ᠪᠤᠭᠤᠲᠤ᠎ᠶᠢᠨ ᠠᠩᠭᠢ ᠠᠯᠠᠭᠠᠳᠠᠬᠤ ᠪᠥᠮᠪᠥᠭᠡ᠎ᠶᠢᠨ ᠡᠮᠡᠭᠲᠡᠢ᠎ᠶᠢᠨ ᠬᠥᠬᠡ ᠳᠤᠭᠤᠢᠯᠠᠩ᠎ᠤᠨ ᠤᠷᠤᠯᠳᠤᠭᠠᠨ᠎ᠳᠤ ᠮᠠᠩᠯᠠᠢᠯᠠᠪᠠ
2026-08-17 10:23:47
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 16 ᠎ᠤ᠋ ᠡᠳᠦᠷ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ ᠪᠡᠶ᠎ᠡ᠎ᠶᠢᠨ ᠲᠠᠮᠢᠷ ᠎ᠤᠨ ᠴᠤᠭᠯᠠᠭᠠᠨ᠎ᠤ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ ᠪᠤᠭᠤᠲᠤ ᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠠᠯᠠᠭᠠᠳᠠᠬᠤ ᠪᠥᠮᠪᠥᠭᠡ᠎ᠶᠢᠨ ᠣᠷᠳᠣᠨ᠎ᠳᠤ ᠬᠦᠭᠵᠢᠶᠡᠨᠲᠠᠢ ᠶᠠᠪᠤᠭᠳᠠᠯ᠎ᠠ᠃

ᠤᠷᠤᠯᠳᠤᠭᠠᠨ ᠎ᠤ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠬᠦᠷ ᠬᠥᠭᠵᠢᠶᠡᠨ᠎ᠢᠶᠡᠷ ᠪᠢᠯᠬᠠᠵᠤ᠂ ᠤᠷᠤᠯᠳᠤᠭᠠᠨ᠎ᠳᠤ ᠣᠷᠣᠯᠴᠠᠭᠰᠠᠨ ᠲᠠᠮᠢᠷᠴᠢᠳ ᠴᠤᠭ ᠵᠢᠪᠬᠤᠭ᠎ᠠ ᠲᠠᠢ᠂ ᠲᠡᠮᠡᠴᠡᠯ᠎ᠦᠨ ᠵᠣᠷᠢᠭ᠋ ᠪᠠᠳᠠᠷᠠᠩᠭᠤᠢ ᠪᠠᠢᠵᠤ᠂ ᠯᠠᠪᠳᠠᠭᠤᠨ ᠪᠠᠲᠤᠲᠠᠢ ᠪᠥᠮᠪᠥᠭᠡ᠎ᠶᠢᠨ ᠮᠡᠷᠭᠡᠵᠢᠯ᠎ᠢᠶᠡᠷ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠤᠷᠤᠭᠰᠢᠯᠠᠨ ᠲᠠᠪᠰᠢᠬᠤ᠂ ᠡᠭᠦᠷᠢᠳᠡ ᠨᠤᠭᠤᠷᠠᠰᠢ ᠦᠭᠡᠢ ᠤᠷᠤᠯᠳᠤᠭᠠᠨ᠎ᠤ ᠬᠡᠪ ᠪᠤᠯᠪᠠᠰᠤᠷᠠᠯ ᠪᠣᠯᠣᠨ ᠪᠦᠯᠬᠦᠮᠳᠡᠨ ᠬᠠᠮᠵᠢᠯᠴᠠᠬᠤ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃ ᠣᠯᠠᠨ ᠤᠳᠠᠭᠠᠨ᠎ᠤ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠠᠮᠵᠢᠭᠠᠳ᠂ ᠲᠤᠰ ᠤᠳᠠᠭᠠᠨ᠎ᠤ ᠤᠷᠤᠯᠳᠤᠭᠠᠨ᠎ᠤ ᠡᠮᠡᠭᠲᠡᠢ᠎ᠶᠢᠨ ᠬᠥᠬᠡ ᠳᠤᠭᠤᠢᠯᠠᠩ᠎ᠤᠨ ᠤᠷᠤᠯᠳᠤᠭᠠᠨ ᠦᠨᠳᠦᠷᠯᠡᠵᠦ᠂ ᠪᠤᠭᠤᠳᠦ ᠬᠤᠲᠠ᠎ᠶᠢᠨ ᠠᠩᠭᠢ ᠮᠠᠩᠯᠠᠢᠯᠠᠵᠤ᠂ ᠬᠥᠬᠡᠬᠣᠲᠠ᠎ᠶᠢᠨ ᠠᠩᠭᠢ ᠳᠡᠳ᠋ᠯᠡᠨ᠂ ᠣᠷᠳᠣᠰ᠎ᠤᠨ ᠠᠩᠭᠢ ᠭᠤᠲᠠᠭᠠᠷ᠎ᠲᠤ ᠲᠤᠳᠤᠷᠠᠵᠠᠢ᠃

ᠲᠤᠰ ᠤᠳᠠᠭᠠᠨ ᠎ᠤ ᠠᠯᠠᠭᠠᠳᠠᠬᠤ ᠪᠥᠮᠪᠥᠭᠡ᠎ᠶᠢᠨ ᠤᠷᠤᠯᠳᠤᠭᠠᠨ᠎ᠢ ᠡᠷᠭᠢᠯᠡᠭᠰᠡᠨ ᠨᠢ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠠᠯᠠᠭᠠᠳᠠᠬᠤ ᠪᠥᠮᠪᠥᠭᠡ᠎ᠶᠢᠨ ᠲᠠᠮᠢᠷᠴᠢᠳ᠎ᠲᠤ ᠮᠡᠷᠭᠡᠵᠢᠯ᠎ᠶ᠋ᠢᠡᠨ ᠰᠣᠯᠢᠯᠴᠠᠬᠤ᠂ ᠬᠠᠷᠢᠯᠴᠠᠨ ᠰᠤᠷᠤᠯᠴᠠᠬᠤ ᠰᠢᠯᠢᠳᠡᠭ ᠲᠠᠪᠴᠠᠩ᠎ᠢ ᠪᠠᠢᠭᠤᠯᠤᠨ ᠥᠭᠴᠦ᠂ ᠮᠠᠨ᠎ᠤ ᠣᠷᠣᠨ᠎ᠤ ᠵᠠᠯᠠᠭᠤᠴᠤᠳ ᠪᠠᠭᠠᠴᠤᠳ᠎ᠤᠨ ᠠᠯᠠᠭᠠᠳᠠᠬᠤ ᠪᠥᠮᠪᠥᠭᠡ᠎ᠶᠢᠨ ᠲᠥᠷᠥᠯ ᠵᠦᠢᠯ᠎ᠦᠨ ᠪᠣᠯᠪᠠᠰᠤᠷᠠᠯ᠎ᠤᠨ ᠦᠷ᠎ᠡ ᠪᠦᠲᠦᠭᠡᠯ᠎ᠢ ᠪᠦᠲᠦᠮᠵᠢᠲᠡᠶ᠎ᠪᠡᠷ ᠰᠢᠯᠭᠠᠨ ᠪᠠᠢᠴᠠᠭᠠᠵᠤ᠂ ᠠᠯᠠᠭᠠᠳᠠᠬᠤ ᠪᠥᠮᠪᠥᠭᠡ᠎ᠶᠢᠨ ᠬᠥᠳᠡᠯᠭᠡᠭᠡᠨ᠎ᠦ ᠥᠪᠥᠷ ᠮᠣᠩᠭᠣᠯ᠎ᠳᠠᠬᠢ ᠲᠦᠭᠡᠮᠡᠯᠵᠢᠯᠲᠡ ᠪᠠ ᠬᠥᠭᠵᠢᠯᠲᠡ᠎ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号