ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠤᠷᠤᠯᠳᠤᠭᠠᠨ ᠥᠨᠳᠥᠷᠯᠡᠪᠡ
2026-08-17 10:24:31
ᠵᠣᠬᠢᠶᠠᠭ᠍ᠴᠢ᠄
ᠴᠸᠨ ᠨᠠᠷᠠᠨᠳᠤᠨᠭᠭᠠᠯᠠᠭ ᠨᠠᠮᠤᠭ ᠠᠯᠤᠰ ᠸ·ᠭᠡᠷᠡᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 15᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠬᠦᠨᠳᠦ ᠬᠥᠩᠭᠡᠨ ᠪᠡᠶ᠎ᠡ᠎ᠶᠢᠨ  ᠲᠠᠮᠢᠷ᠎ᠤᠨ ᠤᠷᠤᠯᠳᠤᠭᠠᠨ ᠪᠤᠭᠤᠲᠤ ᠬᠤᠲᠠ᠎ᠳᠤ ᠦᠨᠳᠦᠷᠯᠡᠪᠡ᠃

ᠲᠣᠰ ᠤᠳᠠᠭᠠᠨ᠎ᠤ ᠤᠷᠤᠯᠳᠤᠭᠠᠨ ᠨᠢ 5 ᠡᠳᠦᠷ ᠶᠠᠪᠤᠭᠳᠠᠵᠦ᠂ ᠤᠷᠤᠯᠳᠤᠭᠠᠨ᠎ᠳᠦ ᠡᠷᠡᠭᠲᠡᠢ ᠡᠮᠡᠭᠲᠡᠢ᠎ᠶᠢᠨ ᠬᠥᠬᠡ᠂ ᠬᠥᠬᠡᠭᠴᠢᠨ᠂ ᠤᠯᠠᠭᠠᠨ ᠵᠡᠷᠭᠡ ᠳᠤᠭᠤᠢᠯᠠᠩ ᠬᠤᠪᠢᠶᠠᠵᠤ᠂ ᠨᠡᠶ᠋ᠢᠲᠡ 104 ᠤᠷᠤᠯᠳᠤᠭᠠᠨ᠎ᠤ ᠪᠠᠭ᠎ᠠ ᠲᠥᠷᠥᠯ ᠵᠦᠢᠯ ᠭᠠᠷᠭᠠᠵᠤ ᠂ ᠵᠠᠯᠠᠭᠤᠴᠤᠳ ᠪᠠᠭᠠᠴᠤᠳ᠎ᠤᠨ ᠡᠯ᠎ᠡ ᠨᠠᠰᠤᠨ᠎ᠤ ᠤᠷᠤᠯᠳᠤᠭᠠᠨ᠎ᠢ ᠪᠥᠬᠥ ᠲᠠᠯ᠎ᠠ᠎ᠪᠠᠷ ᠬᠠᠮᠤᠷᠪᠠ᠃

ᠪᠦᠬᠦ ᠣᠷᠣᠨ᠎ᠤ 12 ᠠᠢᠮᠠᠭ ᠬᠤᠳᠠ᠎ᠠᠴᠠ ᠢᠷᠡᠭᠰᠡᠨ 1550 ᠭᠠᠷᠤᠢ ᠳᠠᠰᠬᠠᠯᠵᠢᠭᠤᠯᠤᠭ᠍ᠴᠢ᠂ ᠲᠠᠮᠢᠷᠴᠢᠳ ᠤᠷᠤᠯᠳᠤᠭᠠᠨ᠎ᠤ ᠲᠠᠯᠠᠪᠠᠢ᠎ᠳᠤ  ᠡᠷᠡᠯᠬᠡᠭᠯᠡᠨ ᠲᠡᠮᠡᠴᠡᠵᠦ᠂ ᠬᠡᠳᠦᠨ ᠡᠳᠦᠷ᠎ᠦᠨ ᠬᠤᠷᠴᠠ ᠰᠢᠷᠦᠭᠦᠨ ᠮᠥᠷᠥᠢᠴᠡᠭᠡᠨ᠎ᠢᠶᠡᠷ ᠳᠠᠮᠵᠢᠨ᠂ ᠤᠷᠤᠯᠳᠤᠭᠠᠨ᠎ᠤ ᠡᠴᠦᠰ ᠲᠸ᠋ 104 ᠠᠯᠲᠠᠨ ᠮᠧᠳᠠᠯ ᠰᠢᠯᠭᠠᠷᠠᠭᠤᠯᠵᠦ᠂ ᠮᠠᠨ᠎ᠤ ᠣᠷᠣᠨ᠎ᠤ ᠵᠠᠯᠠᠭᠤᠴᠤᠳ ᠪᠠᠭᠠᠴᠤᠳ᠎ᠤᠨ ᠬᠦᠨᠳᠦ ᠬᠥᠩᠭᠡᠨ᠎ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠵᠦᠢᠯ᠎ᠦᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠢᠯᠡᠷᠡᠬᠦᠯᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号