠤᠯᠤᠰ᠎ᠤᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠠᠵᠢᠯ᠎ᠳᠤ ᠴᠥᠭᠡᠨ ᠪᠤᠰᠤ ᠰᠢᠨ᠎ᠡ ᠪᠠᠢᠳᠠᠯ ᠰᠢᠨ᠎ᠡ ᠠᠰᠠᠭᠤᠳᠠᠯ ᠲᠤᠯᠭᠠᠷᠠᠵᠤ ᠪᠠᠢᠨ᠎ᠠ᠃ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠪᠠᠢᠯᠳᠤᠬᠤ ᠪᠣᠳᠣᠯᠭ᠎ᠠ᠎ᠶᠢᠨ ᠥᠨᠳᠥᠷᠴᠡ ᠡᠴᠡ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠠᠵᠢᠯ᠎ᠢ ᠰᠠᠢᠲᠤᠷ ᠬᠢᠬᠦ᠎ᠶᠢᠨ ᠲᠤᠢᠯ᠎ᠤᠨ ᠴᠢᠬᠤᠯᠠ ᠴᠢᠨᠠᠷ᠎ᠢ ᠭᠦᠢᠴᠡᠳ ᠲᠠᠨᠢᠵᠤ᠂ ᠳᠠᠪᠠᠭᠤᠯᠢᠭ᠋᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠦᠷᠢᠯᠡᠬᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠬᠦ᠎ᠪᠡᠷ ᠬᠦᠴᠦᠯᠡᠨ ᠴᠢᠷᠮᠠᠢᠵᠤ᠂ ᠡᠯ᠎ᠡ ᠲᠦᠷᠦᠯ᠎ᠦᠨ ᠪᠠᠢᠭᠠᠯᠢ᠎ᠶᠢᠨ ᠭᠠᠮᠰᠢᠭ᠋᠎ᠢ ᠰᠡᠷᠭᠡᠢᠯᠡᠨ ᠠᠷᠭᠠᠴᠠᠭᠠᠬᠤ ᠴᠢᠳᠠᠪᠤᠷᠢ ᠪᠠ ᠲᠦᠪᠰᠢᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠪᠠ ᠨᠡᠢᠭᠡᠮ᠎ᠦᠨ ᠲᠣᠭᠲᠠᠭᠤᠨ᠎ᠢ ᠦᠨᠡᠨ ᠬᠦ᠌ ᠬᠠᠮᠠᠭᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠭᠠᠮᠰᠢᠭ᠋᠎ᠢ ᠵᠠᠰᠠᠬᠤ ᠵᠢ ᠭᠡᠷᠡᠭ ᠡᠴᠡ ᠡᠮᠦᠨ᠎ᠡ ᠤᠷᠢᠳᠴᠢᠯᠠᠨ ᠰᠡᠷᠭᠡᠢᠯᠡᠬᠦ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃ ᠡᠬᠢ ᠡᠭᠦᠰᠦᠯ᠎ᠡᠴᠡ ᠨᠢ ᠬᠠᠮᠢᠶᠠᠷᠤᠨ ᠡᠵᠡᠮᠳᠡᠬᠦ᠎ᠶᠢ ᠪᠠᠷᠢᠮᠲᠠᠯᠠᠵᠤ᠂ ᠠᠮᠤᠷ ᠲᠦᠪᠰᠢᠨ᠎ᠦ ᠤᠶᠠᠨ ᠬᠠᠳᠠᠨ ᠴᠢᠨᠠᠷ᠎ᠤᠨ ᠱᠠᠭᠠᠷᠳᠠᠯᠭ᠎ᠠ᠎ᠶᠢ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ ᠵᠢᠴᠢ ᠡᠯ᠎ᠡ ᠲᠦᠷᠦᠯ᠎ᠦᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠳᠦ ᠲᠤᠭᠤᠰᠢᠯᠠᠭᠤᠯᠵᠤ᠂ ᠪᠠᠢᠭᠠᠯᠢ᠎ᠶᠢᠨ ᠭᠠᠮᠰᠢᠭ᠋᠎ᠤᠨ ᠠᠶᠤᠯ ᠲᠦᠭᠰᠢᠭᠦᠷᠢ᠎ᠡᠴᠡ ᠪᠦᠲᠦᠮᠵᠢᠲᠡᠢ ᠵᠠᠢᠯᠠᠰᠬᠢᠬᠦ ᠬᠡᠷᠡᠭᠳᠡᠢ᠃ ᠬᠡᠮ ᠰᠤᠭᠤᠭ᠎ᠢ ᠵᠢᠭ᠍ᠰᠠᠭᠠᠨ ᠪᠠᠢᠴᠠᠭᠠᠬᠤ᠂ ᠰᠢᠰᠲᠧᠮ᠎ᠲᠠᠢ ᠡᠮᠬᠢᠯᠡᠬᠦ᠎ᠶᠢ ᠴᠢᠩᠭᠠᠳᠬᠠᠵᠤ᠂ ᠡᠯ᠎ᠡ ᠲᠥᠷᠥᠯ᠎ᠦᠨ ᠭᠠᠮᠰᠢᠭ᠋᠎ᠤᠨ ᠠᠶᠤᠯ ᠲᠦᠭᠰᠢᠭᠦᠷᠢ᠎ᠶᠢ ᠣᠨᠣᠪᠴᠢᠲᠠᠶ ᠢᠯᠭᠠᠨ ᠲᠠᠨᠢᠬᠤ ᠬᠡᠷᠡᠭᠲᠡᠢ᠃ ᠢᠨᠵᠧᠨᠧᠷᠢᠩ᠎ᠦᠨ ᠵᠠᠰᠠᠯᠲᠠ᠎ᠶᠢ ᠴᠢᠩᠭᠠᠳᠬᠠᠵᠤ᠂ ᠴᠢᠬᠤᠯᠠ ᠬᠤᠳᠠ ᠪᠣᠯᠣᠨ ᠭᠠᠮᠰᠢᠭ᠋ ᠤᠯᠠᠨ ᠭᠠᠷᠳᠠᠭ ᠭᠠᠵᠠᠷ ᠣᠷᠣᠨ᠎ᠤ ᠵᠠᠩᠭᠢᠯᠠᠭ᠎ᠠ᠎ᠶᠢᠨ ᠰᠠᠭᠤᠷᠢ ᠲᠥᠬᠦᠭᠡᠷᠦᠮᠵᠢ᠎ᠶᠢᠨ ᠰᠡᠷᠭᠡᠢᠯᠡᠯᠲᠡ᠎ᠶᠢᠨ ᠪᠠᠷᠢᠮᠵᠢᠶ᠎ᠠ᠎ᠶᠢ ᠵᠣᠬᠢᠰᠲᠠᠢ ᠳᠡᠭᠡᠭᠰᠢᠯᠡᠭᠦᠯᠵᠦ᠂ ᠤᠮᠠᠷᠠᠲᠤ ᠣᠷᠣᠨ᠎ᠤ ᠦᠶᠡᠷ ᠤᠰᠤᠲᠤᠯ᠎ᠢ ᠰᠡᠷᠭᠡᠢᠯᠡᠵᠦ ᠭᠠᠮᠰᠢᠭ᠋᠎ᠲᠠᠢ ᠲᠡᠮᠡᠴᠡᠬᠦ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠬᠦ ᠬᠡᠷᠡᠭᠲᠡᠢ᠃ ᠲᠦᠭᠰᠢᠭᠦᠷᠢ ᠶᠡᠬᠡᠲᠡᠢ ᠭᠠᠵᠠᠷ᠎ᠤᠨ ᠬᠡᠰᠡᠭ ᠳᠡᠬᠢ ᠭᠣᠣᠯᠳᠠᠯᠭ᠎ᠠ᠎ᠲᠠᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠵᠤ᠂ ᠦᠯᠡᠳᠡᠭᠳᠡᠯ ᠲᠦᠭᠰᠢᠭᠦᠷᠢ᠎ᠶᠢ ᠪᠦᠲᠦᠮᠵᠢᠲᠡᠶ ᠪᠠᠭᠠᠰᠬᠠᠨ᠂ ᠰᠢᠨ᠎ᠡ᠎ᠪᠡᠷ ᠨᠡᠮᠡᠭᠳᠡᠵᠦ ᠮᠡᠳᠡᠬᠦ ᠲᠦᠭᠰᠢᠭᠦᠷᠢ᠎ᠶᠢ ᠬᠣᠷᠢᠭ᠍ᠯᠠᠬᠤ ᠬᠡᠷᠡᠭᠳᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠶᠡᠬᠡ ᠭᠠᠮᠰᠢᠭ᠋ ᠤᠨᠴᠠ ᠶᠡᠬᠡ ᠭᠠᠮᠰᠢᠭ᠋᠎ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ᠎ᠶᠢ ᠳᠡᠭᠡᠭᠰᠢᠯᠡᠭᠦᠯᠭᠦ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ᠎ᠤᠨ ᠰᠡᠳᠬᠢᠬᠦᠢ᠎ᠶᠢ ᠪᠠᠲᠤ ᠪᠤᠢ ᠪᠤᠯᠭᠠᠵᠤ᠂ ᠶᠡᠬᠡ ᠭᠠᠮᠰᠢᠭ᠋ ᠤᠨᠴᠠ ᠶᠡᠬᠡ ᠭᠠᠮᠰᠢᠭ᠋᠎ᠤᠨ ᠠᠶᠤᠯ ᠲᠦᠭᠰᠢᠭᠦᠷᠢ᠎ᠶᠢ ᠭᠦᠨᠵᠡᠭᠡᠢ ᠰᠤᠳᠤᠯᠤᠨ ᠮᠠᠭᠠᠳᠯᠠᠵᠤ᠂ ᠪᠠᠴᠢᠮ ᠪᠠᠢᠳᠠᠯ᠎ᠢ ᠠᠷᠭᠠᠴᠠᠭᠠᠬᠤ ᠲᠥᠰᠥᠯ᠎ᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠬᠦᠴᠢᠷᠳᠡᠯ ᠪᠠ ᠥᠷᠢᠰᠦᠯᠳᠦᠭᠡᠨ᠎ᠢ ᠨᠡᠩ ᠭᠦᠢᠴᠡᠳ ᠵᠢᠱ᠌ᠢᠵᠦ᠂ ᠠᠵᠢᠯ᠎ᠤᠨ ᠠᠷᠭ᠎ᠠ ᠬᠡᠮᠵᠢᠶ᠎ᠡ᠎ᠶᠢ ᠨᠡᠩ ᠭᠦᠢᠴᠡᠳ ᠪᠣᠳᠣᠯᠬᠢᠯᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲᠧᠮ᠎ᠢ ᠪᠦᠷᠢᠨᠰᠢᠭᠦᠯᠵᠦ᠂ ᠤᠷᠢᠳᠴᠢᠯᠠᠨ ᠰᠡᠷᠡᠮᠵᠢᠯᠡᠭᠦᠯᠭᠦ᠎ᠶᠢᠨ ᠴᠠᠬᠴᠢ  ᠴᠢᠨᠠᠷ᠂ ᠣᠨᠣᠪᠴᠢᠲᠤ ᠴᠢᠨᠠᠷ᠂ ᠨᠡᠪᠲᠡᠷᠡᠯᠴᠡᠬᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠶᠡᠬᠡ ᠠᠮᠤᠷ ᠲᠦᠪᠰᠢᠨ ᠶᠡᠬᠡ ᠪᠠᠴᠢᠮ ᠪᠠᠢᠳᠠᠯ᠎ᠢ ᠠᠷᠭᠠᠴᠠᠭᠠᠬᠤ ᠪᠣᠷᠣ᠌ ᠲᠥᠯᠥᠪ᠎ᠦᠨ ᠳᠣᠣᠷᠠᠬᠢ ᠪᠠᠴᠢᠮ ᠪᠠᠢᠳᠠᠯ᠎ᠢ ᠠᠷᠭᠠᠴᠠᠭᠠᠬᠤ ᠵᠢᠯᠤᠭᠣᠳᠬᠤ ᠲᠣᠭᠲᠠᠴᠠ᠎ᠶᠢ ᠪᠦᠷᠢᠨᠰᠢᠭᠦᠯᠵᠦ᠂ ᠵᠠᠩᠭᠢᠯᠠᠭ᠎ᠠ᠎ᠶᠢᠨ ᠦᠶ᠎ᠡ᠎ᠳᠦ ᠲᠦᠷᠭᠡᠨ ᠴᠤᠤᠷᠢᠶᠠᠳᠴᠤ᠂ ᠵᠤᠷᠢᠭᠳᠠᠢ ᠡᠭᠦᠷᠭᠡᠯᠡᠵᠦ᠂ ᠠᠮᠵᠢᠯᠳᠠ ᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠶᠡᠷᠦᠩᠬᠡᠢᠯᠡᠨ ᠠᠪᠤᠷᠠᠨ ᠲᠤᠰᠠᠯᠠᠬᠤ᠂ ᠰᠢᠯᠵᠢᠯᠲᠡ᠎ᠶᠢᠨ ᠦᠶ᠎ᠡ᠎ᠳᠦ ᠲᠥᠪᠬᠢᠨᠡᠭᠦᠯᠬᠦ ᠪᠠ ᠰᠡᠷᠭᠦᠭᠡᠨ ᠲᠠᠭᠢᠨ ᠪᠠᠶ᠋ᠢᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠬᠢᠵᠦ᠂ ᠪᠠᠢᠭᠠᠯᠢ᠎ᠶᠢᠨ ᠭᠠᠮᠰᠢᠭ᠋᠎ᠤᠨ ᠠᠶᠤᠯ ᠲᠦᠭᠰᠢᠭᠦᠷᠢ᠎ᠶᠢᠨ ᠳᠠᠮᠵᠢᠭ᠍ᠳᠠᠬᠤ ᠪᠠ ᠲᠠᠷᠬᠠᠬᠤ᠎ᠶᠢ ᠰᠡᠷᠭᠡᠢᠯᠡᠬᠦ ᠬᠡᠷᠡᠭᠲᠡᠢ᠃ ᠮᠠᠨ᠎ᠤ ᠤᠯᠤᠰ ᠪᠣᠯ ᠨᠡᠢᠭᠡᠮ ᠵᠢᠷᠤᠮᠲᠤ ᠤᠯᠤᠰ ᠮᠥᠨ᠂ ᠵᠠᠪᠠᠯ ᠤᠳᠠᠭ᠎ᠠ ᠪᠦᠷᠢ᠎ᠶᠢᠨ ᠶᠡᠬᠡ ᠭᠠᠮᠰᠢᠭ᠋᠎ᠤᠨ ᠶᠡᠬᠡ ᠰᠢᠯᠭᠠᠯᠲᠠ᠎ᠳᠤ ᠰᠢᠯᠢᠳᠡᠭ ᠰᠢᠯᠭᠠᠯᠲᠠ᠎ᠶᠢᠨ ᠬᠠᠭᠤᠳᠠᠰᠤ ᠲᠤᠰᠢᠶᠠᠵᠤ᠂ ᠨᠡᠢᠭᠡᠮ ᠵᠢᠷᠤᠮᠲᠤ ᠪᠠᠢᠭᠤᠯᠤᠯ᠎ᠤᠨ ᠳᠠᠪᠠᠭᠤᠯᠢᠭ᠋ ᠴᠢᠨᠠᠷ᠎ᠢ ᠭᠦᠢᠴᠡᠳ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃

ᠵᠣᠬᠢᠶᠠᠯ᠎ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ ᠪᠠ ᠬᠠᠤᠯᠢ ᠪᠡᠷ ᠵᠠᠰᠠᠬᠤ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ᠎ᠪᠠᠷ᠂ ᠰᠢᠨ᠎ᠡ ᠭᠡᠯᠪᠡᠷᠢ᠎ᠶᠢᠨ ᠤᠯᠤᠰ ᠳᠠᠶᠠᠭᠠᠷᠴᠢᠯᠠᠬᠰᠠᠨ ᠪᠠᠢᠭᠤᠯᠤᠯ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠬᠦᠷᠢᠶᠡᠨ᠎ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ ᠪᠠ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠵᠤ᠂ ᠪᠠᠢᠭᠠᠯᠢ᠎ᠶᠢᠨ ᠭᠠᠮᠰᠢᠭ᠋᠎ᠤᠨ ᠰᠠᠭᠤᠷᠢ ᠰᠤᠳᠤᠯᠭᠠᠨ᠎ᠢ ᠭᠦᠨᠵᠡᠭᠡᠢ ᠥᠷᠨᠢᠭᠦᠯᠵᠦ᠂ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠠᠬᠢᠭᠤᠯᠵᠤ᠂ ᠤᠯᠠᠨ ᠤᠯᠤᠰ᠎ᠤᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠬᠡᠷᠡᠭᠲᠡᠢ᠃ ᠬᠠᠤᠯᠢ᠎ᠪᠠᠷ ᠵᠠᠰᠠᠬᠤ ᠲᠠᠯ᠎ᠠ᠎ᠪᠠᠷ᠂ ᠪᠠᠴᠢᠮ ᠪᠠᠢᠳᠠᠯ᠎ᠢ ᠠᠷᠭᠠᠴᠠᠭᠠᠬᠤ ᠬᠦᠷᠢᠶᠡᠨ᠎ᠳᠠᠬᠢ ᠬᠠᠤᠯᠢ᠎ᠪᠠᠷ ᠵᠠᠰᠠᠬᠤ ᠰᠢᠰᠲᠧᠮ᠎ᠢ ᠪᠦᠷᠢᠨᠰᠢᠭᠦᠯᠵᠦ᠂ ᠬᠠᠤᠯᠢ ᠲᠣᠭᠲᠠᠭᠠᠬᠤ᠎ᠶᠢ ᠲᠡᠭᠦᠯᠳᠡᠷᠵᠢᠭᠦᠯᠬᠦ ᠪᠠ ᠬᠠᠤᠯᠢ᠎ᠶᠢ ᠴᠢᠩᠭ᠎ᠠ ᠬᠡᠷᠡᠭᠵᠢᠭᠦᠯᠬᠦ᠎ᠶᠢ ᠤᠶᠠᠯᠳᠤᠭᠤᠯᠵᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠬᠠᠤᠯᠢ᠎ᠪᠠᠷ ᠵᠠᠰᠠᠬᠤ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ ᠦᠨᠳᠦᠰᠦᠨ ᠱᠠᠲᠤ ᠪᠣᠯ ᠪᠠᠢᠭᠠᠯᠢ᠎ᠶᠢᠨ ᠭᠠᠮᠰᠢᠭ᠋᠎ᠢ ᠡᠰᠡᠷᠭᠦᠴᠡᠬᠦ ᠨᠢᠭᠡᠳᠦᠭᠡᠷ ᠹᠷᠣᠨᠲ ᠮᠥᠨ᠂ ᠦᠨᠳᠦᠰᠦᠨ ᠱᠠᠲᠤ᠎ᠶᠢ ᠠᠳᠬᠤᠬᠤ᠂ ᠰᠠᠭᠤᠷᠢ᠎ᠶᠢ ᠴᠢᠩᠭᠠᠳᠬᠠᠬᠤ ᠠᠵᠢᠯ᠎ᠢ ᠶᠡᠷᠦ᠎ᠡᠴᠡ ᠰᠤᠯᠠᠷᠠᠭᠤᠯᠵᠤ ᠪᠤᠯᠬᠤ ᠦᠭᠡᠢ᠃ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ᠎ᠦ ᠰᠢᠰᠲᠧᠮ᠎ᠢ ᠲᠡᠭᠦᠯᠳᠡᠷᠵᠢᠭᠦᠯᠵᠦ᠂ ᠪᠠᠴᠢᠮ ᠪᠠᠢᠳᠠᠯ᠎ᠢ ᠠᠷᠭᠠᠴᠠᠭᠠᠬᠤ ᠲᠠᠯᠠᠪᠤᠷ ᠭᠠᠵᠠᠷ᠎ᠤᠨ ᠪᠠᠢᠭᠤᠯᠤᠯᠲᠠ ᠪᠠ ᠡᠳ᠋ ᠪᠣᠳᠠᠰ ᠲᠣᠨᠣᠭᠯᠠᠯ᠎ᠤᠨ ᠪᠠᠲᠤᠯᠠᠭ᠎ᠠ᠎ᠶᠢ ᠴᠢᠩᠭᠠᠳᠬᠠᠬᠤ ᠬᠡᠷᠡᠭᠲᠡᠢ᠃ ᠨᠡᠢᠭᠡᠮ᠎ᠦᠨ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠦ ᠪᠠᠢᠭᠤᠯᠤᠯᠲᠠ᠎ᠶᠢ ᠵᠣᠷᠢᠭ᠍ᠵᠢᠭᠤᠯᠤᠨ ᠳᠡᠮᠵᠢᠵᠦ᠂ ᠣᠯᠠᠨ᠎ᠢᠶᠠᠷ᠎ᠢᠶᠠᠨ ᠬᠡᠮᠵᠢᠵᠦ ᠣᠯᠠᠨ᠎ᠢᠶᠠᠷ᠎ᠢᠶᠠᠨ ᠰᠡᠷᠭᠡᠢᠯᠡᠵᠦ ᠣᠯᠠᠨ᠎ᠢᠶᠠᠷ᠎ᠢᠶᠠᠨ ᠵᠠᠰᠠᠬᠤ ᠰᠢᠰᠲᠧᠮ᠎ᠢ ᠲᠡᠭᠦᠯᠳᠡᠷᠵᠢᠭᠦᠯᠦᠨ᠎ᠡ᠃ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠡᠷᠴᠢᠮ᠎ᠢ ᠴᠢᠩᠭᠠᠷᠠᠭᠤᠯᠵᠤ᠂ ᠪᠦᠭᠦ ᠠᠷᠠᠳ᠎ᠤᠨ ᠭᠠᠮᠰᠢᠭ᠋᠎ᠢ ᠰᠡᠷᠭᠡᠢᠯᠡᠵᠤ ᠠᠶᠤᠯ᠎ᠠᠴᠠ ᠵᠠᠢᠯᠠᠬᠤ ᠤᠬᠠᠮᠰᠠᠷ ᠪᠠ ᠴᠢᠳᠠᠪᠤᠷᠢ᠎ᠶᠢ ᠳᠡᠭᠡᠭᠰᠢᠯᠡᠭᠦᠯᠦᠨ᠎ᠡ ᠭᠡᠵᠦ ᠵᠢᠭᠠᠵᠤ ᠭᠠᠷᠭᠠᠵᠠᠢ᠃

ᠵᠣᠬᠢᠶᠠᠯ᠎ᠳᠤ᠂ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠨᠠᠷᠢᠨ ᠬᠢᠨᠠᠮᠠᠭᠠᠢ ᠰᠠᠢᠲᠤᠷ ᠠᠳᠬᠤᠬᠤ ᠬᠡᠷᠡᠭᠲᠡᠢ᠃ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠨᠢ ᠤᠯᠠᠨ ᠰᠠᠯᠠᠭ᠎ᠠ ᠮᠥᠴᠢᠷ᠂ ᠤᠯᠠᠨ ᠭᠠᠮᠰᠢᠭ᠋᠎ᠤᠨ ᠲᠦᠷᠦᠯ᠂ ᠤᠯᠠᠨ ᠭᠣᠭᠴᠣᠭ᠎ᠠ᠎ᠳᠤ ᠬᠣᠯᠪᠣᠭᠳᠠᠬᠤ ᠤᠴᠢᠷ᠎ᠠᠴᠠ ᠡᠷᠬᠡᠪᠰᠢ ᠲᠤᠰᠢᠶᠠᠯ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢ ᠪᠤᠯᠭᠠᠵᠤ᠂ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠴᠢᠩᠭ᠎ᠠ ᠠᠳᠬᠤᠵᠤ᠂ ᠵᠠᠩᠭᠢᠳᠤᠭᠰᠠᠨ ᠨᠢᠳᠤᠷᠭ᠎ᠠ ᠪᠤᠯᠵᠤ ᠬᠠᠮᠳᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠢᠭᠡᠳᠬᠡᠬᠦ ᠪᠠ ᠰᠠᠯᠭᠠᠬᠤ᠎ᠶᠢ ᠤᠶᠠᠯᠳᠤᠭᠤᠯᠬᠤ᠂ ᠰᠡᠷᠭᠡᠢᠯᠡᠬᠦ ᠪᠠ ᠠᠪᠤᠷᠠᠬᠤ᠎ᠶᠢ ᠵᠣᠯᠭᠠᠭᠤᠯᠬᠤ᠂ ᠳᠡᠭᠡᠭᠰᠢ ᠲᠤᠭᠤᠬᠰᠢ ᠬᠤᠯᠪᠤᠭᠠᠯᠠᠨ᠂ ᠵᠡᠷᠭᠡ ᠪᠡᠷ ᠠᠳᠬᠤᠵᠤ ᠬᠠᠮᠲᠤ ᠪᠠᠷ ᠬᠠᠮᠢᠶᠠᠷᠬᠤ᠂ ᠵᠤᠬᠢᠴᠠᠭᠤᠯᠤᠨ ᠬᠠᠮᠵᠢᠯᠴᠠᠬᠤ ᠠᠵᠢᠯ᠎ᠤᠨ ᠪᠠᠢᠷᠢᠰᠢᠯ᠎ᠢ ᠪᠤᠶ ᠪᠤᠯᠭᠠᠬᠤ᠎ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠠᠵᠢᠯ᠎ᠢ ᠰᠠᠢᠲᠤᠷ ᠬᠢᠬᠦ᠎ᠳᠦ ᠵᠠᠰᠠᠬ᠎ᠤᠨ ᠠᠵᠢᠯ᠎ᠤᠨ ᠪᠦᠲᠦᠮᠵᠢ ᠵᠢᠨ ᠳᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠥᠭᠵᠢᠯᠲᠡ᠎ᠶᠢ ᠴᠢᠬᠤᠯᠠᠴᠢᠯᠠᠵᠤ ᠠᠮᠤᠷ ᠲᠦᠪᠰᠢᠨ᠎ᠢ ᠬᠥᠩᠭᠡᠪᠴᠢᠯᠡᠬᠦ᠂ ᠭᠠᠮᠰᠢᠭ᠋᠎ᠠᠴᠠ ᠠᠪᠤᠷᠠᠬᠤ᠎ᠶᠢ ᠴᠢᠬᠤᠯᠠᠴᠢᠯᠠᠵᠤ ᠤᠷᠢᠳᠴᠢᠯᠠᠨ ᠰᠡᠷᠭᠡᠢᠯᠡᠬᠦ᠎ᠶᠢ ᠬᠥᠩᠭᠡᠪᠴᠢᠯᠡᠬᠦ ᠵᠡᠷᠭᠡ ᠬᠡᠯᠪᠡᠷᠢᠯ᠎ᠢ ᠡᠷᠡᠰ ᠵᠠᠯᠠᠷᠠᠭᠤᠯᠬᠤ ᠬᠡᠷᠡᠭᠲᠡᠢ᠃ ᠬᠥᠮᠦᠵᠢᠯ ᠪᠣᠯᠪᠠᠰᠤᠷᠠᠯ᠎ᠢ ᠴᠢᠩᠭᠠᠳᠬᠠᠵᠤ᠂ ᠡᠯ᠎ᠡ ᠱᠠᠲᠤᠨ᠎ᠤ ᠺᠠᠳ᠋ᠷᠴᠤᠳ᠎ᠤᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠲᠠᠨᠢᠯᠲᠠ ᠦᠨᠳᠦᠷ᠂ ᠬᠠᠷᠢᠭᠤᠴᠠᠯᠭ᠎ᠠ ᠰᠠᠢᠳᠠᠢ᠂ ᠠᠵᠢᠯ ᠎ᠢᠶᠡᠨ ᠰᠠᠢᠳᠤᠷ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 8 ᠰᠠᠷ᠎ᠠ᠎ᠶᠢᠨ 15 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号