8 ᠰᠠᠷ᠎ᠠ᠎ᠶᠢᠨ 16 ᠤ᠋ ᠣᠷᠣᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠣᠨᠢᠨ ᠮᠡᠳᠡᠭᠡ ᠨᠡᠢᠲᠡᠯᠡᠬᠦ ᠬᠤᠷᠠᠯ ᠪᠤᠭᠤᠲᠤ ᠬᠣᠲᠠ᠎ᠳᠤ ᠬᠤᠷᠠᠯᠳᠤᠪᠠ᠃ ᠬᠤᠷᠠᠯ ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠡᠷᠭᠢᠯᠡᠭᠰᠡᠨ ᠪᠦᠬᠦᠯᠢ ᠴᠣᠭᠴᠠ᠎ᠶᠢᠨ ᠪᠠᠢᠳᠠᠯ᠎ᠢ ᠮᠡᠳᠡᠭᠳᠡᠪᠡ᠃ ᠡᠭᠦᠨ᠎ᠤ ᠬᠠᠮᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠣᠯᠣᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠡᠯᠡᠳᠬᠡᠯ ᠲᠥᠯᠦᠪᠵᠢᠭᠦᠯᠭᠡ᠎ᠶᠢ ᠲᠠᠨᠢᠯᠴᠠᠭᠤᠯᠪᠠ᠃
ᠲᠣᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠨᠡᠶ᠋ᠢᠲᠡ 37 ᠶᠡᠬᠡ ᠤᠷᠤᠯᠳᠤᠭᠠᠨ᠎ᠤ ᠵᠦᠢᠯ᠂ 860 ᠪᠠᠭ᠎ᠠ ᠤᠷᠤᠯᠳᠤᠭᠠᠨ᠎ᠤ ᠵᠦᠢᠯ ᠭᠠᠷᠭᠠᠵᠤ᠂ ᠤᠷᠤᠯᠳᠤᠭᠠᠨ᠎ᠳᠤ ᠣᠷᠣᠯᠴᠠᠭᠰᠠᠨ ᠲᠠᠮᠢᠷᠴᠢᠨ 12029᠂ ᠳᠠᠭᠠᠭᠤᠯᠤᠭ᠍ᠴᠢ᠂ ᠲᠠᠰᠬᠠᠯᠵᠢᠭᠤᠯᠤᠭᠴᠢ᠂ ᠠᠵᠢᠯᠲᠠᠨ 2661᠂ ᠬᠢᠨᠠᠭ᠍ᠴᠢ 2013 ᠣᠷᠣᠯᠴᠠᠵᠠᠢ᠃ ᠤᠷᠤᠯᠳᠤᠭᠠᠨ ᠨᠢ 1 ᠰᠠᠷ᠎ᠠ᠎ᠶᠢᠨ 12᠎ᠤ᠋ᠨ ᠡᠳᠦᠷ᠎ᠦᠨ ᠡᠪᠦᠯ᠎ᠦᠨ ᠤᠯᠠᠷᠢᠯ᠎ᠤᠨ ᠤᠷᠤᠯᠳᠤᠭᠠᠨ᠎ᠤ ᠵᠦᠢᠯ᠎ᠡᠴᠡ ᠡᠬᠢᠯᠡᠵᠦ᠂ 8 ᠰᠠᠷ᠎ᠠ᠎ᠳᠤ ᠪᠦᠬᠦᠨ᠎ᠢᠶᠡᠷ᠎ᠢᠶᠡᠨ ᠦᠨᠳᠦᠷᠯᠡᠪᠡ᠃ ᠡᠭᠦᠨ᠎ᠳᠦ 958 ᠠᠯᠲᠠᠨ ᠮᠧᠳᠠᠯ᠂ 937 ᠮᠥᠩᠭᠥᠨ ᠮᠧᠳᠠᠯ᠂ 1056 ᠬᠦᠷᠡᠯ ᠮᠧᠳᠠᠯ ᠰᠢᠯᠭᠠᠷᠠᠭᠤᠯᠪᠠ᠃ ᠡᠭᠦᠨ᠎ᠳᠦ᠂ ᠣᠯᠠᠨ ᠲᠦᠮᠡᠨᠴᠢ ᠳᠤᠭᠤᠢᠯᠠᠩ ᠠ᠋ᠴᠠ ᠨᠡᠶ᠋ᠢᠲᠡ 153 ᠱᠠᠩᠨᠠᠯ᠎ᠤᠨ ᠮᠧᠳᠠᠯ ᠰᠢᠯᠭᠠᠷᠠᠭᠤᠯᠵᠦ᠂ ᠦᠷᠢᠰᠦᠯᠳᠦᠭᠡᠨᠳᠦ ᠤᠷᠤᠯᠳᠤᠭᠠᠨ᠎ᠤ ᠳᠤᠭᠤᠢᠯᠠᠩ ᠠ᠋ᠴᠠ ᠨᠡᠶ᠋ᠢᠲᠡ 2798 ᠱᠠᠩᠨᠠᠯ᠎ᠤᠨ ᠮᠧᠳᠠᠯ ᠰᠢᠯᠭᠠᠷᠠᠭᠤᠯᠵᠠᠢ᠃ ᠫᠤᠤᠳᠠᠯᠭ᠎ᠠ᠂ ᠰᠤᠷ ᠬᠠᠷᠪᠤᠯᠲᠠ᠂ ᠤᠮᠪᠠᠯᠲᠠ᠂ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ 4 ᠵᠦᠢᠯ ᠳᠦ ᠨᠡᠶ᠋ᠢᠲᠡ 60 ᠲᠠᠮᠢᠷᠴᠢᠨ᠂ 45 ᠠᠩᠭᠢ᠂ 137 ᠤᠳᠠᠭ᠎ᠠ 76 ᠵᠦᠢᠯ᠎ᠦᠨ ᠲᠡᠮᠳᠡᠭᠯᠡᠯ ᠢ ᠰᠢᠨᠡᠳᠭᠡᠪᠡ᠃
ᠲᠣᠰ ᠤᠳᠠᠭᠠᠨ᠎ᠤ ᠤᠷᠤᠯᠳᠤᠭᠠᠨ᠎ᠳᠤ ᠪᠤᠭᠤᠲᠤ ᠬᠣᠲᠠ᠎ᠶᠢᠨ ᠲᠣᠰ ᠭᠠᠵᠠᠷ᠎ᠤᠨ ᠰᠤᠷᠭᠠᠭᠤᠯᠢᠪᠠ ᠪᠡᠶ᠎ᠡ᠎ᠶᠢᠨ ᠲᠠᠮᠢᠷ᠎ᠤᠨ ᠤᠷᠳᠤᠨ᠎ᠳᠦ ᠲᠦᠰᠢᠭᠯᠡᠨ ᠪᠠᠷᠢᠮᠵᠢᠶᠠᠵᠢᠭᠤᠯᠤᠭᠰᠠᠨ ᠤᠷᠤᠯᠳᠤᠭᠠᠨ᠎ᠤ ᠲᠠᠯᠠᠪᠤᠷ ᠪᠠ ᠲᠠᠮᠢᠷᠴᠢᠳ᠎ᠤᠨ ᠰᠠᠭᠤᠬᠤ ᠭᠠᠵᠠᠷ᠎ᠢ ᠲᠤᠬᠢᠷᠠᠭᠤᠯᠵᠦ᠂ ᠢᠳᠡᠵᠦ ᠤᠦᠭᠤᠬᠤ ᠬᠣᠨᠣᠵᠤ ᠬᠡᠪᠲᠡᠬᠦ᠂ ᠪᠣᠯᠪᠠᠰᠤᠷᠠᠯ ᠬᠢᠬᠦ᠂ ᠤᠷᠤᠯᠳᠤᠭᠠᠨ᠎ᠢ ᠢᠵᠢ ᠪᠦᠷᠢᠳᠦᠭᠦᠯᠪᠡ᠃ ᠳᠣᠲᠣᠭᠠᠳᠤ᠎ᠶᠢ ᠬᠠᠮᠠᠭᠠᠯᠠᠬᠤ᠂ ᠡᠮ ᠡᠮᠨᠡᠯᠭᠡ᠂ ᠴᠠᠬᠢᠯᠭᠠᠨ ᠬᠦᠴᠦᠨ᠂ ᠪᠠᠴᠢᠮ ᠪᠠᠢᠳᠠᠯ᠎ᠢ ᠠᠷᠭᠠᠴᠠᠭᠠᠬᠤ᠂ ᠣᠷᠴᠢᠨ ᠠᠬᠤᠢ᠎ᠶᠢᠨ ᠬᠠᠮᠠᠭᠠᠯᠠᠯᠲᠠ ᠵᠡᠷᠭᠡ ᠣᠯᠠᠨ ᠰᠠᠯᠠᠭ᠎ᠠ ᠮᠥᠴᠢᠷ᠎ᠦᠳ 24 ᠴᠠᠭ᠎ᠢᠶᠠᠷ ᠵᠢᠵᠢᠭᠦᠷᠯᠡᠨ ᠰᠠᠬᠢᠬᠤ᠎ᠶᠢ ᠬᠡᠷᠡᠭᠵᠢᠭᠦᠯᠵᠦ᠂ ᠲᠦᠷᠭᠡᠨ ᠡᠮᠴᠢᠯᠡᠭᠡᠨ᠎ᠦ ᠠᠪᠤᠷᠠᠨ ᠲᠤᠰᠠᠯᠠᠬᠤ᠂ ᠴᠠᠬᠢᠯᠭᠠᠨ ᠬᠦᠴᠦᠨ᠎ᠦ ᠬᠠᠩᠭᠠᠯᠭ᠎ᠠ᠎ᠶᠢ ᠪᠠᠲᠤᠯᠠᠬᠤ᠂ ᠣᠷᠴᠢᠨ ᠠᠬᠤᠢ᠎ᠶᠢᠨ ᠬᠢᠨᠠᠨ ᠬᠡᠮᠵᠢᠯᠲᠡ ᠵᠡᠷᠭᠡ ᠢᠵᠢ ᠪᠦᠷᠢᠨ ᠪᠠᠲᠤᠯᠠᠭ᠎ᠠ᠎ᠶᠢᠨ ᠰᠢᠰᠲᠧᠮᠵᠢ᠎ᠶᠢ ᠪᠠᠢᠭᠤᠯᠤᠨ᠂ ᠤᠷᠤᠯᠳᠤᠭᠠᠨ᠎ᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠥᠬᠥ ᠲᠠᠯ᠎ᠠ᠎ᠪᠠᠷ ᠪᠡᠬᠢᠵᠢᠭᠦᠯᠦᠭᠰᠡᠨ ᠪᠠᠢᠨ᠎ᠠ᠃
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠨᠢ ᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠡᠬᠢᠯᠡᠯᠲᠡ ᠲᠡᠭᠦᠰᠭᠡᠯ᠎ᠤᠨ ᠶᠣᠰᠣᠯᠠᠯ᠎ᠳᠦ ᠤᠯᠠᠨ ᠲᠦᠮᠡᠨ᠎ᠦ ᠣᠷᠤᠯᠴᠠᠯᠭ᠎ᠠ ᠥᠨᠳᠥᠷ᠂ ᠨᠡᠢᠭᠡᠮ᠎ᠦᠨ ᠲᠤᠰᠬᠠᠯ ᠰᠠᠢᠨ ᠪᠤᠯᠪᠠ᠃ ᠤᠷᠤᠯᠳᠤᠭᠠᠨ᠎ᠤ ᠳᠠᠷᠠᠭ᠎ᠠ᠂ ᠪᠥᠬᠥ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠢ ᠦᠷᠭᠦᠯᠵᠢᠯᠡᠨ ᠰᠦᠢᠳᠬᠡᠯ ᠬᠤᠷᠢᠶᠠᠬᠤ ᠦᠭᠡᠢ ᠪᠤᠶᠤ ᠳᠣᠣᠷ᠎ᠠ ᠰᠦᠢᠳᠬᠡᠯ᠎ᠢᠶᠡᠷ ᠣᠯᠠᠨ ᠨᠡᠶ᠋ᠢᠲᠡ᠎ᠳᠦ ᠬᠠᠨᠲᠤᠭᠤᠯᠤᠨ ᠨᠡᠭᠡᠭᠡᠵᠦ᠂ ᠤᠷᠤᠯᠳᠤᠭᠠᠨ᠎ᠤ ᠨᠡᠢᠭᠡᠮ᠎ᠦᠨ ᠦᠷ᠎ᠡ ᠠᠰᠢᠭ᠋᠎ᠢ ᠬᠠᠮᠤᠭ᠎ᠤᠨ ᠶᠡᠬᠡᠪᠡᠷ ᠪᠠᠳᠠᠷᠠᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠤᠯᠲᠠ᠎ᠶᠢᠨ ᠪᠠᠢᠩᠭᠤ᠎ᠶᠢᠨ ᠬᠥᠭᠵᠢᠯᠲᠡ᠎ᠶᠢ ᠲᠦᠯᠬᠢᠨ ᠠᠬᠢᠭᠤᠯᠬᠤ ᠪᠤᠯᠤᠨ᠎ᠠ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠣᠯᠣᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ ᠤᠨ ᠴᠤᠭᠯᠠᠭᠠᠨ ᠬᠥᠬᠡᠬᠣᠲᠠ᠎ᠳᠦ ᠶᠠᠪᠤᠭᠳᠠᠬᠤ ᠪᠤᠯᠤᠨ᠎ᠠ᠃ ᠢᠷᠡᠬᠦ ᠲᠦᠷᠪᠡᠨ ᠵᠢᠯ᠎ᠳᠦ᠂ ᠬᠥᠬᠡᠬᠣᠲᠠ᠎ᠶᠢᠨ ᠬᠢᠨ ᠠᠷᠪᠠᠨ ᠳᠣᠯᠣᠳᠤᠭᠠᠷ ᠬᠤᠭᠤᠴᠠᠭᠠᠨ᠎ᠤ ᠪᠦᠬᠦ ᠣᠷᠣᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠡᠯ᠎ᠡ ᠵᠦᠢᠯ᠎ᠦᠨ ᠪᠡᠯᠡᠳᠬᠡᠯ ᠠᠵᠢᠯ᠎ᠢ ᠪᠦᠬᠦ ᠲᠠᠯ᠎ᠠ᠎ᠪᠠᠷ ᠡᠬᠢᠯᠡᠭᠦᠯᠵᠦ᠂ ᠲᠠᠯᠠᠪᠠᠢ ᠣᠷᠳᠣᠨ᠎ᠢ ᠳᠡᠰ ᠳᠡᠪᠰᠢᠭᠦᠯᠬᠦ᠂ ᠤᠷᠤᠯᠳᠤᠭᠠᠨ᠎ᠤ ᠶᠠᠪᠤᠳᠠᠯ᠎ᠢ ᠵᠣᠬᠢᠶᠠᠨ ᠪᠠᠶ᠋ᠢᠭᠤᠯᠬᠤ᠂ ᠦᠢᠯᠡᠴᠢᠯᠡᠭᠡ᠎ᠶᠢ ᠪᠠᠲᠤᠯᠠᠬᠤ᠂ ᠰᠣᠶᠣᠯ ᠵᠢᠭᠤᠯᠴᠢᠯᠠᠯ᠎ᠢ ᠬᠣᠯᠪᠣᠯᠳᠤᠭᠤᠯᠬᠤ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠨᠠᠷᠢᠯᠢᠭ᠍ᠵᠢᠭᠤᠯᠵᠤ᠂ ᠪᠦᠬᠦ ᠣᠷᠣᠨ ᠤ ᠥᠨᠳᠥᠷ ᠪᠠᠷᠢᠮᠵᠢᠶ᠎ᠠ᠎ᠲᠠᠢ᠂ ᠴᠢᠨᠠᠷ ᠰᠠᠢᠲᠠᠢ᠂ ᠥᠪᠡᠷᠮᠢᠴᠡ ᠣᠨᠴᠠᠯᠢᠭ᠋᠎ᠲᠠᠢ ᠪᠡᠶ᠎ᠡ ᠶᠢᠨ ᠲᠠᠮᠢᠷ᠎ᠤᠨ ᠦᠪᠡᠳᠡᠭᠰᠢ ᠴᠤᠭᠯᠠᠭᠠᠨ ᠢ ᠪᠦᠬᠦ ᠬᠦᠴᠦᠨ᠎ᠢᠶᠡᠷ᠎ᠢᠶᠡᠨ ᠴᠣᠭᠴᠠᠯᠠᠬᠤᠪᠤᠯᠤᠨᠠ᠃