ᠠᠭᠤᠯᠠ ᠤᠰᠤ ᠨᠤᠮᠢᠨ ᠨᠤᠭᠤᠭᠠᠨ ᠪᠤᠯ ᠤᠯᠤᠰ ᠤᠷᠤᠨ ᠥᠵᠡᠰᠬᠥᠯᠡᠨᠭᠲᠥ ᠰᠠᠢᠬᠠᠨ
2026-08-16 11:03:38
ᠵᠣᠬᠢᠶᠠᠭ᠍ᠴᠢ᠄
ᠯᠢ ᠬᠤᠢ ᠹᠠᠩ
ᠣᠩᠱᠢᠭ᠍ᠰᠠᠨ ᠣᠳᠠᠭ᠎ᠠ᠄
★★★☆☆

2026 ᠣᠨ᠎ᠤ 8 ᠰᠠᠷ᠎ᠠ᠎ᠶᠢᠨ 15 ᠤ᠋ ᠡᠳᠦᠷ᠂ ᠳᠥᠷᠪᠡᠳᠡᠬᠢ ᠪᠦᠬᠦ᠌ ᠤᠯᠤᠰ᠎ᠤᠨ ᠠᠮᠢ ᠠᠬᠤᠢ᠎ᠶᠢᠨ ᠡᠳᠦᠷ ᠪᠣᠯᠵᠣᠭ᠎ᠠ ᠶᠣᠰᠣᠭᠠᠷ ᠬᠦᠷᠴᠦ᠍ ᠢᠷᠡᠵᠦ᠂ ᠭᠣᠣᠯ ᠲᠠᠯᠠᠪᠤᠷ᠎ᠤᠨ ᠠᠵᠢᠯᠯᠠᠭ᠎ᠠ ᠥᠪᠥᠷ ᠮᠣᠩᠭᠣᠯ᠎ᠤᠨ ᠬᠥᠯᠥᠨ ᠪᠤᠢ᠌ᠷ ᠬᠤᠳᠠ᠎ᠳᠤ ᠶᠠᠪᠤᠭᠳᠠᠪᠠ᠂ ᠡᠨᠡ ᠡᠳᠦᠷ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ》 ᠢ᠋ ᠵᠢᠩᠬᠢᠨᠢ᠎ᠪᠡᠷ ᠬᠡᠷᠡᠭᠵᠢᠭᠦᠯᠦᠭᠰᠡᠨ ᠪᠠᠢᠨ᠎ᠠ᠃ 《ᠨᠤᠮᠢᠨ ᠤᠰᠤ ᠬᠥᠬᠡᠮᠳᠦᠭ ᠠᠭᠤᠯᠠ ᠪᠤᠯ ᠠᠯᠲᠠᠨ ᠠᠭᠤᠯᠠ ᠮᠦᠩᠭᠦᠨ ᠬᠠᠢᠷᠬᠠᠨ ᠮᠦᠨ》 ᠭᠡᠬᠦ ᠤᠢ᠌ᠯᠠᠭᠠᠭᠳᠠᠬᠤᠨ᠎ᠢ ᠡᠬᠢᠯᠡᠭᠦᠯᠦᠭᠰᠡᠨ᠎ᠡᠴᠡ ᠠᠮᠢ ᠠᠬᠤᠢ᠎ᠶᠢᠨ ᠡᠳᠦᠷ᠎ᠢ ᠲᠣᠭᠲᠠᠭᠠᠭᠰᠠᠨ ᠬᠦᠷᠲᠡᠯ᠎ᠡ᠂ ᠲᠠᠬᠢᠭᠠᠳ ᠬᠠᠤᠯᠢ᠎ᠶᠢᠨ ᠪᠢᠴᠢᠭ᠎ᠢ ᠬᠡᠷᠡᠭᠵᠢᠭᠦᠯᠦᠭᠰᠡᠨ ᠬᠦᠷᠲᠡᠯ᠎ᠡ᠂ ᠳᠤᠮᠳᠠᠳᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ ᠶᠠᠭ ᠣᠶ᠋ᠢᠯᠠᠭᠠᠭᠳᠠᠬᠤᠨ᠎ᠡᠴᠡ ᠲᠦᠷᠢᠮ ᠬᠦᠷᠲᠡᠯ᠎ᠡ᠂ ᠦᠢᠯᠡᠳᠦᠯᠭᠡ᠎ᠡᠴᠡ ᠬᠠᠤᠯᠢ ᠪᠡᠷ ᠵᠠᠰᠠᠬᠤ ᠬᠦᠷᠲᠡᠯᠡᠬᠢ ᠭᠦᠨᠵᠡᠭᠡᠢ ᠳᠠᠪᠠᠯᠲᠠ᠎ᠵᠢ ᠪᠡᠶᠡᠯᠡᠭᠦᠯᠵᠦ ᠪᠠᠶ᠋ᠢᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦᠶ᠎ᠡ᠂ ᠮᠠᠨ᠎ᠤ ᠤᠯᠤᠰ᠎ᠤᠨ ᠠᠮᠢ ᠠᠬᠤᠶ᠎ᠶᠢᠨ ᠵᠠᠰᠠᠯᠲᠠ᠎ᠨᠢ ᠨᠢᠭᠡᠨ ᠬᠤᠪᠢ ᠭᠢᠯᠠᠯᠵᠠᠭᠰᠠᠨ ᠬᠠᠷᠢᠭᠤᠯᠲᠠ᠎ᠶᠢᠨ ᠬᠠᠭᠤᠳᠠᠰᠤ ᠲᠤᠰᠢᠶᠠᠪᠠ᠄ ᠠᠭᠠᠷ᠎ᠤᠨ ᠶᠠᠰᠤ ᠴᠢᠨᠠᠷ᠂ ᠤᠰᠤᠨ᠎ᠤ ᠣᠷᠴᠢᠨ ᠲᠣᠭᠣᠷᠢᠨ᠂ ᠬᠣᠲᠠ ᠬᠥᠳᠡᠭᠡ᠎ᠶᠢᠨ ᠣᠷᠣᠰᠢᠨ ᠰᠠᠭᠤᠬᠤ ᠣᠷᠴᠢᠨ ᠲᠣᠭᠣᠷᠢᠨ ᠵᠡᠷᠭᠡ ᠭᠤᠷᠪᠠᠨ ᠲᠠᠯ᠎ᠠ ᠪᠡᠷ ᠢᠯᠡᠳᠲᠡ ᠰᠠᠶ᠋ᠢᠵᠢᠷᠠᠵᠤ᠂ ᠬᠦᠨᠳᠦ ᠪᠣᠬᠢᠷᠲᠤᠯ᠎ᠲᠠᠶ ᠴᠠᠭ ᠠᠭᠤᠷ᠂ ᠮᠠᠭᠤ V ᠲᠥᠷᠥᠯ᠎ᠦᠨ ᠣᠭᠲᠣᠯᠤᠭᠠᠰᠤ᠂ ᠬᠣᠲᠠ᠎ᠶᠢᠨ ᠪᠣᠬᠢᠷ ᠦᠮᠡᠬᠡᠶ ᠤᠰᠤᠨ ᠴᠣᠭᠴᠠ ᠵᠡᠷᠭᠡ ᠭᠤᠷᠪᠠᠨ ᠲᠠᠯ᠎ᠠ ᠵᠢ ᠦᠨᠳᠦᠰᠦᠨ᠎ᠳᠡᠭᠡᠨ ᠠᠷᠢᠯᠭᠠᠭᠰᠠᠨ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ ᠮᠠᠨ᠎ᠤ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠵᠤ᠂ 1 — 7 ᠰᠠᠷ᠎ᠠ᠎ᠳᠤ ᠪᠥᠬᠥ᠌ ᠤᠯᠤᠰ᠎ᠤᠨ PM2.5 ᠎ᠵᠢᠨ ᠳᠤᠮᠳᠠᠴᠢ ᠥᠳᠬᠡᠴᠡ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 6.2% ᠵᠢᠡᠷ ᠪᠠᠭᠤᠷᠠᠵᠤ᠂ ᠭᠠᠵᠠᠷ ᠳᠡᠭᠡᠷᠡᠬᠢ ᠤᠰᠤᠨ᠎ᠤ ᠴᠢᠨᠠᠷ ᠰᠠᠶ᠋ᠢᠲᠠᠶ ᠣᠭᠲᠣᠯᠤᠭᠠᠰᠤ᠎ᠶᠢᠨ ᠬᠠᠷᠢᠴᠠᠯ 86.5% ᠎ᠳ᠋ᠤ ᠬᠦᠷᠴᠦ᠍᠂ ᠲᠣᠭ᠎ᠠ ᠪᠠᠷᠢᠮᠲᠠ᠎ᠶᠢᠨ ᠠᠷᠤ᠎ᠳᠤ ᠬᠥᠭᠵᠢᠯᠲᠡ᠎ᠶᠢᠨ ᠯᠣᠭᠢᠭ᠎ᠤᠨ ᠦᠨᠳᠦᠰᠦᠨ ᠬᠤᠪᠢᠷᠠᠯᠲᠠ ᠪᠠᠢᠵᠤ᠂ ᠪᠢᠳᠡ ᠪᠥᠬᠥᠨ ᠣᠷᠴᠢᠨ ᠲᠣᠭᠣᠷᠢᠨ᠎ᠢ ᠦᠷᠡᠭᠳᠡᠭᠦᠯᠵᠦ᠍ ᠪᠠᠶ᠋ᠢᠭᠠᠳ ᠨᠢᠭᠡ ᠴᠠᠭ᠎ᠤᠨ ᠨᠡᠮᠡᠭᠳᠡᠯ᠎ᠢ ᠰᠣᠯᠢᠬᠤ᠎ᠪᠠᠨ ᠪᠤᠯᠢᠵᠤ᠂ ᠬᠠᠷᠢᠨ ᠬᠠᠮᠤᠭ᠎ᠤᠨ ᠴᠢᠩᠭ᠎ᠠ ᠲᠦᠷᠢᠮ᠂ ᠬᠠᠮᠤᠭ᠎ᠤᠨ ᠨᠢᠭᠲᠠ ᠬᠠᠤᠯᠢ᠎ᠪᠠᠷ ᠵᠠᠰᠠᠬᠤ᠎ᠪᠠᠷ ᠦᠵᠡᠰᠬᠦᠯᠡᠩᠲᠦ᠍ ᠰᠠᠶ᠋ᠢᠬᠠᠨ ᠳᠤᠮᠳᠠᠳᠤ ᠤᠯᠤᠰ᠎ᠲᠤ᠌ ᠪᠠᠲᠤ᠌ ᠪᠠᠬᠢ ᠦᠨᠳᠦᠰᠦ ᠰᠠᠭᠤᠷᠢ᠎ᠶᠢ ᠲᠠᠯᠪᠢᠪᠠ᠃

ᠬᠥᠯᠥᠨ ᠪᠤᠢ᠍ᠢᠷ ᠪᠣᠯ ᠪᠦᠭᠦ ᠤᠯᠤᠰ᠎ᠤᠨ ᠠᠮᠢ ᠠᠬᠤᠢ᠎ᠶᠢᠨ ᠵᠠᠰᠠᠯᠲᠠ᠎ᠶᠢᠨ ᠠᠮᠢᠳᠤᠯᠢᠭ ᠬᠤᠷᠢᠶᠠᠩᠭᠤᠢ ᠳᠦᠷᠰᠦ ᠪᠣᠯᠣᠨ᠎ᠠ᠃ 7000 ᠭᠠᠷᠤᠢ ᠳ᠋ᠦᠩᠰᠢᠭᠤᠷ ᠲᠥᠭᠥᠷᠢᠭ᠎ᠦᠨ ᠠᠮᠢ ᠠᠬᠤᠢ᠎ᠶᠢᠨ ᠰᠠᠭᠤᠷᠢ᠎ᠲᠠᠢ ᠥᠷᠭᠡᠨ ᠠᠭᠤᠳᠠᠮ ᠰᠢᠭᠤᠢᠲᠤ ᠣᠷᠣᠨ᠎ᠳᠤ 2015 ᠣᠨ᠎ᠳᠤ ᠵᠢᠷᠠ ᠭᠠᠷᠤᠢ ᠵᠢᠯ᠎ᠦᠨ 《ᠮᠣᠳᠣ᠌ ᠣᠭᠲᠣᠯᠬᠤ ᠠᠵᠤ ᠠᠬᠤᠢ》 ᠶ᠋ᠢ ᠡᠴᠦᠰᠯᠡᠭᠦᠯᠵᠦ᠂ ᠦᠶ᠎ᠡ ᠦᠶ᠎ᠡ᠎ᠶᠢᠨ ᠤᠢ ᠰᠢᠭᠤᠢ᠎ᠶᠢᠨ ᠬᠥᠮᠥᠰ ᠰᠦᠬᠡ ᠬᠢᠷᠦᠭᠡ᠎ᠪᠡᠨ ᠬᠠᠶᠠᠵᠤ᠂ ᠲᠣᠭᠣᠷᠢᠨ ᠬᠠᠮᠠᠭᠠᠯᠠᠬᠤ ᠪᠣᠭᠴᠣ᠌᠎ᠪᠠᠨ ᠡᠭᠦᠷᠴᠦ᠂ 《ᠮᠣᠳᠣ᠌ ᠣᠭᠲᠣᠯᠣᠭ᠍ᠴᠢ》 ᠪᠠᠢᠭᠰᠠᠨ᠎ᠠᠴᠠ᠎ᠪᠠᠨ ᠡᠷᠭᠢᠵᠦ᠂ 《ᠤᠢ ᠬᠠᠮᠠᠭᠠᠯᠠᠬᠴᠢ》᠂ 《ᠤᠢᠵᠢᠭᠤᠯᠤᠬᠴᠢ》 ᠪᠣᠯᠵᠤ᠂ ᠠᠷᠪᠠ ᠭᠠᠷᠤᠢ ᠵᠢᠯ᠎ᠦᠨ ᠴᠢᠷᠮᠠᠢᠯᠭ᠎ᠠ᠎ᠪᠠᠷ ᠨᠡᠢ᠍ᠢᠲᠡ 43.38 ᠲᠦᠮᠡᠨ ᠮᠦ᠍ ᠤᠢ ᠮᠣᠳᠣ᠌ ᠳᠠᠷᠢᠵᠤ᠂ ᠤᠯᠠᠨ ᠵᠢᠯ᠎ᠦᠨ ᠤᠯᠠ ᠮᠥᠷ ᠲᠠᠰᠤᠷᠠᠬ᠍ᠰᠠᠨ ᠬᠣᠪᠣᠷ ᠴᠤᠬᠠᠭ ᠠᠷᠢᠶᠠᠲᠠᠨ ᠵᠢᠭᠦᠷᠲᠡᠨ ᠤᠢ ᠰᠢᠭᠤᠢ᠎ᠳᠦ ᠲᠠᠭᠢᠨ ᠢᠯᠡᠷᠡᠵᠡᠢ᠃ ᠣᠳᠣᠬᠠᠨ᠎ᠳᠤ ᠲᠤᠬᠠᠢ᠎ᠶᠢᠨ ᠭᠠᠵᠠᠷ᠎ᠤᠨ ᠰᠦᠪᠡᠭᠴᠢᠯᠡᠵᠦ ᠪᠠᠢᠭ᠎ᠠ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ᠂ 《ᠲᠣᠭᠠᠴᠢᠯᠠᠭᠰᠠᠨ ᠠᠮᠢ ᠠᠬᠤᠢ᠎ᠶᠢᠨ ᠮᠠᠯᠵᠢᠯ᠎ᠤᠨ ᠲᠠᠯᠠᠪᠠᠢ》᠂ ᠠᠭᠤᠷᠬᠠᠢ᠎ᠶᠢᠨ ᠠᠮᠢ ᠠᠬᠤᠢ᠎ᠶᠢ ᠵᠠᠰᠠᠨ ᠰᠡᠷᠭᠦᠭᠡᠬᠦ ᠵᠡᠷᠭᠡ ᠦᠢᠯᠡᠳᠦᠯᠭᠡ ᠨᠢ ᠠᠮᠢ ᠠᠬᠤᠢ᠎ᠶᠢᠨ ᠡᠬᠢ ᠪᠠᠶᠠᠯᠢᠭ᠋᠎ᠢ ᠰᠢᠭᠤᠳ ᠪᠠᠷᠢᠴᠠᠭᠠᠯᠠᠵᠤ ᠪᠤᠯᠬᠤ᠂ ᠠᠷᠠᠯᠵᠢᠶᠠᠯᠠᠵᠤ ᠪᠤᠯᠬᠤ 《ᠪᠣᠬᠢᠷᠳᠤᠯ ᠦᠭᠡᠢ ᠬᠠᠳᠠᠭᠠᠯᠠᠮᠵᠢ᠎ᠶᠢᠨ ᠳᠡᠪᠲᠡᠷ》 ᠪᠤᠯᠭᠠᠵᠤ᠂ ᠬᠥᠬᠡᠮᠳᠦᠭ ᠨᠣᠭᠣᠭᠠᠨ ᠠᠭᠤᠯᠠ ᠤᠰᠤ᠎ᠶᠢ ᠦᠨᠡᠨᠬᠦ ᠠᠷᠠᠳ ᠤᠯᠠᠨ᠎ᠤ ᠵᠣᠯ ᠵᠢᠷᠭᠠᠯ᠎ᠤᠨ ᠲᠦᠰᠢᠭ ᠲᠤᠯᠭᠠᠭᠤᠷᠢ ᠪᠤᠯᠭᠠᠬ᠍ᠰᠠᠨ ᠪᠠᠢᠨ᠎ᠠ᠃

ᠪᠦᠭᠦ ᠤᠯᠤᠰ᠎ᠤᠨ ᠠᠮᠢ ᠠᠬᠤᠢ᠎ᠶᠢᠨ ᠡᠳᠦᠷ᠎ᠦᠨ ᠠᠵᠢᠯᠯᠠᠭ᠎ᠠ᠎ᠳᠤ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠂ ᠦᠷ᠎ᠡ ᠪᠦᠲᠦᠭᠡᠯ ᠨᠡᠢᠲᠡᠯᠡᠬᠦ᠂ ᠪᠦᠭᠦ ᠠᠷᠠᠳ᠎ᠤᠨ ᠰᠠᠨᠠᠭᠠᠴᠢᠯᠠᠭ᠎ᠠ ᠪᠠ ᠲᠤᠷᠰᠢᠯᠭ᠎ᠠ᠎ᠶᠢᠨ ᠰᠣᠯᠢᠯᠴᠠᠭ᠎ᠠ᠎ᠶᠢ ᠬᠤᠷᠠᠮᠳᠤᠭᠤᠯᠵᠤ᠂ ᠪᠦᠭᠦ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠄ ᠪᠣᠬᠢᠷᠳᠤᠯ ᠦᠭᠡᠢ ᠲᠡᠢᠰᠢ ᠭᠡᠯᠪᠡᠷᠢ᠎ᠪᠡᠨ ᠬᠤᠪᠢᠷᠠᠭᠤᠯᠬᠤ ᠨᠢ ᠨᠢᠭᠡᠨᠲᠡ 《ᠰᠣᠩᠭᠣᠬᠤ ᠰᠡᠳᠦᠪ》 ᠪᠠᠢᠭᠰᠠᠨ᠎ᠠᠴᠠ᠎ᠪᠠᠨ 《ᠵᠠᠪᠠᠯ ᠬᠠᠷᠢᠭᠤᠯᠬᠤ ᠰᠡᠳᠦᠪ》 ᠪᠣᠯᠵᠤ ᠬᠤᠪᠢᠷᠠᠪᠠ᠃ ᠭᠠᠭᠴᠠ᠎ᠬᠦ ᠲᠥᠷᠢᠮ ᠎ᠢᠶᠡᠷ ᠰᠠᠬᠢᠨ ᠬᠠᠮᠠᠭᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶᠢ ᠪᠦᠭᠦ ᠠᠷᠠᠳ᠎ᠤᠨ ᠠᠵᠢᠯᠯᠠᠭ᠎ᠠ᠎ᠲᠠᠢ ᠠᠳᠠᠯᠢ ᠴᠢᠭᠯᠡᠯ᠎ᠢᠶᠡᠷ ᠬᠦᠴᠦᠯᠡᠪᠡᠯ ᠰᠠᠶᠢ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠬᠥᠭᠵᠢᠯᠲᠡ᠎ᠶᠢᠨ ᠦᠨᠳᠦᠰᠦ ᠰᠠᠭᠤᠷᠢ᠎ᠶᠢ ᠪᠡᠬᠢᠵᠢᠭᠦᠯᠵᠦ᠂ ᠦᠷ᠎ᠡ ᠬᠣᠢᠴᠢᠰ᠎ᠲᠠᠭᠠᠨ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠦᠬᠡᠮᠳᠦᠭ᠂ ᠤᠰᠤ ᠨᠢ ᠨᠡᠩ ᠲᠤᠩᠭᠠᠯᠠᠭ ᠰᠦᠷᠯᠢᠭ ᠰᠠᠢᠬᠠᠨ ᠦᠵᠡᠮᠵᠢ᠎ᠶᠢ ᠦᠯᠡᠳᠡᠭᠡᠨ ᠥᠭᠴᠦ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号