ᠦᠪᠦᠷ ᠮᠤᠩᠭᠤᠯ ᠬᠢᠭᠡᠳ ᠰᠢᠶᠠᠩᠭᠠᠩ᠎ᠤᠨ ᠳᠤᠮᠳᠠᠳᠤ ᠰᠤᠷᠭᠠᠭᠤᠯᠢ᠎ᠶᠢᠨ ᠰᠤᠷᠤᠭᠴᠢᠳ ᠰᠣᠶᠣᠯ ᠤᠷᠠᠯᠢᠭ᠎ᠤᠨ ᠰᠣᠯᠢᠯᠴᠠᠭ᠎ᠠ ᠬᠢᠪᠡ
2026-08-17 11:15:31
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠠᠵᠢᠯ᠎ᠤᠨ ᠵᠦᠪᠯᠡᠯ ᠡᠴᠡ ᠵᠢᠭᠠᠨ ᠵᠢᠯᠣᠭᠣᠳᠴᠤ᠂ ᠬᠦᠬᠡᠬᠣᠲᠠ᠎ᠶᠢᠨ ᠪᠠᠭᠠᠴᠤᠳ᠎ᠤᠨ ᠠᠵᠢᠯ᠎ᠤᠨ ᠵᠥᠪᠯᠡᠯ ᠡᠴᠡ ᠭᠤᠤᠯᠯᠠᠨ ᠡᠷᠬᠢᠯᠡᠭᠰᠡᠨ 《ᠰᠡᠳᠬᠢᠯ᠎ᠢᠶᠡᠨ ᠬᠣᠯᠪᠣᠵᠤ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌》 ᠥᠪᠥᠷ ᠮᠣᠩᠭᠣᠯ ᠰᠢᠶᠠᠩᠭᠠᠩ᠎ᠤᠨ ᠳᠤᠮᠳᠠᠳᠤ ᠰᠤᠷᠭᠠᠭᠤᠯᠢ᠎ᠶᠢᠨ ᠰᠤᠷᠤᠭᠴᠢᠳ᠎ᠤᠨ ᠰᠣᠶᠣᠯ ᠤᠷᠠᠯᠢᠭ᠎ᠤᠨ ᠰᠣᠯᠢᠯᠴᠠᠭᠠᠨ᠎ᠤ ᠠᠵᠢᠯᠯᠠᠭ᠎ᠠ ᠠᠮᠵᠢᠯᠲᠠ᠎ᠲᠠᠶ ᠶᠠᠪᠤᠭᠳᠠᠪᠠ᠂ ᠰᠢᠶᠠᠩᠭᠠᠩ ᠪᠣᠯᠤᠨ ᠬᠥᠬᠡᠬᠣᠲᠠ᠎ᠵᠢᠨ 100 ᠪᠠᠭᠰᠢ ᠰᠤᠷᠤᠭᠴᠢ  ᠬᠦᠬᠡᠬᠤᠳᠠ ᠳ᠋ᠦ ᠴᠤᠭᠯᠠᠷᠠᠵᠦ᠂ ᠰᠣᠶᠣᠯ᠎ᠢᠶᠠᠷ ᠬᠥᠭᠥᠷᠭᠡ ᠪᠣᠯᠭᠠᠨ᠂ ᠤᠷᠠᠯᠢᠭ᠎ᠢᠶᠠᠷ ᠵᠠᠭᠤᠴᠢ ᠪᠣᠯᠭᠠᠵᠤ᠂ ᠭᠠᠷ ᠬᠣᠯᠪᠣᠯᠴᠠᠨ ᠡᠭᠡ ᠤᠯᠤᠰ᠎ᠤᠨ ᠡᠮᠦᠨᠡᠲᠦ᠍ ᠤᠮᠠᠷᠠᠲᠤ ᠤᠷᠤᠨ᠎ᠤ ᠵᠠᠯᠠᠭᠤᠴᠤᠳ᠎ᠤᠨ ᠰᠤᠯᠢᠯᠴᠠᠭ᠎ᠠ ᠵᠢ ᠦᠷᠨᠢᠭᠦᠯᠪᠡ᠃

ᠠᠵᠢᠯᠯᠠᠭ᠎ᠠ᠎ᠶᠢᠨ ᠲᠤᠬᠠᠶ᠎ᠶᠢᠨ ᠲᠠᠯᠠᠪᠠᠶ᠎ᠳᠤ᠂ ᠬᠣᠶᠠᠷ ᠭᠠᠵᠠᠷ᠎ᠤᠨ ᠪᠠᠭᠰᠢ ᠰᠤᠷᠤᠭᠴᠢᠳ ᠰᠣᠶᠣᠯ᠎ᠢᠶᠠᠷ ᠬᠣᠯᠪᠣᠭᠠᠰᠤ ᠪᠣᠯᠭᠠᠨ ᠣᠯᠠᠨ ᠡᠰᠢᠲᠦ᠍ ᠰᠣᠯᠢᠯᠴᠠᠭ᠎ᠠ ᠥᠷᠨᠢᠭᠦᠯᠪᠡ᠃ ᠰᠢᠶᠠᠩᠭᠠᠩ᠎ᠤᠨ ᠰᠤᠷᠤᠭᠴᠢᠳ ᠰᠢᠶᠠᠩᠭᠠᠩ᠎ᠤᠨ ᠰᠣᠶᠣᠯ ᠵᠢᠭᠤᠯᠴᠢᠯᠠᠯ᠎ᠤᠨ ᠣᠨᠴᠠᠯᠢᠭ᠂ ᠢᠳᠡᠭᠡᠨ ᠤᠮᠳᠠᠭᠠᠨ᠎ᠤ ᠰᠣᠶᠣᠯ᠎ᠢ ᠬᠤᠪᠢᠶᠠᠯᠴᠠᠪᠠ;ᠨᠠᠶ᠋ᠢᠷᠠᠯ ᠳᠠᠭᠤᠤ᠎ᠶᠢᠨ ᠪᠦᠯᠬᠦᠮ ᠪᠤᠯᠤᠨ ᠪᠠᠭᠰᠢ ᠰᠤᠷᠤᠭᠴᠢᠳ ᠬᠠᠮᠲᠤᠷᠠᠨ 《ᠠᠯᠢᠮ᠎ᠠ᠎ᠶᠢᠨ ᠴᠡᠴᠡᠭ ᠳᠡᠯᠭᠡᠷᠡᠪᠡ》᠂ 《ᠬᠤᠨ ᠭᠠᠯᠠᠭᠤ》᠂ 《ᠪᠢ ᠡᠬᠡ ᠤᠯᠤᠰ᠎ᠲᠠᠶ᠎ᠪᠠᠨ》 ᠵᠡᠷᠭᠡ ᠳᠠᠭᠤᠤ᠎ᠶᠢ ᠳᠠᠭᠤᠯᠠᠵᠤ᠂ ᠢᠷᠠᠭᠤ ᠰᠠᠶ᠋ᠢᠬᠠᠨ ᠳᠠᠭᠤᠤ᠎ᠪᠠᠷ ᠤᠯᠤᠰ ᠵᠢᠡᠨ ᠬᠠᠢᠷᠠᠯᠠᠬᠤ ᠬᠠᠶ᠋ᠢᠷ᠎ᠠ ᠰᠡᠳᠬᠢᠯᠭᠡ᠎ᠶᠢ ᠳᠠᠮᠵᠢᠭᠤᠯᠪᠠ; ᠪᠣᠳᠠᠰ᠎ᠤᠨ ᠪᠤᠰᠤ ᠰᠣᠶᠣᠯ᠎ᠤᠨ ᠥᠪ᠎ᠪᠤᠯᠬᠤ ᠵᠡᠰ ᠰᠡᠢᠯᠤᠮᠠᠯ᠎ᠢ ᠲᠠᠭᠤᠷᠢᠶᠠᠵᠤ ᠬᠢᠬᠦ ᠵᠢ ᠰᠤᠳᠤᠯᠤᠨ ᠰᠤᠷᠤᠯᠴᠠᠬᠤ᠂ ᠰᠢᠶᠠᠩᠭᠠᠩ ᠮᠠᠶᠢᠭ᠎ᠤᠨ ᠰᠦ᠋᠎ᠲᠡᠶ ᠴᠠᠶ ᠴᠢᠯᠡᠬᠦ᠂ ᠥᠪᠥᠷ ᠮᠣᠩᠭᠣᠯ ᠰᠢᠶᠠᠩᠭᠠᠩ᠎ᠤᠨ ᠣᠨᠴᠠᠯᠢᠭᠲᠤ᠌ ᠠᠮᠲᠠᠲᠤ᠌ ᠢᠳᠡᠭᠡᠨ᠎ᠢ ᠠᠮᠲᠠᠯᠠᠬᠤ ᠵᠡᠷᠭᠡ᠎ᠨᠢ ᠰᠢᠶᠠᠩᠭᠠᠩ᠎ᠤᠨ ᠪᠠᠭᠰᠢ ᠰᠤᠷᠤᠭᠴᠢᠳ᠎ᠲᠤ᠌ ᠬᠥᠬᠡᠬᠣᠲᠠ᠎ᠶᠢᠨ ᠥᠪᠡᠷᠮᠢᠴᠡ ᠣᠨᠴᠠᠯᠢᠭ᠎ᠲᠠᠶ ᠤᠷᠠᠯᠢᠬ ᠵᠠᠩ ᠦᠢᠯᠡ ᠪᠣᠯᠤᠨ ᠲᠠᠯ᠎ᠠ ᠨᠤᠲᠤᠭ᠎ᠤᠨ ᠰᠣᠶᠣᠯ᠎ᠤᠨ ᠥᠷᠭᠡᠨ ᠠᠭᠤᠳᠠᠮ᠎ᠢ ᠮᠡᠳᠡᠷᠡᠭᠦᠯᠪᠡ᠃ ᠰᠣᠯᠢᠯᠴᠠᠭᠠᠨ᠎ᠤ ᠶᠠᠷᠢᠯᠴᠠᠬᠤ ᠬᠤᠷᠠᠯ ᠳᠡᠭᠡᠷ᠎ᠡ ᠬᠣᠶᠠᠷ ᠭᠠᠵᠠᠷ᠎ᠤᠨ ᠰᠤᠷᠤᠭᠴᠢᠳ ᠰᠤᠷᠤᠯᠴᠠᠯᠭ᠎ᠠ ᠠᠮᠢᠳᠤᠷᠠᠯ᠎ᠤᠨ ᠲᠤᠬᠠᠶ ᠴᠢᠯᠦᠭᠡᠳᠡᠢ ᠶᠠᠷᠢᠯᠴᠠᠭᠰᠠᠨ ᠪᠥᠭᠡᠳ ᠬᠠᠷᠢᠯᠴᠠᠨ ᠳᠤᠷᠠᠰᠬᠠᠯ᠎ᠤᠨ ᠪᠣᠳᠠᠰ ᠵᠢᠠᠨ ᠪᠡᠯᠡᠭᠯᠡᠪᠡ᠃

ᠲᠣᠰ ᠤᠳᠠᠭ᠎ᠠ᠎ᠶᠢᠨ ᠰᠣᠯᠢᠯᠴᠠᠭ᠎ᠠ ᠨᠢ ᠤᠷᠠᠯᠢᠭ᠎ᠢᠶᠠᠷ ᠬᠥᠭᠥᠷᠭᠡ ᠪᠣᠯᠭᠠᠵᠤ᠂ ᠬᠣᠶᠠᠷ ᠭᠠᠵᠠᠷ᠎ᠤᠨ ᠰᠣᠶᠣᠯ᠎ᠤᠨ ᠬᠤᠤᠰ ᠴᠢᠭᠯᠡᠯᠲᠦ᠍ ᠠᠭᠤᠰᠤᠯᠴᠠᠯ᠎ᠢ ᠠᠬᠢᠭᠤᠯᠵᠤ᠂ ᠥᠪᠥᠷ ᠮᠣᠩᠭᠣᠯ ᠰᠢᠶᠠᠩᠭᠠᠩ᠎ᠤᠨ ᠵᠠᠯᠠᠭᠤᠴᠤᠳ ᠪᠠᠭᠠᠴᠤᠳ᠎ᠤᠨ ᠣᠶ᠋ᠢᠯᠠᠭᠠᠯᠴᠠᠭ᠎ᠠ᠎ᠪᠠᠨ ᠭᠦᠨᠵᠡᠭᠡᠶ᠋ᠢᠷᠡᠭᠦᠯᠬᠦ᠌᠂ ᠬᠠᠮᠲᠤ᠎ᠶᠢᠨ ᠲᠠᠨᠢᠯᠲᠠ᠎ᠪᠠᠨ ᠨᠡᠮᠡᠭᠳᠡᠭᠦᠯᠬᠦ᠌᠂ ᠤᠯᠤᠰ ᠬᠡᠷ᠎ᠦᠨ ᠬᠠᠶ᠋ᠢᠷ᠎ᠠ ᠰᠡᠳᠬᠢᠯᠭᠡ᠎ᠪᠡᠨ ᠵᠤᠵᠠᠭᠠᠳᠬᠠᠬᠤ᠎ᠶᠢ ᠠᠬᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号