ᠡᠳᠡᠭᠡᠷ ᠭᠡᠷ᠎ᠦᠨ ᠡᠳ᠋ᠯᠡᠯ ᠬᠡᠷᠡᠭᠰᠡᠯ᠎ᠢ ᠬᠤᠳᠠᠯᠳᠤᠵᠦ ᠠᠪᠤᠪᠠᠯ ᠨᠥᠬᠥᠪᠦᠷᠢ ᠣᠯᠭᠣᠨ᠎ᠡ
2026-08-17 11:33:15
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠪᠠᠭᠤᠯᠭᠠᠵᠦ᠂ ᠪᠥᠬᠥ ᠣᠷᠣᠨ᠎ᠤ ᠬᠡᠪᠴᠢᠶᠡᠨ᠎ᠳᠤ ᠣᠶᠤᠨᠴᠢ ᠭᠡᠷ᠎ᠦᠨ ᠡᠳ᠋ᠯᠡᠯ ᠬᠡᠷᠡᠭᠰᠡᠯ ᠪᠠ ᠨᠠᠰᠤᠲᠠᠢᠴᠤᠳ᠎ᠲᠤ ᠲᠣᠬᠢᠷᠠᠬᠤ ᠭᠡᠷ᠎ᠦᠨ ᠡᠳ᠋ᠯᠡᠯ ᠬᠡᠷᠡᠭᠰᠡᠯ᠎ᠢ ᠰᠢᠨ᠎ᠠ ᠪᠡᠷ ᠬᠤᠳᠠᠯᠳᠤᠨ ᠠᠪᠬᠤ᠎ᠳᠦ ᠨᠥᠬᠥᠪᠦᠷᠢ ᠣᠯᠭᠣᠬᠤ ᠠᠵᠢᠯᠯᠠᠭ᠎ᠠ ᠥᠷᠨᠢᠭᠦᠯᠵᠦ ᠡᠬᠢᠯᠡᠭᠰᠡᠨ᠎ᠢ ᠮᠡᠳᠡᠭᠳᠡᠪᠡ᠃

ᠲᠤᠰ ᠨᠥᠬᠥᠪᠦᠷᠢ᠎ᠶᠢ ᠮᠠᠨ᠎ᠤ ᠣᠷᠣᠨ᠎ᠤ ᠬᠡᠪᠴᠢᠶᠡᠨ ᠳᠣᠲᠣᠷᠠᠬᠢ ᠬᠡᠷᠡᠭᠯᠡᠭᠴᠢᠳ ᠲᠸ᠋ ᠬᠠᠨᠳᠤᠭᠤᠯᠵᠤ᠂ ᠡᠬᠦᠨ᠎ᠳᠦ ᠨᠠᠰᠤᠲᠠᠢᠴᠤᠳ᠎ᠲᠤ ᠬᠠᠨᠳᠤᠭᠤᠯᠤᠭᠰᠠᠨ ᠨᠦᠬᠦᠪᠦᠷᠢ ᠵᠢ ᠵᠥᠪᠬᠡᠨ ᠣᠷᠣᠨ᠎ᠤ ᠳᠣᠲᠣᠷ᠎ᠠ ᠪᠠᠢᠩᠭᠤ ᠰᠠᠭᠤᠳᠠᠭ᠂ ᠪᠦᠬᠦᠯᠢ 60 ᠨᠠᠰᠤ ᠬᠦᠷᠦᠭᠰᠡᠨ ᠬᠥᠮᠥᠰ ᠭᠤᠶᠤᠴᠢᠯᠠᠨ ᠠᠪᠴᠦ ᠪᠤᠯᠤᠨ᠎ᠠ᠃

ᠣᠶᠤᠨᠴᠢ ᠭᠡᠷ᠎ᠦᠨ ᠡᠳ᠋ᠯᠡᠯ ᠬᠡᠷᠡᠭᠰᠡᠯ᠎ᠳᠦ ᠱᠠᠯᠠ ᠱᠦᠭᠦᠷᠳᠡᠬᠦ ᠮᠠᠰᠢᠨ᠂ ᠣᠲᠣᠭ᠎ᠠ ᠰᠣᠷᠣᠬᠤ ᠮᠠᠰᠢᠨ᠂ ᠰᠢᠲᠠᠮᠠᠬᠠᠢ ᠬᠡᠢ᠎ᠶᠢᠨ ᠵᠤᠤᠬ᠎ᠠ᠂ ᠠᠶᠠᠭ᠎ᠠ ᠤᠬᠢᠶᠠᠬᠤ ᠮᠠᠰᠢᠨ᠂ ᠤᠰᠤ ᠴᠡᠪᠡᠷᠰᠢᠭᠦᠯᠬᠦ ᠮᠠᠰᠢᠨ᠂ ᠣᠶᠤᠨᠴᠢ ᠵᠣᠷᠯᠣᠩ ᠵᠡᠷᠭᠡ 6 ᠲᠥᠷᠥᠯ ᠪᠠᠭᠲᠠᠨ᠎ᠠ᠃ ᠨᠠᠰᠤᠲᠠᠢᠴᠤᠳ᠎ᠲᠤ ᠲᠣᠬᠢᠷᠠᠬᠤ ᠭᠡᠷ᠎ᠦᠨ ᠡᠳ᠋ᠯᠡᠯ ᠬᠡᠷᠡᠭᠰᠡᠯ᠎ᠳᠦ ᠬᠦᠴᠢᠯᠲᠥ᠋ᠷᠥᠭᠴᠢ ᠠᠮᠢᠰᠬᠤᠬᠤ ᠮᠠᠰᠢᠨ᠂ ᠰᠣᠨᠣᠰᠤᠭᠤᠷ᠂ ᠤᠶᠤᠨᠴᠢ ᠪᠦᠯᠡᠵᠡᠭ᠂ ᠤᠢᠴᠢᠬᠤ᠎ᠵᠢ ᠬᠢᠨᠠᠨ ᠦᠵᠡᠬᠦ ᠮᠠᠰᠢᠨ ᠵᠡᠷᠭᠡ 4 ᠲᠥᠷᠥᠯ᠎ᠦᠨ ᠦᠢᠯᠡᠳᠬᠦᠨ ᠪᠠᠭᠲᠠᠨ᠎ᠠ᠃

ᠪᠣᠳᠠᠲᠠᠢ ᠬᠤᠳᠠᠯᠳᠤᠬᠤ ᠦᠨ᠎ᠡ᠎ᠶᠢᠨ 15%᠎ᠪᠠᠷ ᠨᠥᠬᠥᠪᠦᠷᠢ᠎ᠦᠭᠴᠦ᠂ ᠬᠥᠮᠥᠨ ᠨᠢᠭᠡᠪᠦᠷᠢ᠎ᠳᠦ ᠲᠥᠷᠥᠯ ᠪᠦᠷᠢ ᠡᠴᠡ ᠨᠢᠭᠡ ᠦᠢᠯᠡᠳᠭᠦᠨ᠎ᠳᠦ ᠨᠦᠬᠦᠪᠦᠷᠢ ᠦᠬᠬᠦ ᠪᠡᠷ ᠬᠢᠵᠠᠭᠠᠷᠯᠠᠵᠤ᠂ ᠭᠠᠭᠴᠠ ᠦᠢᠯᠡᠳᠭᠦᠨ᠎ᠳᠦ ᠬᠠᠮᠤᠭ᠎ᠤᠨ ᠥᠨᠳᠥᠷ ᠲᠡᠭᠡᠨ 1500 ᠲᠥᠭᠥᠷᠢᠭ᠎ᠤᠨ ᠨᠦᠬᠦᠪᠦᠷᠢ ᠦᠭᠬᠦᠨ᠎ᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号