8 ᠰᠠᠷ᠎ᠠ᠎ᠶᠢᠨ 14 ᠡᠴᠡ 16 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠯᠥᠨ ᠪᠤᠢ᠌ᠷ ᠬᠤᠳᠠ᠎ᠳᠤ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠨᠠᠮᠤᠷ᠎ᠤᠨ ᠤᠯᠠᠷᠢᠯ᠎ᠤᠨ ᠤᠢ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠶ᠋ᠢᠯᠡᠨ ᠤᠨᠲᠠᠷᠠᠭᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠠᠵᠢᠯ᠎ᠢ ᠪᠠᠶ᠋ᠢᠴᠠᠭᠠᠨ ᠰᠤᠳᠤᠯᠪᠠ᠃
ᠪᠦᠦ ᠭᠠᠩ ᠰᠢᠷᠠᠳᠠᠯ᠎ᠠ ᠲᠠᠷᠢᠶᠠᠯᠠᠩ ᠮᠠᠯᠵᠢᠯ᠎ᠤᠨ ᠲᠠᠯᠠᠪᠠᠶ᠂ ᠬᠠᠶ᠋ᠢᠯᠠᠷ ᠲᠣᠭᠣᠷᠢᠭ᠎ᠤᠨ ᠹᠸᠨ ᠳ᠋ᠧᠦ ᠪᠠᠯᠭᠠᠰᠤᠨ᠎ᠤ ᠶᠢᠦ ᠯᠢᠶᠠᠨ ᠲᠣᠰᠬᠣᠨ᠎ᠳᠤ ᠭᠦᠨᠵᠡᠭᠡᠶ᠋ᠢᠷᠡᠨ᠂ ᠲᠠᠷᠢᠶᠠᠯᠠᠩ᠎ᠤᠨ ᠦᠢᠯᠡᠳᠪᠦᠷᠢᠯᠡᠯ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠥᠳᠡᠭᠡ ᠲᠣᠰᠬᠣᠨ᠎ᠤ ᠬᠠᠮᠲᠤ᠎ᠶᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》 ᠤ᠋ᠨ ᠬᠠᠮᠢᠶᠠᠷᠤᠯᠲᠠ ᠵᠡᠷᠭᠡ ᠪᠠᠶ᠋ᠢᠳᠠᠯ᠎ᠢ ᠲᠤᠬᠠᠶ᠎ᠶᠢᠨ ᠭᠠᠵᠠᠷ᠎ᠲᠤᠨᠢ ᠪᠠᠶ᠋ᠢᠴᠠᠭᠠᠨ ᠦᠵᠡᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠦᠨᠡᠨ ᠬᠦ᠌ ᠬᠠᠲᠠᠭᠤ ᠲᠠᠢ ᠨᠢ ᠬᠠᠯᠳᠠᠵᠤ ᠪᠠᠢᠭᠠᠳ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠲᠥᠯᠥᠪᠵᠢᠭᠦᠯᠭᠡ᠂ ᠳᠠᠭᠠᠭᠠᠴᠢᠯᠠᠯᠲᠠ ᠵᠠᠷᠯᠠᠬᠤ᠂ ᠪᠥᠲᠥᠭᠡᠨ ᠪᠠᠶ᠋ᠢᠭᠤᠯᠬᠤ᠂ ᠰᠢᠯᠭᠠᠨ ᠠᠪᠬᠤ᠂ ᠬᠠᠮᠢᠶᠠᠷᠴᠤ᠌ ᠬᠠᠮᠠᠭᠠᠯᠠᠬᠤ ᠵᠡᠷᠭᠡ ᠭᠣᠭᠴᠣᠭ᠎ᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠰᠢᠢᠳᠪᠦᠷᠢᠯᠡᠵᠦ᠍᠂ ᠨᠢᠭᠡᠬᠡᠰᠡᠭᠢ ᠪᠠᠶ᠋ᠢᠭᠤᠯᠪᠠᠯ ᠨᠢᠭᠡᠬᠡᠰᠡᠭᠢ ᠪᠦᠲᠦᠭᠡᠬᠦ᠌᠎ᠶᠢ ᠦᠨᠡᠨ ᠬᠦ᠌ ᠪᠠᠲᠤᠯᠠᠬᠤ ᠬᠡᠷᠡᠭᠲᠡᠶ; ᠬᠥᠳᠡᠭᠡ ᠲᠣᠰᠬᠣᠨ᠎ᠤ ᠬᠠᠮᠲᠤ᠎ᠶᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》 ᠤ᠋ᠨ ᠬᠠᠮᠢᠶᠠᠷᠤᠯᠲᠠ᠎ᠶᠢ ᠵᠢᠷᠤᠮᠵᠢᠭᠤᠯᠵᠤ᠂ ᠬᠠᠮᠲᠤ᠎ᠶᠢᠨ ᠡᠳ᠋ ᠬᠥᠷᠥᠩᠭᠡ᠎ᠶᠢ ᠡᠮᠬᠢᠯᠡᠨ ᠲᠣᠳᠣᠷᠬᠠᠶ᠋ᠢᠯᠠᠵᠤ᠂ ᠲᠠᠩᠰᠠ ᠪᠠ ᠪᠣᠳᠠᠲᠠᠶ᠎ᠶᠢ ᠬᠠᠷᠢᠯᠴᠠᠨ ᠨᠡᠶ᠋ᠢᠴᠡᠭᠦᠯᠬᠦ᠌᠂ ᠲᠠᠩᠰᠠ᠎ᠶᠢ ᠢᠯᠡ ᠪᠣᠯᠭᠠᠬᠤ᠎ᠶᠢ ᠪᠡᠶᠡᠯᠡᠭᠦᠯᠵᠦ᠍᠂ ᠣᠯᠠᠨ ᠲᠦᠮᠡᠨ᠎ᠳᠦ ᠴᠡᠭᠴᠡᠯᠡᠨ ᠵᠠᠰᠠᠭᠰᠠᠨ ᠦᠷ᠎ᠡ ᠪᠦᠲᠦᠮᠵᠢ᠎ᠶᠢ ᠨᠠᠩ ᠢᠯᠡᠭᠦᠦ ᠨᠢᠳᠦᠨ ᠳ᠋ᠦ ᠦᠵᠡᠭᠳᠡᠮ᠎ᠠ ᠰᠡᠳᠭᠢᠯ᠎ᠳᠤ ᠰᠠᠭᠤᠭᠳᠠᠮ᠎ᠠ ᠪᠤᠯᠭᠠᠨ ᠣᠶ᠋ᠢᠯᠠᠭᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠪᠦᠦ ᠭᠠᠩ ᠥᠪᠥᠷ ᠮᠣᠩᠭᠣᠯ᠎ᠤᠨ ᠣᠶ ᠰᠢᠭᠤᠶ᠎ᠶᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠹᠧᠩ ᠲᠢᠶᠠᠨ ᠣᠶ ᠰᠢᠭᠤᠶ ᠨᠤᠲᠤᠭ ᠪᠡᠯᠴᠢᠭᠡᠷ᠎ᠦᠨ ᠺᠣᠮᠫᠠᠨᠢ᠂ ᠲᠦᠢᠮᠡᠷ᠎ᠢ ᠰᠡᠷᠭᠡᠶ᠋ᠢᠯᠡᠨ ᠤᠨᠲᠠᠷᠠᠭᠠᠬᠤ ᠵᠢᠯᠣᠭᠣᠳᠬᠤ ᠲᠥᠪ᠎ᠲᠦ᠍ ᠬᠦᠷᠴᠦ᠍᠂ ᠰᠢ ᠵᠢᠨ ᠫᠢᠩ᠎ᠦᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠶ ᠦᠢᠯᠡᠳᠦᠯᠭᠡᠵᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠍᠂ ᠲᠤᠬᠠᠶ᠎ᠶᠢᠨ ᠭᠠᠵᠠᠷ᠎ᠤᠨ ᠪᠠᠶ᠋ᠢᠳᠠᠯ᠎ᠳᠠᠭᠠᠨ ᠲᠣᠬᠢᠷᠠᠭᠤᠯᠤᠨ ᠣᠶᠲᠤᠲᠤᠷᠠᠬᠢ ᠠᠵᠤ ᠠᠬᠤᠶ᠎ᠶᠢ ᠪᠣᠶ᠋ᠢᠵᠢᠭᠤᠯᠤᠨ ᠪᠤᠵᠠᠭᠠᠶ᠋ᠢᠷᠠᠭᠤᠯᠵᠤ᠂ ᠣᠶ ᠰᠢᠭᠤᠶ᠎ᠶᠢᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ᠎ᠢ ᠬᠦᠴᠦᠯᠡᠨ ᠬᠥᠭᠵᠢᠭᠦᠯᠵᠦ᠍᠂ ᠨᠤᠮᠢᠨ ᠤᠰᠤ ᠬᠥᠬᠡᠮᠳᠦᠭ ᠠᠭᠤᠯᠠ᠎ᠶᠢ ᠰᠠᠢᠳᠤᠷ ᠰᠠᠬᠢᠨ ᠬᠠᠮᠠᠭᠠᠯᠠᠵᠤ ᠠᠵᠢᠯᠲᠠᠨ ᠠᠵᠢᠯᠴᠢᠨ ᠣᠯᠠᠨ ᠲᠦᠮᠡᠨ᠎ᠳᠤ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠭᠦᠯᠬᠦ ᠬᠡᠷᠡᠭᠲᠡᠶ᠃ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌ ᠲᠣᠭᠲᠠᠴᠠ᠎ᠶᠢ ᠪᠦᠷᠢᠨᠰᠢᠬᠦᠯᠵᠤ᠂ ᠨᠡᠭᠦᠷᠡᠰᠦᠲᠥᠢ᠍ᠷᠥᠭᠴᠢ ᠬᠤᠷᠠᠮᠳᠤᠭᠤᠯᠬᠤ ᠠᠷᠠᠯᠵᠢᠶ᠎ᠠ᠎ᠶᠢ ᠢᠳᠡᠪᠬᠢᠲᠡᠢ ᠰᠦᠪᠡᠭᠴᠢᠯᠡᠨ ᠥᠷᠨᠢᠭᠦᠯᠵᠦ᠍᠂ ᠨᠡᠭᠦᠷᠡᠰᠦᠲᠥᠢ᠍ᠷᠥᠭᠴᠢ ᠬᠤᠷᠠᠮᠳᠤᠭᠤᠯᠬᠤ ᠦᠢᠯᠡᠳᠬᠦᠨ᠎ᠢ ᠰᠢᠭᠤᠶ᠋ᠢᠲᠤ᠌ ᠣᠷᠣᠨ᠎ᠤ 《ᠪᠣᠬᠢᠷᠲᠤᠯ ᠦᠭᠡᠢ ᠬᠠᠳᠠᠭᠠᠯᠠᠮᠵᠢ᠎ᠶᠢᠨ ᠳᠡᠪᠲᠡᠷ》 ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠳᠣᠬᠠᠨ᠎ᠳᠤ ᠶᠠᠭ ᠰᠢᠭᠤᠶ᠋ᠢᠲᠤ᠌ ᠣᠷᠣᠨ᠎ᠤ ᠲᠦᠢᠮᠡᠷ᠎ᠢ ᠰᠡᠷᠭᠡᠶ᠋ᠢᠯᠡᠬᠦ᠌ ᠬᠤᠭᠤᠴᠠᠭᠠᠨ᠎ᠳᠤ ᠣᠷᠣᠰᠢᠵᠤ ᠪᠠᠢᠨ᠎ᠠ᠂ ᠪᠦᠦ ᠭᠠᠩ ᠸᠢᠳᠢᠣ᠋᠎ᠪᠠᠷ ᠲᠠᠮᠵᠢᠨ ᠰᠢᠭᠤᠶ᠋ᠢᠲᠤ᠌ ᠣᠷᠣᠨ᠎ᠤ ᠲᠦᠢᠮᠡᠷ᠎ᠢ ᠰᠡᠷᠭᠡᠶ᠋ᠢᠯᠡᠬᠦ᠌ ᠪᠠᠷᠠᠯᠠᠬᠤ ᠰᠤᠪᠤᠷᠭ᠎ᠠ ᠪᠣᠯᠤᠨ ᠪᠠᠶ᠋ᠢᠴᠠᠭᠠᠬᠤ ᠥᠷᠲᠡᠭᠡ᠎ᠲᠡᠶ ᠬᠤᠯᠪᠤᠭᠳᠠᠵᠤ᠂ ᠲᠦᠢᠮᠡᠷ᠎ᠢ ᠰᠡᠷᠭᠡᠶ᠋ᠢᠯᠡᠨ ᠤᠨᠲᠠᠷᠠᠭᠠᠬᠤ ᠡᠳ᠋ ᠪᠣᠳᠠᠰ ᠪᠣᠯᠤᠨ ᠲᠣᠨᠣᠭ ᠲᠥᠬᠥᠭᠡᠷᠦᠮᠵᠢ᠎ᠶᠢ ᠭᠦᠢᠴᠡᠳ ᠪᠡᠯᠡᠳᠭᠡᠵᠦ ᠲᠣᠬᠢᠷᠠᠭᠤᠯᠤᠨ᠂ ᠲᠦᠢᠮᠡᠷ᠎ᠢ ᠤᠨᠲᠠᠷᠠᠭᠠᠬᠤ ᠡᠩᠨᠡᠭᠡ᠎ᠶᠢᠨ ᠪᠣᠯᠪᠠᠰᠤᠷᠠᠯ ᠰᠣᠷᠢᠯᠲᠠ᠎ᠶᠢ ᠪᠣᠳᠠᠲᠠᠶ ᠠᠳᠬᠤᠵᠤ᠂ ᠲᠦᠢᠮᠡᠷ᠎ᠦᠨ ᠪᠠᠶ᠋ᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠲᠦᠷᠭᠡᠨ ᠴᠤᠤᠷᠢᠶᠠᠲᠤᠨ ᠳᠠᠭᠠᠬᠤ ᠪᠠ ᠰᠢᠢᠳᠪᠦᠷᠢᠯᠡᠬᠦ᠌ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠍᠂ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ ᠪᠣᠯᠤᠨ ᠶᠡᠬᠡ ᠬᠢᠩᠭᠠᠨ ᠳᠠᠪᠠᠭ᠎ᠠ᠎ᠶᠢᠨ ᠠᠮᠢ ᠠᠬᠤᠶ᠎ᠶᠢᠨ ᠠᠮᠤᠷ ᠲᠦᠪᠰᠢᠨ᠎ᠢ ᠰᠠᠶ᠋ᠢᠲᠤᠷ ᠬᠠᠮᠠᠭᠠᠯᠠᠬᠤ ᠬᠡᠷᠡᠭᠲᠡᠶ ᠭᠡᠵᠦ᠍ ᠴᠢᠬᠤᠯᠠᠴᠢᠯᠠᠪᠠ᠃ ᠬᠤᠢ ᠾᠧ ᠤᠯᠤᠰ᠎ᠤᠨ ᠲᠠᠰ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠪᠦᠦ ᠭᠠᠩ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠢ ᠨᠠᠷᠢᠨ ᠬᠢᠨᠠᠮᠠᠭᠠᠶ ᠰᠠᠢᠳᠤᠷ ᠲᠤᠭᠤᠰᠢᠯᠠᠭᠤᠯᠵᠤ᠂ ᠨᠤᠭᠤ ᠭᠠᠵᠠᠷ᠎ᠤᠨ ᠬᠠᠮᠢᠶᠠᠷᠤᠯᠲᠠ ᠬᠠᠮᠠᠭᠠᠯᠠᠯᠲᠠ᠎ᠶᠢᠨ ᠲᠦᠷᠢᠮ᠎ᠢ ᠨᠠᠷᠢᠯᠢᠬᠵᠢᠭᠤᠯᠤᠨ᠂ ᠨᠤᠭᠤ ᠭᠠᠵᠠᠷ᠂ ᠨᠤᠭᠤ ᠭᠠᠵᠠᠷ᠎ᠤᠨ ᠲᠠᠯ᠎ᠠ ᠨᠤᠲᠤᠭ᠂ ᠡᠯᠡᠰᠦᠷᠬᠡᠭ ᠭᠠᠵᠠᠷ᠎ᠤᠨ ᠬᠠᠶ᠋ᠢᠯᠠᠷ ᠨᠠᠷᠠᠰᠤ᠂ ᠬᠣᠪᠣᠷ ᠴᠤᠬᠠᠭ ᠵᠢᠭᠦᠷᠲᠡᠨ᠎ᠢ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠵᠤ᠂ ᠰᠠᠨᠰᠠᠷ ᠣᠭᠲᠠᠷᠭᠤᠶ ᠭᠠᠵᠠᠷ ᠢ ᠨᠢᠭᠡ ᠴᠤᠭᠴᠠᠵᠢᠭᠤᠯᠤᠭᠰᠠᠨ ᠣᠶᠤᠨᠴᠢ ᠬᠢᠨᠠᠨ ᠬᠡᠮᠵᠢᠬᠦ᠌ ᠲᠤᠤᠷᠰᠦᠯᠵᠢᠶᠡ ᠵᠢ ᠲᠦᠷᠭᠡᠳᠬᠡᠨ ᠪᠠᠶ᠋ᠢᠭᠤᠯᠵᠤ᠂ ᠤᠰᠤᠨ ᠵᠦᠶ᠂ ᠤᠷᠭᠤᠮᠠᠯ᠎ᠤᠨ ᠬᠤᠴᠢᠯᠭ᠎ᠠ᠂ ᠬᠡᠭᠡᠷ᠎ᠡ᠎ᠶᠢᠨ ᠠᠮᠢᠲᠠᠨ ᠵᠡᠷᠭᠡ ᠠᠮᠢ ᠠᠬᠤᠶ᠎ᠶᠢᠨ ᠲᠡᠪᠢᠰᠭᠡᠷ ᠲᠣᠭ᠎ᠠ ᠪᠠᠷᠢᠮᠲᠠ᠎ᠶᠢ ᠰᠢᠰᠲ᠋ᠧᠮ᠎ᠲᠡᠶ ᠴᠤᠭᠯᠠᠭᠤᠯᠤᠨ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠢ ᠴᠢᠩᠭᠠᠳᠬᠠᠵᠤ᠂ ᠦᠵᠡᠰᠬᠦᠯᠡᠩᠲᠦ᠍ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠥᠪᠥᠷ ᠮᠣᠩᠭᠣᠯ᠎ᠤᠨ ᠬᠤᠪᠢ ᠨᠡᠮᠡᠷᠢ᠎ᠵᠢ ᠦᠵᠡᠭᠦᠯᠬᠦ᠌ ᠬᠡᠷᠡᠭᠲᠡᠶ ᠭᠡᠵᠦ᠍ ᠱᠠᠭᠠᠷᠳᠠᠪᠠ᠃
ᠪᠦᠦ ᠭᠠᠩ ᠪᠠᠰᠠ ᠶᠠᠭᠰᠢ᠎ᠶᠢᠨ ᠤᠶᠤᠨᠴᠢ ᠰᠦᠯᠵᠢᠶᠡᠨ᠎ᠦ ᠬᠣᠯᠪᠣᠭ᠎ᠠ ᠵᠢᠨ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠪᠦᠬᠦ᠌ ᠤᠯᠠᠷᠢᠯ᠎ᠤᠨ ᠮᠥᠰᠥ᠍ ᠴᠠᠰᠤᠨ᠎ᠤ ᠲᠤᠷᠰᠢᠯᠲᠠ᠎ᠶᠢᠨ ᠰᠠᠭᠤᠷᠢᠨ᠎ᠤ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢᠨ ᠲᠤᠬᠠᠢ᠎ᠶᠢᠨ ᠲᠠᠯᠠᠪᠠᠢ᠂ ᠹᠸᠩ ᠬᠤᠸᠠᠩ ᠱᠠᠨ ᠠᠭᠤᠯᠠ᠎ᠶᠢᠨ ᠬᠦᠢᠳᠡᠨ ᠭᠠᠵᠠᠷ᠎ᠤᠨ ᠮᠠᠰᠢᠨ ᠲᠡᠷᠭᠡᠨ᠎ᠦ ᠲᠤᠷᠰᠢᠯᠲᠠ᠎ᠶᠢᠨ ᠰᠠᠭᠤᠷᠢᠨ᠎ᠳᠤ ᠪᠠᠶ᠋ᠢᠴᠠᠭᠠᠨ ᠰᠤᠳᠤᠯᠤᠯᠲᠠ ᠬᠢᠵᠦ᠍᠂ ᠲᠤᠬᠠᠢ᠎ᠶᠢᠨ ᠭᠠᠵᠠᠷ᠎ᠤᠨ ᠬᠢᠨ᠎ᠤ 《ᠬᠦᠢᠳᠡᠨ ᠡᠬᠢ ᠪᠠᠶᠠᠯᠢᠭ》 ᠵᠢᠡᠷ 《ᠬᠠᠯᠠᠮᠰᠢᠯ ᠠᠵᠤ ᠦᠢᠯᠡᠰ》 ᠢ᠋ ᠬᠦᠰᠢᠵᠦ ᠬᠥᠳᠡᠯᠭᠡᠵᠦ᠍᠂ ᠮᠠᠰᠢᠨ ᠲᠡᠷᠭᠡᠨ᠎ᠤ ᠲᠤᠷᠰᠢᠯᠲᠡ ᠵᠢᠨ ᠡᠬᠢᠨ᠎ᠤ ᠪᠠ ᠡᠴᠦᠰ᠎ᠤᠨ ᠬᠡᠯᠬᠢᠶ᠎ᠡ ᠲᠠᠢ ᠬᠣᠯᠪᠣᠯᠳᠤᠭᠰᠠᠨ ᠠᠵᠤ ᠠᠬᠤᠶ᠋ᠢᠯᠠᠯ᠎ᠢ ᠶᠡᠬᠡ ᠪᠡᠷ ᠤᠷᠤᠭᠤᠯᠤᠨ ᠠᠪᠴᠢᠷᠠᠵᠤ᠂ ᠮᠥᠰᠥ᠍ ᠴᠠᠰᠤᠨ᠎ᠤ ᠲᠣᠨᠣᠭᠯᠠᠯ ᠦᠢᠯᠡᠳᠬᠦ᠌᠂ ᠮᠠᠰᠢᠨ ᠲᠡᠷᠭᠡ ᠰᠡᠯᠪᠢᠨ ᠵᠠᠰᠠᠬᠤ᠂ ᠰᠣᠶᠣᠯ ᠵᠢᠭᠤᠯᠴᠢᠯᠠᠯ᠎ᠤᠨ ᠴᠤᠭᠯᠠᠭᠠᠨ ᠦᠵᠡᠰᠬᠦᠯᠡᠩ ᠵᠡᠷᠭᠡ ᠬᠦᠷᠢᠶᠡᠨ᠎ᠦ ᠬᠠᠮᠵᠢᠯᠴᠠᠨ ᠬᠠᠷᠢᠯᠴᠠᠨ ᠠᠬᠢᠭᠤᠯᠬᠤ ᠵᠢ ᠲᠠᠢᠴᠢᠯᠠᠵᠤ᠂ ᠣᠷᠣᠨ ᠨᠤᠲᠤᠭ᠎ᠤᠨ ᠣᠨᠴᠠᠯᠢᠭᠲᠤ ᠳᠠᠪᠠᠭᠤᠯᠢᠭ᠎ᠲᠤ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠬᠤ ᠵᠢ ᠵᠣᠷᠢᠭᠵᠢᠭᠤᠯᠪᠠ᠃