ᠪᠦᠬᠦ᠌ ᠣᠷᠣᠨ᠎ᠤ ᠨᠡᠶ᠋ᠢᠭᠡᠮ᠎ᠦᠨ ᠠᠪᠤᠷᠠᠨ ᠲᠤᠰᠠᠯᠠᠬᠤ ᠴᠢᠨᠠᠷ ᠰᠠᠶ᠋ᠢᠲᠠᠶ ᠬᠥᠭᠵᠢᠯᠲᠡ᠎ᠶᠢᠨ ᠪᠣᠯᠪᠠᠰᠤᠷᠠᠯ ᠬᠦᠬᠡᠬᠤᠳᠠ᠎ᠳᠤ ᠶᠠᠪᠤᠭᠳᠠᠵᠠᠢ
2026-08-17 11:18:53
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠥᠬᠡᠬᠣᠲᠠ᠎ᠳᠤ ᠪᠥᠬᠥ᠌ ᠣᠷᠣᠨ᠎ᠤ ᠨᠡᠶ᠋ᠢᠭᠡᠮ᠎ᠦᠨ ᠠᠪᠤᠷᠠᠨ ᠲᠤᠰᠠᠯᠠᠬᠤ ᠴᠢᠨᠠᠷ ᠰᠠᠶ᠋ᠢᠲᠠᠶ ᠬᠥᠭᠵᠢᠯᠲᠡ᠎ᠶᠢᠨ ᠪᠣᠯᠪᠠᠰᠤᠷᠠᠯ᠎ᠤᠨ ᠠᠩᠭᠢ ᠡᠷᠭᠢᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠦᠨ ᠠᠪᠤᠷᠠᠨ ᠲᠤᠰᠠᠯᠠᠬᠤ ᠬᠠᠤᠯᠢ》 ᠵᠢ ᠤᠬᠠᠭᠤᠯᠤᠨ ᠨᠠᠶ᠋ᠢᠳᠠᠪᠤᠷᠢᠵᠢᠭᠤᠯᠵᠤ᠂ ᠪᠥᠬᠥ᠌ ᠣᠷᠣᠨ᠎ᠤ ᠨᠡᠶ᠋ᠢᠭᠡᠮ᠎ᠦᠨ ᠠᠪᠤᠷᠠᠨ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ᠌ ᠪᠠ ᠲᠤᠬᠠᠶ᠋ᠢᠯᠠᠭᠰᠠᠨ ᠠᠵᠢᠯ᠎ᠢ ᠭᠠᠷᠲᠠᠨ ᠭᠦᠢᠴᠡᠳᠬᠡᠬᠦ᠌ ᠴᠢᠳᠠᠪᠤᠷᠢ᠎ᠶᠢ ᠪᠥᠬᠥ᠌ ᠲᠠᠯ᠎ᠠ᠎ᠪᠠᠷ ᠳᠡᠭᠡᠭᠰᠢᠯᠡᠭᠦᠯᠵᠦ᠍᠂ ᠨᠡᠶ᠋ᠢᠭᠡᠮ᠎ᠦᠨ ᠠᠪᠤᠷᠠᠨ ᠲᠤᠰᠠᠯᠠᠬᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠤ ᠦᠷ᠎ᠡ ᠠᠰᠢᠭ᠎ᠢ ᠨᠡᠮᠡᠭᠳᠡᠭᠦᠯᠬᠦ᠌᠂ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠪᠠ᠃

ᠪᠣᠯᠪᠠᠰᠤᠷᠠᠯ᠎ᠳᠤ ᠲᠤᠰᠬᠠᠶ ᠰᠡᠳᠦᠪ᠎ᠢᠶᠡᠷ ᠬᠢᠴᠢᠶᠡᠯᠯᠠᠬᠦ᠂ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠬᠢᠬᠦ᠌᠂ ᠳᠤᠭᠤᠶ᠋ᠢᠯᠠᠩ ᠬᠤᠪᠢᠶᠠᠨ ᠰᠤᠳᠤᠯᠤᠨ ᠶᠠᠷᠢᠯᠴᠠᠬᠤ ᠵᠡᠷᠭᠡ ᠭᠣᠭᠴᠣᠭ᠎ᠠ᠎ᠶᠢ ᠳᠣᠭᠢᠷᠠᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠲᠤᠰᠬᠠᠶ ᠮᠡᠷᠭᠡᠵᠢᠯᠲᠡᠨ᠎ᠢ ᠤᠷᠢᠵᠤ ᠨᠡᠶ᠋ᠢᠭᠡᠮ᠎ᠦᠨ ᠠᠪᠤᠷᠠᠨ ᠲᠤᠰᠠᠯᠠᠬᠤ ᠬᠠᠤᠯᠢ᠎ᠶᠢᠨ ᠬᠥᠭᠵᠢᠯᠲᠡ᠎ᠶᠢᠨ ᠥᠩᠭᠡᠷᠡᠯᠲᠡ᠂ ᠲᠦᠷᠢᠮ᠎ᠦᠨ ᠬᠢᠯᠠᠰ ᠴᠡᠭ ᠵᠢᠴᠢ ᠭᠤᠤᠯᠳᠠᠯᠭ᠎ᠠ᠎ᠲᠠᠶ ᠠᠵᠢᠯ᠎ᠤᠨ ᠴᠢᠭᠯᠡᠯ᠎ᠦᠨ ᠲᠣᠭᠣᠷᠢᠨ᠎ᠳᠤ ᠲᠤᠰᠬᠠᠶ ᠰᠡᠳᠦᠪ᠎ᠢᠶᠡᠷ ᠲᠠᠶ᠋ᠢᠯᠤᠮᠵᠢ ᠬᠢᠯᠭᠡᠪᠡ᠃ ᠨᠡᠢᠭᠡᠮ᠎ᠦᠨ ᠠᠪᠤᠷᠠᠨ ᠲᠤᠰᠠᠯᠠᠬᠤ ᠭᠠᠵᠠᠷ᠎ᠦᠨ  ᠠᠵᠢᠯᠳᠠᠨ ᠡᠴᠡ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌ ᠠᠵᠢᠯ᠂ 《ᠦᠪᠦᠷ ᠮᠤᠨᠭᠭᠤᠯ᠎ᠦᠨ ᠦᠪᠡᠷᠳᠡᠭᠡᠨ ᠵᠠᠰᠠᠬᠤ ᠤᠷᠤᠨ᠎ᠤ ᠲᠦᠷ ᠴᠠᠭ᠎ᠦᠨ ᠠᠪᠤᠷᠠᠨ ᠲᠤᠰᠠᠯᠠᠬᠤ ᠠᠵᠢᠯᠯᠠᠭᠠᠨ᠎ᠤ ᠲᠦᠷᠢᠮ》᠂ 《ᠲᠦᠷᠦ ᠵᠢᠨ ᠪᠤᠳᠤᠯᠭ᠎ᠠ ᠵᠢᠨ ᠨᠠᠷᠢᠨ ᠲᠠᠨᠭᠰᠠ》᠂ ᠨᠡᠢᠭᠡᠮ᠎ᠦᠨ ᠠᠪᠤᠷᠠᠨ ᠲᠤᠰᠠᠯᠠᠬᠤ ᠲᠥᠷᠥ᠎ᠶᠢᠨ ᠪᠣᠳᠣᠯᠭ᠎ᠠ᠎ᠵᠢ ᠵᠢᠷᠤᠮᠵᠢᠭᠤᠯᠤᠨ ᠨᠠᠢᠳᠠᠪᠤᠷᠢᠵᠢᠭᠤᠯᠬᠤ᠂ ᠬᠡᠷ ᠪᠦᠯᠢ᠎ᠶᠢᠨ ᠠᠵᠤ ᠠᠬᠤᠶ᠎ᠶᠢᠨ ᠪᠠᠶ᠋ᠢᠳᠠᠯ᠎ᠢ ᠬᠠᠷᠭᠤᠭᠤᠯᠬᠤ᠂ ᠨᠡᠢᠭᠡᠮ᠎ᠦᠨ ᠠᠪᠤᠷᠠᠨ ᠲᠤᠰᠠᠯᠠᠬᠤ ᠵᠠᠬᠢᠳᠠᠯ ᠰᠤᠷᠪᠤᠯᠵᠢᠯᠠᠯ᠎ᠦᠨ ᠠᠵᠢᠯ᠂ ᠨᠡᠢᠭᠡᠮ᠎ᠦᠨ ᠠᠪᠤᠷᠠᠨ ᠲᠤᠰᠠᠯᠠᠬᠤ ᠬᠥᠳᠡᠯᠦᠩᠭᠦᠶ ᠬᠢᠨᠠᠨ ᠰᠢᠨᠵᠢᠬᠦ᠌ ᠮᠡᠳᠡᠭᠡ ᠵᠠᠨᠭᠬᠢ ᠵᠢᠨ ᠲᠠᠪᠴᠠᠩ᠎ᠢ ᠬᠡᠷᠡᠭᠯᠡᠬᠦ ᠵᠢᠴᠢ ᠬᠦᠴᠢᠷᠳᠡᠯᠳᠠᠢ ᠤᠯᠠᠨ ᠲᠦᠮᠡᠨ᠎ᠢ ᠠᠪᠤᠷᠠᠨ ᠲᠤᠰᠠᠯᠠᠬᠤ ᠲᠠᠯ᠎ᠠ ᠪᠡᠷ ᠬᠦᠷᠦᠯᠴᠡᠬᠦ ᠦᠭᠡᠢ ᠪᠠᠢᠬᠤ ᠪᠠᠢᠳᠠᠯ ᠵᠡᠷᠭᠡ ᠭᠤᠤᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠬᠠᠶ᠋ᠢᠯᠠᠭᠰᠠᠨ ᠠᠵᠢᠯ᠎ᠤᠨ ᠲᠠᠶ᠋ᠢᠯᠤᠮᠵᠢ ᠬᠢᠪᠠ᠃

ᠡᠯ᠎ᠡ ᠠᠶ᠋ᠢᠮᠠᠭ ᠬᠣᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶᠢᠨ ᠬᠤᠪᠢᠳᠠᠨ ᠬᠠᠮᠢᠶᠠᠷᠴᠤ᠌ ᠪᠠᠶ᠋ᠢᠭ᠎ᠠ ᠬᠠᠷᠢᠭᠤᠴᠠᠯᠭᠠᠲᠠᠨ᠂ ᠨᠡᠶ᠋ᠢᠭᠡᠮ᠎ᠦᠨ ᠠᠪᠤᠷᠠᠨ ᠲᠤᠰᠠᠯᠠᠬᠤ ᠠᠵᠢᠯ᠎ᠤᠨ ᠰᠠᠯᠠᠭ᠎ᠠ ᠲᠠᠰᠤᠭ᠎ᠤᠨ ᠭᠤᠤᠯᠯᠠᠭᠴᠢ ᠬᠦᠴᠦᠨ ᠵᠡᠷᠭᠡ 50 ᠭᠠᠷᠤᠶ ᠺᠠᠳ᠋ᠷ ᠠᠵᠢᠯᠳᠠᠨ ᠲᠣᠰ ᠤᠳᠠᠭᠠᠨ᠎ᠤ ᠪᠣᠯᠪᠠᠰᠤᠷᠠᠯ᠎ᠳᠤ ᠣᠷᠣᠯᠴᠠᠪᠠ᠃ ᠪᠣᠯᠪᠠᠰᠤᠷᠠᠯ᠎ᠳᠤ ᠣᠷᠣᠯᠴᠠᠭᠰᠠᠳ ᠡᠴᠡ ᠰᠢᠰᠲ᠋ᠧᠮ᠎ᠲᠡᠶ ᠰᠤᠷᠤᠯᠴᠠᠯᠭ᠎ᠠ᠎ᠪᠠᠷ ᠳᠠᠮᠵᠢᠨ ᠲᠥᠷᠥ᠎ᠶᠢᠨ ᠪᠣᠳᠣᠯᠭ᠎ᠠ᠎ᠶᠢᠨ ᠣᠨᠣᠯ᠎ᠤᠨ ᠰᠠᠭᠤᠷᠢ᠎ᠶᠢ ᠤᠯᠠᠮ ᠨᠢᠭᠡ ᠠᠯᠬᠤᠮ ᠪᠡᠬᠢᠵᠢᠭᠦᠯᠵᠦ᠍᠂ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌ ᠱᠠᠭᠠᠷᠳᠠᠯᠭ᠎ᠠ᠎ᠶᠢ ᠲᠣᠳᠣᠷᠬᠠᠶ᠋ᠢᠯᠠᠨ᠂ ᠬᠣᠶ᠋ᠢᠰᠢᠳᠠ᠎ᠶᠢᠨ ᠦᠨᠳᠦᠰᠦᠨ ᠵᠦᠢᠯ᠎ᠢ ᠪᠠᠲᠤᠯᠠᠬᠤ ᠲᠥᠷᠥ᠎ᠶᠢᠨ ᠪᠣᠳᠣᠯᠭ᠎ᠠ᠎ᠶᠢ ᠨᠠᠷᠢᠯᠢᠭ ᠤᠨᠤᠴᠠᠳᠠᠢ᠎ᠪᠠᠷ ᠨᠠᠶ᠋ᠢᠳᠠᠪᠤᠷᠢᠵᠢᠭᠤᠯᠵᠤ᠂ ᠠᠪᠤᠷᠠᠨ ᠲᠤᠰᠠᠯᠠᠬᠤ᠎ᠶᠢ ᠭᠠᠷᠲᠠᠨ ᠭᠦᠢᠴᠡᠳᠬᠡᠬᠦ᠌ ᠶᠠᠪᠤᠴᠠ᠎ᠶᠢ ᠵᠢᠷᠤᠮᠵᠢᠭᠤᠯᠤᠨ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠡᠷᠬᠡ ᠠᠰᠢᠭ᠎ᠢ ᠦᠨᠡᠨ ᠬᠦ᠌ ᠬᠠᠮᠠᠭᠠᠯᠠᠬᠤ᠎ᠳᠤ ᠪᠠᠲᠤ᠌ ᠪᠠᠬᠢ ᠰᠠᠭᠤᠷᠢ᠎ᠶᠢ ᠲᠠᠯᠪᠢᠵᠤ ᠥᠭᠬᠦᠨ᠎ᠠ ᠬᠡᠵᠤ ᠢᠯᠡᠷᠭᠡᠢᠯᠡᠵᠡᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号